ᠪᠦᠬᠦ ᠬᠤᠲᠠ ᠶᠢᠨ ᠴᠠᠭᠠᠨ ᠢᠳᠡᠭᠡᠨ ᠤ ᠬᠠᠮᠤᠭ ᠶᠡᠭᠡ ᠠᠵᠤ ᠦᠢᠯᠡᠰ ᠤᠨ ᠬᠦᠷᠢᠶᠡᠯᠡᠩ ᠲᠣᠭᠤᠷᠢᠭ ᠭᠤᠷᠪᠠᠨ ᠮᠢᠩᠭᠠᠨ ᠲᠦᠮᠡᠨ ᠲᠥᠭᠦᠷᠢᠭ ᠤᠨ ᠪᠣᠷᠣᠯᠠᠭᠤᠯᠭ᠎ᠠ ᠶᠢ ᠪᠡᠶᠡᠯᠡᠭᠦᠯᠪᠡ
ᠨᠡᠶᠢᠲᠡᠯᠡᠭᠰᠡᠨ ᠴᠠᠭ᠄
2025/1/21
      ᠣᠶᠢᠷ᠎ᠠ ᠶᠢᠨ ᠵᠢᠯ ᠳᠤ᠂ ᠮᠠᠨ ᠤ ᠬᠤᠰᠢᠭᠤ ᠳᠠᠷᠢᠬᠤ᠂ ᠲᠡᠵᠢᠭᠡᠨ ᠦᠷᠡᠵᠢᠭᠦᠯᠬᠦ᠂ ᠡᠳ᠋ᠰᠢᠭᠦᠯᠬᠦ᠂ ᠪᠣᠷᠣᠯᠠᠭᠤᠯᠬᠤ ᠵᠠᠩᠭᠢᠯᠠᠭ᠎ᠠ ᠶᠢᠨ ᠭᠤᠭᠴᠤᠭ᠎ᠠ ᠶᠢᠨ ᠲᠣᠭᠤᠷᠢᠨ ᠳᠤ᠂ ︽ᠰᠦ ᠶᠢᠨ ᠢᠷᠡᠯᠲᠡ︾ ᠶᠢᠨ  ᠬᠦᠷᠢᠶᠡᠯᠡᠩ ᠲᠣᠭᠤᠷᠢᠭ ᠪᠠᠶᠢᠭᠤᠯᠬᠤ  ᠶᠢ ᠠᠳᠬᠤᠨ᠂ ᠲᠥᠷᠥ ᠶᠢᠨ ᠪᠣᠳᠣᠯᠭ᠎ᠠ ᠶᠢᠨ ᠳᠡᠮᠵᠢᠯᠭᠡ ᠶᠢᠨ ᠡᠷᠴᠢᠮ ᠢᠶᠠᠨ  ᠴᠢᠩᠭᠠᠷᠠᠭᠤᠯᠵᠤ᠂ ᠴᠢᠨᠠᠷ ᠰᠠᠶᠢᠲᠠᠶ ᠰᠠᠭᠠᠯᠢ ᠶᠢᠨ ᠦᠨᠢᠶ᠎ᠡ ᠲᠡᠵᠢᠭᠡᠨ ᠦᠷᠡᠵᠢᠭᠦᠯᠬᠦ ᠰᠠᠭᠤᠷᠢᠨ ᠭᠠᠵᠠᠷ ᠤᠨ ᠪᠥᠲᠥᠭᠡᠨ ᠪᠠᠶᠢᠭᠤᠯᠤᠯᠲᠠ ᠶᠢ ᠴᠢᠩᠭᠠᠳᠬᠠᠵᠤ᠂ ᠤᠯᠠᠮᠵᠢᠯᠠᠯᠲᠤ ᠴᠠᠭᠠᠨ ᠢᠳᠡᠭᠡᠨ ᠤ ᠠᠵᠤ ᠦᠢᠯᠡᠰ ᠤᠨ ᠬᠦᠷᠢᠶᠡᠯᠡᠩ ᠲᠣᠭᠤᠷᠢᠭᠵᠢᠭᠰᠠᠨ ᠬᠥᠭᠵᠢᠯᠲᠡ ᠶᠢᠨ ᠵᠠᠭᠪᠤᠷ ᠢ  ᠨᠠᠶᠢᠳᠠᠪᠤᠷᠢᠵᠢᠭᠤᠯᠵᠤ᠂ ᠤᠯᠠᠮᠵᠢᠯᠠᠯᠲᠤ ᠴᠠᠭᠠᠨ ᠢᠳᠡᠭᠡᠨ ᠤ ᠲᠠᠰ ᠳᠡᠪᠰᠢᠬᠦ ᠶᠢ ᠤᠯᠠᠮ ᠨᠢᠭᠡ ᠠᠯᠬᠤᠮ  ᠠᠬᠢᠭᠤᠯᠤᠨ᠂ ᠪᠥᠬᠦ ᠬᠤᠰᠢᠭᠤᠨ ᠤ ᠰᠦ ᠶᠢᠨ ᠦᠢᠯᠡᠰ ᠤᠨ ᠡᠷᠡᠭᠦᠯ ᠲᠣᠭᠲᠠᠭᠤᠨ ᠬᠥᠭᠵᠢᠯᠲᠡ ᠶᠢ ᠪᠥᠬᠦ ᠬᠦᠴᠦᠨ ᠢᠶᠠᠷ ᠢᠶᠠᠨ  ᠠᠬᠢᠭᠤᠯᠤᠭᠰᠠᠨ ᠪᠠᠶᠢᠨ᠎ᠠ᠃      ᠣᠩᠨᠢᠭᠤᠳ ᠬᠤᠰᠢᠭᠤᠨ ᠤ ᠴᠠᠭᠠᠨ ᠢᠳᠡᠭᠡᠨ ᠤ ᠠᠵᠤ ᠦᠢᠯᠡᠰ ᠤᠨ ᠬᠦᠷᠢᠶᠡᠯᠡᠩ ᠲᠣᠭᠤᠷᠢᠭ   ᠢ 2023 ᠤᠨ ᠳᠤ ᠬᠠᠶᠢᠯᠠᠰᠤ ᠪᠠᠯᠭᠠᠰᠤᠨ ᠳᠤ  ᠪᠠᠶᠢᠭᠤᠯᠤᠨ ᠡᠬᠢᠯᠡᠵᠥ  ᠂  2024 ᠣᠨ ᠤ 9 ᠰᠠᠷ᠎ᠠ ᠳᠤ ᠠᠰᠢᠭᠯᠠᠯᠲᠠ ᠳᠤ  ᠤᠷᠤᠭᠤᠯᠤᠭᠰᠠᠨ ᠪᠠᠶᠢᠨ᠎ᠠ᠃ ᠲᠥᠷᠥᠯ ᠵᠦᠢᠯ ᠤᠨ ᠶᠡᠷᠦᠩᠬᠡᠢ ᠪᠡᠯᠡ ᠣᠷᠣᠭᠤᠯᠤᠯᠲᠠ ᠨᠢ 4000 ᠲᠦᠮᠡᠨ ᠲᠥᠭᠦᠷᠢᠭ ᠬᠦᠷᠴᠥ᠂ 7000 ᠲᠡᠭᠰᠢ ᠳᠥᠷᠪᠡᠯᠵᠢᠨ  ᠮᠧᠲᠷ ᠲᠠᠯᠠᠪᠠᠢ ᠲᠠᠢ ᠭᠠᠵᠠᠷ  ᠡᠵᠡᠯᠡᠨ᠂ ᠪᠠᠷᠢᠯᠭ᠎ᠠ ᠶᠢᠨ ᠶᠡᠷᠦᠩᠬᠡᠶ ᠲᠠᠯᠠᠪᠠᠶ ᠨᠢ 9004.95 ᠲᠡᠭᠰᠢ ᠳᠥᠷᠪᠡᠯᠵᠢᠨ  ᠮᠧᠲᠷ ᠲᠤ ᠬᠦᠷᠥᠭᠰᠡᠨ ᠪᠠᠶᠢᠨ᠎ᠠ᠃ ᠲᠡᠷᠡ ᠨᠢ ᠠᠰᠢᠭᠯᠠᠯᠳᠠ ᠳᠤ ᠤᠷᠤᠭᠰᠠᠨ ᠠᠴᠠ ᠨᠠᠰᠢ᠂ ᠡᠷᠭᠢᠨ ᠲᠣᠭᠤᠷᠢᠨ ᠤ ᠲᠠᠷᠠᠬᠠᠶ ᠪᠤᠲᠠᠷᠬᠠᠶ ᠦᠢᠯᠡᠳᠪᠦᠷᠢᠯᠡᠯ ᠡᠵᠡᠩᠨᠡᠯᠲᠡ ᠶᠢᠨ ᠬᠤᠳᠠᠯᠳᠤᠭᠠᠴᠢᠨ ᠡᠷᠦᠬᠡ ᠪᠠ ᠴᠠᠭᠠᠨ ᠢᠳᠡᠭᠡᠨ ᠤ ᠵᠢᠵᠢᠭ ᠦᠢᠯᠡᠳᠬᠡᠯ ᠢ ᠳᠠᠶᠢᠴᠢᠯᠠᠨ ᠪᠠᠷᠢᠮᠵᠢᠶᠠᠵᠢᠭᠤᠯᠤᠨ ᠦᠢᠯᠡᠳᠪᠦᠷᠢᠯᠡᠬᠦ ᠪᠠᠷ  ᠳᠠᠮᠵᠢᠭᠤᠯᠵᠤ᠂ ᠦᠢᠯᠡᠳᠪᠦᠷᠢᠯᠡᠯ ᠤᠨ ᠠᠵᠢᠯᠯᠠᠭ᠎ᠠ ᠶᠢ  ᠵᠢᠷᠤᠮᠵᠢᠭᠤᠯᠤᠨ᠂  ᠨᠢᠭᠡᠳᠥᠯᠳᠡᠢ ᠲᠡᠮᠳᠡᠭᠵᠢᠭᠦᠯᠥᠨ᠂ ᠨᠢᠭᠡᠳᠦᠯᠲᠡᠶ  ᠪᠠᠷᠢᠮᠵᠢᠶᠠᠯᠠᠵᠤ᠂ ᠨᠢᠭᠡᠳᠦᠯᠲᠡᠶ ᠪᠤᠷᠤᠯᠠᠭᠤᠯᠤᠭᠠᠳ᠂ ᠴᠠᠭᠠᠨ ᠢᠳᠡᠭᠡᠨ ᠤ ︽ᠲᠤᠭ᠎ᠠ ᠬᠡᠮᠵᠢᠶ᠎ᠡ ᠪᠠ ᠶᠠᠰᠤ ᠴᠢᠨᠠᠷ︾ ᠢ ᠵᠡᠷᠭᠡᠪᠡᠷ ᠳᠡᠭᠡᠭᠰᠢᠯᠡᠭᠦᠯᠬᠦ ᠶᠢ ᠠᠬᠢᠭᠤᠯᠵᠤ᠂ ᠰᠢᠨ᠎ᠡ  ᠴᠢᠨᠠᠷ ᠤᠨ ᠦᠢᠯᠡᠳᠪᠦᠷᠢᠯᠡᠯ ᠤᠨ ᠬᠦᠴᠦᠨ  ᠳᠤ ᠲᠦᠰᠢᠭᠯᠡᠨ᠂ ᠦᠩᠭᠡᠷᠡᠭᠰᠡᠨ ᠤ ᠵᠦᠪᠬᠡᠨ ︽ ᠪᠣᠯᠪᠠᠰᠤᠷᠠᠭᠤᠯᠬᠤ ᠥᠷᠲᠡᠭ︾   ᠲᠡᠳᠥᠢ ᠪᠠᠶᠢᠭᠰᠨ ᠠᠴᠠ ︽ᠨᠡᠷᠡᠲᠦ ᠲᠡᠮᠳᠡᠭᠲᠦ ᠶᠢᠨ  ᠥᠷᠲᠡᠭ︾᠂ ︽ᠰᠣᠶᠣᠯ ᠤᠨ  ᠥᠷᠲᠡᠭ︾  ᠳᠡᠰᠢ  ᠬᠤᠪᠢᠷᠠᠭᠤᠯᠤᠭᠰᠠᠨ ᠪᠠᠶᠢᠨ᠎ᠠ᠃       ᠲᠤᠰ ᠬᠦᠷᠢᠶᠡᠯᠡᠩ ᠲᠣᠭᠤᠷᠢᠭ   ᠲᠤ  ᠤᠳᠤᠬᠠᠨ ᠪᠤᠯᠲᠠᠯ᠎ᠠ᠂ 20 ᠭᠠᠷᠤᠶ ᠠᠵᠤ ᠠᠬᠤᠶᠢᠯᠠᠯ  ᠰᠠᠭᠤᠷᠢᠰᠢᠨ᠂ ᠡᠳᠦᠷ ᠪᠦᠷᠢ 10 ᠲᠣᠨ ᠠᠴᠠ ᠳᠡᠭᠡᠭᠰᠢ ᠰᠦ ᠬᠡᠷᠡᠭᠯᠡᠵᠦ᠂ 30  ᠭᠠᠷᠤᠢ  ᠵᠦᠢᠯ ᠤᠨ ᠴᠠᠭᠠᠨ ᠢᠳᠡᠭᠡ ᠦᠢᠯᠡᠳᠪᠦᠷᠢᠯᠡᠵᠦ᠂ ᠬᠦᠷᠢᠶᠡᠯᠡᠩ ᠲᠣᠭᠤᠷᠢᠭ ᠤᠨ ᠪᠣᠷᠣᠯᠠᠭᠤᠯᠭ᠎ᠠ ᠶᠢᠨ ᠶᠡᠷᠦᠩᠬᠡᠶ ᠬᠡᠮᠵᠢᠶ᠎ᠡ  ᠨᠢ 3000 ᠭᠠᠷᠤᠶ ᠲᠦᠮᠡᠨ ᠲᠥᠭᠦᠷᠢᠭ   ᠲᠤ ᠬᠦᠷᠴᠥ᠂ 50  ᠭᠠᠷᠤᠢ ᠬᠥᠮᠦᠨ ᠳᠤ  ᠠᠵᠢᠯ  ᠲᠤᠬᠢᠷᠠᠭᠤᠯᠤᠭᠰᠠᠨ ᠪᠠᠶᠢᠨ᠎ᠠ᠃ ᠲᠤᠰ ᠬᠦᠷᠢᠶᠡᠯᠡᠩ ᠲᠣᠭᠤᠷᠢᠭ ᠨᠢ ᠦᠢᠯᠡᠳᠪᠥᠷᠢᠯᠡᠯ ᠡᠵᠡᠩᠨᠡᠯᠳᠡ ᠵᠡᠷᠭᠡ ᠤᠯᠠᠨ ᠲᠠᠯ᠎ᠠ ᠪᠠᠷ ᠪᠦᠬᠦ ᠬᠤᠲᠠ ᠶᠢᠨ ᠬᠡᠪᠴᠢᠶᠡᠨ ᠳᠤ ᠬᠤᠰᠢᠭᠤᠴᠢᠯᠠᠬᠤ ᠪᠠᠶᠢᠷᠢᠨ ᠳᠤ ᠤᠷᠤᠭᠰᠠᠨ ᠪᠠᠶᠢᠨ᠎ᠠ᠃
 
ᠢᠷᠡᠯᠲᠡ᠄ ᠣᠩᠨᠢᠭᠤᠳ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号