| 1 ᠰᠠᠷ᠎ᠠ ᠶᠢᠨ 18 ᠤ ᠦᠳᠡ ᠶᠢᠨ ᠬᠤᠶᠢᠨ᠎ᠠ᠂ ᠤᠯᠤᠰ ᠲᠦᠷᠦ ᠶᠢᠨ ᠵᠥᠪᠯᠡᠯᠭᠡᠨ ᠤ ᠠᠷᠪᠠᠨ ᠲᠠᠪᠤᠳᠤᠭᠠᠷ | ᠬᠤᠭᠤᠴᠠᠭᠠᠨ ᠤ ᠣᠩᠨᠢᠭᠤᠳ ᠬᠤᠰᠢᠭᠤᠨ ᠤ ᠵᠥᠪᠯᠡᠯ ᠭᠡᠰᠢᠭᠦᠳ ᠤᠨ ᠪᠣᠯᠪᠠᠰᠤᠷᠠᠯ ᠤᠨ ᠬᠤᠷᠠᠯ ᠬᠤᠷᠠᠯᠳᠤᠭᠤᠯᠪᠠ᠃ | ᠬᠥᠭᠵᠢᠯᠲᠦ᠂ ᠯᠢ ᠶᠠᠨ᠂ ᠰᠠᠶᠢᠨᠪᠠᠲᠤ᠂ ᠶᠠᠩ ᠪᠦᠦ ᠰᠧᠨ ᠵᠡᠷᠭᠡ ᠤᠳᠤᠷᠢᠳᠤᠯᠭ᠎ᠠ ᠭᠡᠰᠢᠭᠦᠳ ᠲᠠᠢ ᠬᠠᠮᠲᠤ | ᠪᠣᠯᠪᠠᠰᠤᠷᠠᠯ ᠳᠤ ᠣᠷᠣᠯᠴᠠᠪᠠ᠃ | ᠬᠤᠷᠠᠯ ᠳᠡᠭᠡᠷ᠎ᠡ᠂ ᠥᠪᠥᠷ ᠮᠣᠩᠭᠤᠯ ᠤᠨ ᠨᠠᠮ ᠤᠨ ᠰᠤᠷᠭᠠᠭᠤᠯᠢ ᠶᠢᠨ ᠠᠵᠤ ᠠᠬᠤᠢ ᠶᠢᠨ ᠤᠬᠠᠭᠠᠨ ᠤ ᠵᠢᠭᠠᠨ | ᠰᠤᠳᠤᠯᠬᠤ ᠬᠡᠯᠲᠡᠰ ᠤᠨ ᠫᠷᠤᠹᠧᠰᠰᠤᠷ ᠳ᠋ᠦᠩ ᠰᠢᠶᠤᠤ ᠫᠢᠩ ︽ᠬᠦᠴᠢᠷ ᠢ ᠲᠤᠭᠤᠯᠤᠨ ᠪᠡᠷᠬᠡ ᠶᠢ ᠳᠠᠪᠠᠭ᠋ᠤ ᠳᠤᠮᠳᠠ | ᠳᠤᠮᠳᠠᠳᠤ ᠤᠯᠤᠰ ᠤᠨ ᠠᠵᠤ ᠠᠬᠤᠢ ᠶᠢᠨ ᠲᠣᠭᠲᠠᠭᠤᠨ ᠬᠥᠭᠵᠢᠯᠲᠡ ᠶᠢ ᠪᠠᠲᠤᠯᠠᠶ᠎ᠠ︾ ᠭᠡᠬᠦ ᠭᠤᠣᠯ ᠰᠡᠳᠦᠪ ᠢᠶᠠᠷ | 2021 ᠣᠨ ᠤ ᠲᠥᠪ ᠤᠨ ᠪᠠ ᠥᠪᠡᠷᠲᠡᠭᠡᠨ ᠵᠠᠰᠠᠬᠤ ᠣᠷᠣᠨ ᠤ ᠠᠵᠤ ᠠᠬᠤᠢ ᠶᠢᠨ ᠠᠵᠢᠯ ᠤᠨ ᠬᠤᠷᠠᠯ ᠤᠨ | ᠵᠣᠷᠢᠭ ᠰᠠᠨᠠᠭ᠎ᠠ ᠶᠢᠨ ᠲᠣᠭᠤᠷᠢᠨ ᠳᠤ ᠰᠢᠰᠲ᠋ᠧᠮ ᠲᠠᠢ ᠲᠠᠶᠢᠯᠤᠮᠵᠢ ᠬᠢᠵᠦ᠂ ᠤᠯᠤᠰ ᠲᠦᠷᠦ ᠶᠢᠨ ᠵᠥᠪᠯᠡᠯᠭᠡᠨ ᠤ | ᠭᠡᠰᠢᠭᠦᠳ ᠤᠨ ᠰᠠᠨᠠᠯ ᠵᠥᠪᠯᠡᠯᠭᠡ ᠳᠤᠷᠠᠳᠴᠤ ᠵᠠᠰᠠᠭ ᠲᠤ ᠲᠤᠰᠠᠯᠠᠬᠤ ᠳᠤ ᠴᠢᠬᠤᠯᠠ ᠯᠠᠪᠯᠠᠯᠲᠠ ᠬᠠᠩᠭᠠᠪᠠ᠃ | ᠬᠤᠷᠠᠯ ᠠᠴᠠ ᠱᠠᠭᠠᠷᠳᠠᠭᠰᠠᠨ ᠨᠢ᠂ ᠥᠷᠭᠡᠨ ᠣᠯᠠᠨ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ | ᠭᠤᠤᠯᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠶᠡᠭᠡ ᠲᠠᠯ᠎ᠠ ᠳᠤ ᠦᠢᠯᠡᠴᠢᠯᠡᠨ᠂ ᠤᠯᠤᠰ ᠲᠥᠷᠥ ᠶᠢᠨ | ᠵᠥᠪᠯᠡᠯᠭᠡ ᠬᠢᠬᠦ ᠳᠤ ᠠᠩᠬᠠᠷᠤᠯ ᠢᠶᠠᠨ ᠲᠥᠪᠯᠡᠷᠡᠭᠦᠯᠬᠦ᠂ ᠠᠷᠠᠳᠴᠢᠯᠠᠯ ᠢᠶᠠᠷ ᠬᠢᠨᠠᠯᠲᠠ ᠲᠠᠯᠪᠢᠬᠤ ᠶᠢ ᠴᠢᠩᠭ᠎ᠠ | ᠠᠩᠬᠠᠷᠴᠤ᠂ ᠵᠠᠰᠠᠭ ᠤᠨ ᠶᠠᠪᠤᠳᠠᠯ ᠳᠤ ᠣᠷᠣᠯᠴᠠᠨ ᠲᠥᠷᠥ ᠶᠢᠨ ᠶᠠᠪᠤᠳᠠᠯ ᠢ ᠵᠥᠪᠯᠡᠨ ᠪᠣᠳᠠᠲᠤ ᠶᠠᠪᠤᠳᠠᠯ ᠢ | ᠠᠩᠬᠠᠷᠴᠤ᠂ ᠬᠤᠰᠢᠭᠤᠨ ᠤ ᠨᠠᠮ ᠤᠨ ᠬᠤᠷᠢᠶ᠎ᠠ ᠶᠠᠭᠤ ᠶᠢ ᠳᠤᠭᠳᠠᠭᠠᠪᠠᠯ᠂ ᠭᠡᠰᠢᠭᠦᠳ ᠶᠠᠭᠤ ᠶᠢ ᠵᠥᠪᠯᠡᠵᠦ᠂ | ᠵᠠᠰᠠᠭ ᠤᠨ ᠣᠷᠳᠣᠨ ᠶᠠᠭᠤ ᠬᠢᠪᠡᠯ᠂ ᠭᠡᠰᠢᠭᠦᠳ ᠶᠠᠭᠤ ᠬᠢᠬᠦ ᠬᠡᠷᠡᠭᠲᠡᠶ᠃ ︽ᠪᠦᠯᠬᠦᠮᠳᠡᠯ︾ ᠪᠠ ︽ᠠᠷᠠᠳᠴᠢᠯᠠᠯ︾ | ᠬᠤᠶᠠᠷ ᠶᠡᠭᠡ ᠭᠤᠤᠯ ᠰᠡᠳᠦᠪ ᠢ ᠳᠣᠪᠤᠶᠢᠯᠭᠠᠨ᠂ ᠰᠡᠳᠬᠢᠯ ᠰᠠᠨᠠᠭ᠎ᠠ ᠪᠠᠨ ᠬᠡᠷᠡᠭ ᠵᠥᠪᠯᠡᠬᠦ ᠳᠡᠭᠡᠷ᠎ᠡ | ᠲᠥᠪᠯᠡᠷᠡᠭᠦᠯᠵᠦ᠂ ᠡᠷᠳᠡᠮ ᠴᠢᠳᠠᠪᠤᠷᠢ ᠢᠶᠠᠨ ᠭᠠᠷᠭᠠᠨ᠂ ᠴᠤᠭ ᠰᠦᠯᠳᠡ ᠪᠠᠨ ᠪᠠᠳᠠᠷᠠᠭᠤᠯᠵᠤ᠂ ᠬᠠᠷᠢᠭᠤᠴᠠᠯᠭᠠᠲᠤ | ᠰᠡᠳᠬᠢᠯᠭᠡ ᠪᠠᠨ ᠴᠢᠩᠭᠠᠳᠬᠠᠨ᠂ ᠪᠥᠬᠦ ᠬᠤᠰᠢᠭᠤᠨ ᠤ ᠥᠭᠡᠷᠡᠴᠢᠯᠡᠯᠲᠡ ᠬᠥᠭᠵᠢᠯᠲᠡ ᠶᠢᠨ ᠶᠡᠭᠡ ᠲᠠᠯ᠎ᠠ ᠳᠤ | ᠤᠯᠤᠰ ᠲᠥᠷᠥ ᠶᠢᠨ ᠵᠥᠪᠯᠡᠯᠭᠡᠨ ᠤ ᠡᠭᠦᠷᠭᠡᠯᠡᠯ ᠢᠶᠠᠨ ᠭᠦᠢᠴᠡᠳᠬᠡᠵᠥ᠂ ᠤᠯᠤᠰ ᠲᠥᠷᠥ ᠶᠢᠨ ᠵᠥᠪᠯᠡᠯᠭᠡᠨ ᠤ | ᠬᠦᠴᠦᠨ ᠴᠢᠳᠠᠯ ᠢᠶᠠᠨ ᠡᠷᠭᠦᠬᠦ ᠬᠡᠷᠡᠭᠲᠡᠶ ᠭᠡᠰᠡᠨ ᠪᠠᠶᠢᠨ᠎ᠠ᠃ |