| | 1 ᠰᠠᠷ᠎ᠠ ᠶᠢᠨ 15 ᠤ ᠡᠳᠦᠷ᠂ ᠬᠤᠰᠢᠭᠤᠨ ᠤ ᠠᠷᠪᠠᠨ ᠨᠠᠢᠮᠠᠳᠤᠭᠠᠷ ᠬᠤᠭᠤᠴᠠᠭᠠᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠬᠤᠷᠢᠨ ᠨᠠᠢᠮᠠᠳᠤᠭᠠᠷ ᠤᠳᠠᠭᠠᠨ ᠤ ᠬᠤᠷᠠᠯ | ᠬᠤᠷᠠᠯᠳᠤᠪᠠ᠃ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ | ᠡᠷᠬᠢᠯᠡᠭᠴᠢ ᠯᠢ ᠢᠦᠶ ᠲᠢᠩ᠂ ᠳᠡᠳ᠋ ᠡᠷᠬᠢᠯᠡᠭᠴᠢ ᠤᠳᠤᠨᠴᠢᠮᠡᠭ᠂ ᠯᠢᠨ ᠬᠤ᠋ ᠬᠤᠷᠠᠯ ᠳᠤ ᠣᠷᠣᠯᠴᠠᠵᠠᠶ᠃ | ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠪᠠᠶᠢᠩᠭᠤ ᠶᠢᠨ ᠳᠡᠳ᠋ ᠬᠤᠰᠢᠭᠤᠨ ᠳᠠᠷᠤᠭ᠎ᠠ | ᠭᠤᠤ ᠶᠦᠩ ᠡᠤ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ | ᠬᠤᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠬᠡᠰᠢᠭᠦᠨ ᠸᠧᠨ ᡁᠢ ᠭᠠᠩ᠂ ᠬᠤᠰᠢᠭᠤᠨ ᠤ ᠬᠢᠨᠠᠨ | ᠪᠠᠶᠢᠴᠠᠭᠠᠬᠤ ᠵᠥᠪᠯᠡᠯ᠂ ᠬᠤᠰᠢᠭᠤᠨ ᠤ ᠠᠷᠠᠳ ᠤᠨ ᠰᠢᠭᠦᠬᠦ ᠬᠤᠷᠢᠶ᠎ᠠ᠂ ᠬᠤᠰᠢᠭᠤᠨ ᠤ ᠠᠷᠠᠳ ᠤᠨ ᠪᠠᠶᠢᠴᠠᠭᠠᠬᠤ | ᠬᠤᠷᠢᠶ᠎ᠠ ᠪᠠ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠳ ᠬᠤᠷᠠᠯ ᠳᠤ ᠰᠤᠯᠠ ᠣᠷᠣᠯᠴᠠᠪᠠ᠃ | ᠬᠤᠷᠠᠯ ᠠᠴᠠ ᠠᠵᠢᠯᠲᠠᠨ ᠤ ᠶᠠᠪᠤᠳᠠᠯ ᠤᠨ ᠲᠤᠰᠢᠶᠠᠯ ᠳᠤ ᠲᠣᠮᠢᠯᠠᠵᠤ ᠲᠤᠰᠢᠶᠠᠯ ᠠᠴᠠ ᠪᠠᠭᠤᠯᠭᠠᠬᠤ ᠲᠥᠰᠦᠯ ᠢ | ᠬᠢᠨᠠᠨ ᠵᠦᠪᠯᠡᠵᠥ ᠪᠠᠲᠤᠯᠠᠪᠠ ᠃ ᠲᠤᠰᠢᠶᠠᠯ ᠠᠴᠠ ᠪᠠᠨ ᠪᠠᠭᠤᠬᠤ ᠵᠦᠢᠯᠡᠰ ᠢ ᠬᠢᠨᠠᠨ ᠵᠥᠪᠯᠡᠵᠦ ᠪᠠᠲᠤᠯᠠᠪᠠ᠃ ︽ | 2024 ᠣᠨ ᠤ ᠳᠦᠷᠢᠮᠵᠢᠭᠰᠡᠨ ᠪᠢᠴᠢᠭ ᠮᠠᠲ᠋ᠧᠷᠢᠶᠠᠯ ᠢ ᠳᠡᠩᠰᠡᠯᠡᠵᠦ ᠬᠢᠨᠠᠨ ᠪᠠᠶᠢᠴᠠᠭᠠᠭᠰᠠᠨ ᠠᠵᠢᠯ ᠤᠨ | ᠪᠠᠶᠢᠳᠠᠯ ᠤᠨ ᠲᠤᠬᠠᠶ ᠣᠩᠨᠢᠭᠤᠳ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶᠠᠨ ᠤ ᠬᠠᠤᠯᠢ ᠳᠦᠷᠢᠮ ᠤᠨ ᠠᠵᠢᠯ ᠤᠨ ᠵᠥᠪᠯᠡᠯ ᠤᠨ ᠮᠡᠳᠡᠭᠦᠯᠦᠯᠲᠡ︾ ᠶᠢ ᠰᠤᠨᠤᠰᠴᠤ ᠬᠢᠨᠠᠨ | ᠵᠦᠪᠯᠡᠪᠡ᠃ ︽ᠣᠩᠨᠢᠭᠤᠳ ᠬᠤᠰᠢᠭᠤᠨ ᠤ 2024 ᠣᠨ ᠤ ᠬᠤᠶᠠᠳᠤᠭᠠᠷ ᠤᠳᠠᠭᠠᠨ ᠤ ᠡᠳ᠋ ᠤᠨ ᠵᠠᠰᠠᠭ ᠤᠨ | ᠲᠥᠰᠥᠪ ᠤᠨ ᠲᠣᠬᠢᠷᠠᠭᠤᠯᠤᠯᠲᠠ ᠶᠢᠨ ᠲᠥᠰᠥᠯ︾ ᠢ ᠰᠣᠨᠣᠰᠴᠤ ᠬᠢᠨᠠᠨ ᠵᠥᠪᠰᠢᠶᠡᠷᠡᠪᠡ ᠃ ︽ᠣᠩᠨᠢᠭᠤᠳ | ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠣᠩᠨᠢᠭᠤᠳ ᠬᠤᠰᠢᠭᠤᠨ ᠤ 2024 ᠣᠨ ᠤ ᠡᠳ᠋ ᠤᠨ | ᠵᠠᠰᠠᠭ ᠤᠨ ᠲᠥᠰᠥᠪ ᠤᠨ ᠭᠦᠢᠴᠡᠳᠬᠡᠭᠰᠡᠨ ᠪᠠᠶᠢᠳᠠᠯ ᠬᠢᠭᠡᠳ 2025 ᠣᠨ ᠤ ᠡᠳ᠋ ᠤᠨ ᠵᠠᠰᠠᠭ ᠤᠨ ᠲᠥᠰᠥᠪ ᠤᠨ | ᠲᠤᠬᠠᠢ ᠮᠡᠳᠡᠭᠦᠯᠦᠯᠲᠡ︾᠂ ︽ᠣᠩᠨᠢᠭᠤᠳ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠣᠩᠨᠢᠭᠤᠳ | ᠬᠤᠰᠢᠭᠤᠨ ᠤ 2024 ᠣᠨ ᠤ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ | ᠲᠥᠯᠥᠪᠯᠡᠭᠡ ᠶᠢ ᠬᠡᠷᠡᠭᠵᠢᠭᠦᠯᠦᠭᠰᠡᠨ ᠪᠠᠶᠢᠳᠠᠯ ᠬᠢᠭᠡᠳ 2025 ᠣᠨ ᠤ ᠤᠯᠤᠰ ᠠᠷᠠᠳ ᠤᠨ ᠠᠵᠤ ᠠᠬᠤᠢ ᠪᠠ | ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ ᠶᠢᠨ ᠲᠤᠬᠠᠢ ᠮᠡᠳᠡᠭᠦᠯᠦᠯᠲᠡ︾ ᠶᠢ ᠰᠤᠨᠤᠰᠴᠤ ᠬᠢᠨᠠᠨ ᠪᠠᠶᠢᠴᠠᠭᠠᠪᠠ᠃ | ︽ᠣᠩᠨᠢᠭᠤᠳ ᠬᠤᠰᠢᠭᠤᠨ ᠤ ᠠᠷᠪᠠᠨ ᠨᠠᠢᠮᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠳᠥᠷᠪᠡᠳᠦᠭᠡᠷ ᠬᠤᠷᠠᠯᠳᠤᠭᠠᠨ ᠢ ᠬᠤᠷᠠᠯᠳᠤᠭᠤᠯᠬᠤ ᠲᠤᠬᠠᠢ ᠰᠢᠢᠳᠪᠥᠷᠢ︾ ᠢ ᠬᠢᠨᠠᠨ ᠵᠦᠪᠯᠡᠪᠡ᠃ | ᠣᠩᠨᠢᠭᠤᠳ ᠬᠤᠰᠢᠭᠤᠨ ᠤ ᠠᠷᠪᠠᠨ ᠨᠠᠢᠮᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠳᠥᠷᠪᠡᠳᠦᠭᠡᠷ ᠬᠤᠷᠠᠯᠳᠤᠭᠠᠨ ᠤ ᠬᠤᠯᠪᠣᠭᠳᠠᠯ ᠪᠦᠬᠦᠢ ᠮᠡᠳᠡᠭᠦᠯᠦᠯᠲᠡ ᠂ ᠡᠯ᠎ᠡ ᠵᠦᠢᠯ ᠤᠨ | ᠰᠠᠨᠠᠭᠤᠯᠭ᠎ᠠ ᠶᠢᠨ ᠲᠥᠰᠦᠯ᠂ ᠨᠡᠷᠡᠰ ᠤᠨ ᠲᠥᠰᠥᠯ ᠢ ᠬᠢᠨᠠᠨ ᠵᠥᠪᠯᠡᠵᠦ ᠪᠠᠲᠤᠯᠠᠪᠠ᠃ ᠸᠠᠩ ᠢᠦᠢ ᠨᠥᠬᠦᠷ ᠢ | ᠣᠩᠨᠢᠭᠤᠳ ᠬᠤᠰᠢᠭᠤᠨ ᠤ ᠠᠷᠠᠳ ᠤᠨ ᠰᠢᠭᠦᠬᠦ ᠬᠤᠷᠢᠶᠠᠨ ᠤ ᠬᠤᠷᠢᠶᠠᠨ ᠳᠠᠷᠤᠭ᠎ᠠ ᠪᠠᠷ ᠤᠷᠤᠯᠠᠭᠤᠯᠬᠤ ᠪᠠᠷ | ᠳᠤᠭᠳᠠᠭᠰᠨ ᠲᠦᠰᠥᠯ ᠤᠨ ᠳᠡᠪᠰᠢᠭᠦᠯᠦᠭᠰᠡᠨ ᠵᠥᠪᠯᠡᠯᠭᠡ ᠶᠢ ᠬᠢᠨᠠᠨ ᠵᠥᠪᠯᠡᠪᠡ᠃ | ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ | ᠯᠢ ᠢᠦᠶ ᠲᠢᠩ ᠰᠢᠨ᠎ᠡ ᠪᠠᠷ ᠲᠤᠰᠢᠶᠠᠯ ᠳᠤ ᠲᠣᠮᠢᠯᠠᠭᠰᠠᠳ ᠲᠤ ᠲᠤᠰᠢᠶᠠᠯ ᠳᠤ ᠲᠣᠮᠢᠯᠠᠬᠤ ᠪᠢᠴᠢᠭ ᠣᠯᠭᠤᠵᠤ᠂ | ᠰᠢᠨ᠎ᠡ ᠪᠠᠷ ᠲᠤᠰᠢᠶᠠᠯ ᠡᠭᠦᠷᠭᠡᠯᠡᠭᠰᠡᠳ ᠦᠨᠳᠦᠰᠦᠨ ᠬᠠᠤᠯᠢ ᠳᠤ ᠲᠥᠪ ᠴᠢᠩᠭ᠎ᠠ ᠪᠠᠷ ᠲᠠᠩᠭᠠᠷᠢᠭᠯᠠᠪᠠ᠃ | | |