ᠳᠤᠮᠳᠠᠳᠤ ᠤᠯᠤᠰ ᠤᠨ ᠡᠪ ᠬᠠᠮᠲᠤ ᠨᠠᠮ ᠤᠨ ᠣᠩᠨᠢᠭᠤᠳ ᠬᠤᠰᠢᠭᠤᠨ ᠤ ᠠᠷᠪᠠᠨ ᠲᠠᠪᠤᠳᠤᠭᠠᠷ ᠬᠤᠭᠤᠴᠠᠭᠠᠨ ᠤ ᠬᠤᠷᠢᠶ᠎ᠠ  137 ᠳ᠋ᠤᠭᠠᠷ ᠤᠳᠠᠭᠠᠨ ᠤ ᠪᠠᠶᠢᠩᠭᠤ ᠶᠢᠨ ᠬᠤᠷᠢᠶ᠎ᠠ ᠶᠢᠨ ᠥᠷᠭᠡᠳᠬᠡᠭᠰᠡᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2025/1/9
      12 ᠰᠠᠷ᠎ᠠ ᠶᠢᠨ 30 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠮᠥᠩᠬᠡ ᠠᠷᠪᠠᠨ ᠲᠠᠪᠤᠳᠤᠭᠠᠷ ᠬᠤᠭᠤᠴᠠᠭᠠᠨ ᠤ ᠬᠤᠰᠢᠭᠤᠨ ᠤ ᠨᠠᠮ ᠤᠨ ᠬᠤᠷᠢᠶᠠᠨ ᠤ 137 ᠳ᠋ᠤᠭᠠᠷ ᠤᠳᠠᠭᠠᠨ ᠤ ᠪᠠᠶᠢᠩᠭᠤ ᠶᠢᠨ  ᠬᠤᠷᠢᠶᠠᠨ ᠤ ᠦᠷᠭᠡᠳᠬᠡᠭᠰᠡᠨ ᠬᠤᠷᠠᠯ ᠢ ᠡᠷᠭᠢᠯᠡᠨ ᠬᠤᠷᠠᠯᠳᠤᠭᠤᠯᠪᠠ  ᠃ ᠮᠠ ᠶᠦᠩ ᠭᠠᠩ᠂ ᠰᠦᠨ ᠮᠢᠩ ᠲᠤᠤ᠂ ᠾᠧᠦ ᠭᠦᠸᠧ ᠵᠢᠩ᠂ ᠭᠤᠤ ᠶᠦᠩ ᠡᠤ᠂ ᠸᠠᠩ ᠵᠢᠶᠦ᠋ᠨ ᠵᠢᠶᠦ᠋ᠨ᠂ ᠬᠤ᠋ ᠹᠧᠩ ᠶᠠᠨ᠂ ᠭᠧᠩ ᠸᠧᠶ ᠳ᠋ᠦᠩ᠂ ᠵᠦ ᠴᠦᠨ ᠶᠦᠩ᠂ ᠸᠠᠩ ᠶᠢᠩ ᠬᠤᠷᠠᠯ ᠳᠤ  ᠤᠷᠤᠯᠴᠠᠪᠠ  ᠃ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠯᠢ ᠢᠦᠶ ᠲᠢᠩ᠂ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠬᠥᠭᠵᠢᠯᠲᠦ ᠬᠤᠷᠠᠯ ᠳᠤ ᠰᠤᠯᠠ ᠣᠷᠣᠯᠴᠠᠪᠠ᠃      ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠤᠢᠢᠷ᠎ᠠ ᠶᠢᠨ ᠬᠤᠭᠤᠴᠠᠭᠠᠨ ᠤ ᠴᠢᠬᠤᠯᠠ ᠶᠠᠷᠢᠶ᠎ᠠ᠂ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠪᠣᠯᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠂ ᠤᠯᠠᠭᠠᠠᠬᠳᠠ ᠬᠤᠲᠠ ᠶᠢᠨ ᠬᠠᠮᠢᠶ᠎ᠠ ᠪᠦᠬᠦᠢ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠬᠠᠮᠢᠶ᠎ᠠ ᠪᠦᠬᠦᠢ ᠨᠠᠶᠢᠳᠠᠪᠤᠷᠢᠵᠢᠭᠤᠯᠬᠤ ᠠᠵᠢᠯ ᠢ ᠲᠤᠬᠢᠷᠠᠭᠤᠯᠤᠨ ᠪᠠᠶᠢᠷᠢᠯᠠᠭᠤᠯᠪᠠ᠃     ᠬᠤᠷᠠᠯ ᠠᠴᠠ 2024 ᠣᠨ ᠤ ᠮᠠᠨ ᠤ ᠬᠤᠰᠢᠭᠤᠨ ᠤ ᠱᠠᠰᠢᠨ ᠰᠤᠷᠲᠠᠬᠤᠨ ᠤ ᠠᠵᠢᠯ ᠢ ᠥᠷᠨᠢᠭᠦᠯᠦᠭᠰᠡᠨ ᠪᠠᠶᠢᠳᠠᠯ ᠤᠨ ᠲᠤᠬᠠᠶ ᠬᠠᠷᠢᠭᠤ ᠮᠡᠳᠡᠭᠦᠯᠦᠯᠲᠡ ᠶᠢ  ᠰᠤᠨᠤᠰᠪᠠ᠃  ᠣᠩᠨᠢᠭᠤᠳ ᠬᠤᠰᠢᠭᠤᠨ ᠤ ︽ᠦᠵᠡᠯ  ᠰᠠᠨᠠᠭ᠎ᠠ  ᠪᠠᠨ ᠶᠡᠭᠡ ᠪᠠᠷ ᠴᠢᠯᠥᠭᠡᠯᠡᠨ᠂ ᠠᠵᠢᠯ ᠤᠨ ᠠᠬᠢᠴᠠ ᠪᠠᠨ ᠶᠡᠭᠡ ᠪᠠᠷ ᠲᠦᠷᠭᠡᠳᠬᠡᠵᠥ᠂ ᠠᠵᠤ ᠠᠬᠤᠶ  ᠪᠠᠨ ᠶᠡᠭᠡ ᠪᠠᠷ ᠬᠦᠭᠵᠢᠭᠦᠯᠬᠦ︾  ᠶᠠᠷᠢᠯᠴᠠᠭᠠᠨ ᠤ ᠠᠵᠢᠯᠯᠠᠭ᠎ᠠ ᠶᠢᠨ ︽ᠠᠰᠠᠭᠤᠳᠠᠯ ᠤᠨ ᠨᠠᠷᠢᠨ ᠲᠠᠩᠰᠠ  ︾᠂ ︽ᠡᠭᠦᠷᠭᠡ ᠶᠢᠨ ᠨᠠᠷᠢᠨ ᠲᠠᠩᠰᠠ  ︾᠂ ︽ᠰᠠᠨᠠᠭᠤᠯᠭ᠎ᠠ ᠶᠢᠨ ᠨᠠᠷᠢᠨ ᠲᠠᠩᠰᠠ︾ ᠶᠢ ᠬᠢᠨᠠᠨ ᠵᠥᠪᠯᠡᠪᠡ᠃  2024 ᠣᠨ ᠤ ᠮᠠᠨ ᠤ ᠬᠤᠰᠢᠭᠤᠨ ᠤ ᠲᠠᠪᠤᠨ ᠶᠡᠭᠡ ᠡᠭᠦᠷᠭᠡ ᠶᠢᠨ ᠠᠵᠢᠯ ᠤᠨ ᠠᠬᠢᠴᠠ ᠶᠢᠨ ᠪᠠᠶᠢᠳᠠᠯ ᠤᠨ ᠲᠤᠬᠠᠶ ᠬᠠᠷᠢᠭᠤ ᠮᠡᠳᠡᠭᠦᠯᠦᠯᠲᠡ ᠪᠠ 2024 ᠣᠨ ᠤ ᠬᠤᠰᠢᠭᠤᠨ ᠤ ᠨᠠᠮ ᠤᠨ ᠬᠤᠷᠢᠶᠠᠨ ᠤ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠬᠠᠤᠯᠢ ᠪᠠᠷ ᠵᠠᠰᠠᠬᠤ ᠪᠠᠶᠢᠭᠤᠯᠤᠯᠲᠠ ᠶᠢᠨ ᠠᠵᠢᠯ ᠢ ᠥᠷᠨᠢᠭᠦᠯᠦᠭᠰᠡᠨ ᠪᠠᠶᠢᠳᠠᠯ ᠤᠨ ᠲᠤᠬᠠᠶ ᠬᠠᠷᠢᠭᠤ ᠮᠡᠳᠡᠭᠦᠯᠦᠯᠲᠡ ᠶᠢ ᠰᠣᠨᠣᠰᠪᠠ  ᠃ ᠬᠤᠰᠢᠭᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠨᠠᠮ ᠤᠨ ᠤᠳᠤᠷᠢᠳᠬᠤ ᠳᠤᠭᠤᠶᠢᠯᠠᠩ᠂ ᠬᠤᠰᠢᠭᠤᠨ ᠤ ᠠᠷᠠᠳ ᠤᠨ  ᠵᠠᠰᠠᠭ ᠤᠨ ᠤᠷᠳᠤᠨ ᠤ ᠨᠠᠮ ᠤᠨ ᠤᠳᠤᠷᠢᠳᠬᠤ ᠳᠤᠭᠤᠶᠢᠯᠠᠩ᠂ ᠤᠯᠤᠰ ᠲᠦᠷᠥ ᠶᠢᠨ ᠵᠦᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ᠂ ᠰᠢᠭᠦᠬᠦ ᠬᠤᠷᠢᠶᠠᠨ ᠤ ᠨᠠᠮ ᠤᠨ ᠤᠳᠤᠷᠢᠳᠬᠤ ᠳᠤᠭᠤᠶᠢᠯᠠᠩ᠂ ᠬᠤᠰᠢᠭᠤᠨ ᠤ ᠪᠠᠶᠢᠴᠠᠭᠠᠬᠤ ᠬᠤᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ 2024 ᠣᠨ ᠤ ᠠᠵᠢᠯ ᠤᠨ ᠪᠠᠶᠢᠳᠠᠯ ᠪᠠ 2025 ᠣᠨ ᠤ ᠠᠵᠢᠯ ᠤᠨ ᠲᠣᠬᠢᠷᠠᠭᠤᠯᠤᠯᠲᠠ ᠶᠢᠨ ᠬᠠᠷᠢᠭᠤ ᠮᠡᠳᠡᠭᠦᠯᠦᠯᠲᠡ ᠶᠢ ᠰᠣᠨᠣᠰᠪᠠ  ᠃ 2024 ᠣᠨ ᠤ ᠪᠥᠬᠦ ᠬᠤᠰᠢᠭᠤᠨ ᠤ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠪᠠ ᠢᠯᠵᠠᠷᠠᠯ ᠢ ᠡᠰᠡᠷᠭᠦᠴᠡᠬᠦ ᠠᠵᠢᠯ᠂ ᠦᠵᠡᠯ ᠤᠬᠠᠮᠰᠠᠷ ᠤᠨ ᠬᠡᠯᠪᠡᠷᠢ ᠪᠠ ᠰᠦᠯᠵᠢᠶᠡᠨ ᠤ ᠦᠵᠡᠯ ᠤᠬᠠᠮᠰᠠᠷ ᠤᠨ ᠬᠡᠯᠪᠡᠷᠢ ᠶᠢᠨ ᠠᠵᠢᠯ᠂ ᠪᠥᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠠᠵᠢᠯ ᠪᠠ ᠪᠥᠬᠦ ᠬᠤᠰᠢᠭᠤᠨ ᠤ ︽ᠱᠠᠯᠢᠭ ᠵᠠᠪᠬᠠᠶ ᠵᠦᠢᠯᠡᠰ ᠢ ᠠᠷᠢᠯᠭᠠᠵᠤ ᠬᠠᠤᠯᠢ ᠪᠤᠰᠤ ᠬᠡᠪᠯᠡᠭᠳᠡᠬᠦᠨ ᠳᠤ ᠴᠣᠬᠢᠯᠲᠠ ᠥᠭᠬᠦ︾ ᠠᠵᠢᠯ ᠢ ᠥᠷᠨᠢᠭᠦᠯᠦᠭᠰᠡᠨ ᠪᠠᠶᠢᠳᠠᠯ ᠤᠨ ᠲᠤᠬᠠᠶ ᠬᠠᠷᠢᠭᠤ ᠮᠡᠳᠡᠭᠦᠯᠦᠯᠲᠡ ᠶᠢ ᠰᠣᠨᠣᠰᠪᠠ  ᠃ ᠡᠯ᠎ᠡ ᠪᠠᠶᠢᠩᠭᠤ ᠶᠢᠨ ᠬᠡᠰᠢᠭᠦᠳ  ᠤᠨ ᠦᠨᠳᠦᠰᠦᠲᠡᠨ ᠤ ᠠᠵᠢᠯ ᠪᠠ 2024 ᠣᠨ ᠤ ᠮᠠᠨ ᠤ ᠬᠤᠰᠢᠭᠤᠨ ᠤ ᠨᠠᠮ ᠤᠨ ᠲᠡᠤᠬᠡ ᠶᠢᠨ ᠠᠵᠢᠯ  ᠂᠂ᠴᠢᠬᠤᠯᠠ ᠠᠵᠢᠯ ᠤᠨ ᠨᠢᠭᠤᠴᠠ ᠶᠢ ᠬᠠᠮᠠᠭᠠᠯᠠᠬᠤ  ᠠᠵᠢᠯ ᠤᠨ  ᠲᠤᠬᠠᠶ ᠬᠠᠷᠢᠭᠤ ᠮᠡᠳᠡᠭᠦᠯᠦᠯᠲᠡ ᠶᠢ ᠰᠣᠨᠣᠰᠪᠠ᠃     ᠬᠤᠷᠠᠯ ᠠᠴᠠ᠂ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ ᠤᠨ ᠬᠢᠨ ᠲᠤᠭ ᠲᠡᠮᠳᠡᠭ ᠲᠣᠳᠣᠷᠬᠠᠢ ᠪᠠᠷ ᠤᠯᠤᠰ ᠲᠦᠷᠦ ᠶᠢ ᠡᠷᠬᠢᠮᠯᠡᠵᠦ᠂ ᠲᠥᠪ ᠤᠨ ᠤᠯᠤᠰ ᠲᠦᠷᠦ ᠶᠢᠨ ᠲᠣᠪᠴᠢᠶᠠᠨ ᠤ ᠬᠤᠷᠠᠯ᠂ ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠪᠣᠯᠤᠨ ᠪᠦᠬᠦ ᠣᠷᠣᠨ ᠤ ᠠᠵᠤ ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠲᠤᠭᠤᠰᠢᠯᠠᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠲᠠᠪᠤ ᠶᠢ ︽ᠡᠷᠬᠡᠪᠰᠢ ᠰᠠᠶᠢᠲᠤᠷ ᠨᠢᠭᠡᠳᠦᠯᠲᠡᠢ ᠲᠥᠯᠥᠪᠵᠢᠭᠦᠯᠬᠦ︾ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠣᠶᠢᠯᠠᠭᠠᠵᠤ᠂ ᠪᠣᠳᠠᠲᠤ ᠠᠵᠢᠯᠯᠠᠭ᠎ᠠ ᠪᠣᠯᠤᠨ ᠠᠵᠢᠯ ᠤᠨ ᠦᠷ᠎ᠡ ᠪᠦᠲᠦᠮᠵᠢ ᠪᠠᠷ ᠢᠶᠠᠨ ︽ᠬᠤᠶᠠᠷ ᠢ ᠲᠣᠭᠲᠠᠭᠠᠬᠤ︾ ᠶᠢ ᠡᠷᠡᠰ ᠬᠦᠷᠢᠶᠡᠯᠡᠵᠦ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠬᠦ ᠬᠡᠷᠡᠭᠲᠡᠢ  ᠃ ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ   ᠶᠢ ᠪᠠᠷᠢᠮᠲᠠᠯᠠᠵᠤ᠂ ᠰᠢᠨ᠎ᠡ ᠬᠥᠭᠵᠢᠯᠲᠡ ᠶᠢᠨ ᠤᠢᠢᠯᠠᠭᠠᠭᠳᠠᠬᠤᠨ ᠢ ᠪᠦᠷᠢᠨ ᠪᠦᠲᠦᠨ ᠵᠥᠪ ᠣᠨᠣᠪᠴᠢᠲᠠᠢ ᠪᠦᠬᠦ ᠲᠠᠯ᠎ᠠ ᠪᠠᠷ  ᠳᠤᠭᠤᠰᠢᠯᠠᠭᠤᠯᠤᠨ᠂ ᠨᠢᠭᠡ ᠭᠤᠣᠯ ᠰᠢᠵᠢᠮ ᠂ ᠬᠤᠶᠠᠷ ᠶᠡᠭᠡ ᠶᠠᠪᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ︽ᠵᠢᠷᠭᠤᠭᠠᠨ ᠢᠨᠵᠧᠨᠧᠷᠢᠩ︾ ᠢ  ᠪᠡᠶᠡᠯᠡᠭᠦᠯᠥᠨ᠂ ︽ᠵᠢᠷᠭᠤᠭᠠᠨ ᠠᠵᠢᠯᠯᠠᠭ᠎ᠠ︾ ᠶᠢ ᠥᠷᠨᠢᠭᠦᠯᠵᠦ᠂ ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠠᠴᠠ ᠲᠣᠭᠲᠠᠭᠠᠭᠰᠠᠨ ᠶᠢᠰᠦᠨ ᠲᠠᠯ᠎ᠠ ᠶᠢᠨ ᠭᠤᠣᠯᠳᠠᠯᠭ᠎ᠠ ᠲᠠᠢ ᠡᠭᠦᠷᠭᠡ ᠶᠢ  ᠪᠣᠳᠠᠲᠤ ᠶᠠᠪᠤᠳᠠᠯ ᠪᠣᠯᠭᠠᠨ ᠬᠤᠪᠢᠷᠠᠭᠤᠯᠵᠤ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠬᠥᠭᠵᠢᠯᠲᠡ ᠶᠢ ᠦᠷᠭᠦᠯᠵᠢᠯᠡᠨ ᠠᠬᠢᠭᠤᠯᠬᠤ ᠬᠡᠷᠡᠭᠲᠡᠢ ᠭᠡᠵᠡᠢ᠃     ᠬᠤᠷᠠᠯ ᠠᠴᠠ ᠴᠢᠬᠤᠯᠠᠴᠢᠯᠠᠭᠰᠠᠨ ᠨᠢ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠬᠥᠭᠵᠢᠯᠲᠡ ᠶᠢ ᠯᠠᠪᠳᠠᠭᠤᠨ ᠪᠠᠲᠤᠲᠠᠶ ᠠᠬᠢᠭᠤᠯᠵᠤ᠂ ᠪᠥᠬᠦ ᠬᠤᠰᠢᠭᠤᠨ ᠤ ᠳᠠᠪᠠᠭᠤᠯᠢᠭ ᠤᠨᠴᠠᠯᠢᠬᠳᠤ ᠠᠵᠤ ᠦᠢᠯᠡᠰ ᠲᠤ ᠠᠩᠬᠠᠷᠤᠯ ᠢᠶᠠᠨ ᠲᠥᠪᠯᠡᠷᠡᠭᠦᠯᠵᠦ᠂  ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠪᠠ ᠠᠵᠤ ᠦᠢᠯᠡᠰ ᠤᠨ ᠰᠢᠨ᠎ᠡ ᠶᠢ ᠡᠭᠦᠳᠬᠦ ᠶᠢ ᠠᠭᠤᠰᠤᠯᠴᠠᠭᠤᠯᠤᠨ ᠬᠥᠭᠵᠢᠭᠦᠯᠬᠦ ᠶᠢ ᠠᠬᠢᠭᠤᠯᠬᠤ ᠬᠡᠷᠡᠭᠲᠡᠶ᠃ ᠨᠢᠭᠡᠳᠦᠭᠡᠷ ᠠᠵᠤ ᠦᠢᠯᠡᠰ ᠢ ᠬᠦᠴᠦᠷᠬᠡᠭᠵᠢᠭᠦᠯᠬᠦ᠂ ᠬᠤᠶᠠᠳᠤᠭᠠᠷ ᠠᠵᠤ ᠦᠢᠯᠡᠰ ᠢ ᠪᠤᠵᠠᠭᠠᠶᠢᠷᠠᠭᠤᠯᠬᠤ᠂ ᠭᠤᠷᠪᠠᠳᠤᠭᠠᠷ ᠠᠵᠤ ᠦᠢᠯᠡᠰ ᠢ ᠠᠮᠢᠳᠤᠯᠢᠭᠵᠢᠭᠤᠯᠬᠤ ᠶᠢ ᠪᠠᠷᠢᠮᠲᠠᠯᠠᠵᠤ᠂ ᠡᠯᠡᠰᠦ ᠶᠢ  ᠰᠡᠷᠭᠡᠶᠢᠯᠡᠨ ᠵᠠᠰᠠᠬᠤ᠂ ᠭᠤᠣᠯᠳᠠᠯᠭ᠎ᠠ ᠲᠠᠢ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ᠂ ᠠᠷᠠᠯᠵᠢᠶᠠᠴᠢᠨ ᠤᠷᠢᠵᠤ ᠪᠡᠯᠡ ᠣᠷᠣᠭᠤᠯᠬᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠨᠡᠶᠢᠭᠡᠮ ᠤᠨ ᠵᠠᠰᠠᠯᠲᠠ ᠵᠡᠷᠭᠡ ᠭᠤᠣᠯᠳᠠᠯᠭ᠎ᠠ ᠲᠠᠢ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠠᠮᠢ ᠠᠬᠤᠢ ᠶᠢ ᠲᠡᠷᠢᠭᠦᠨ ᠳᠤ ᠲᠠᠯᠪᠢᠬᠤ᠂ ᠪᠣᠬᠢᠷᠲᠤᠯ ᠦᠭᠡᠢ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢᠶᠠᠷ ᠭᠤᠶᠢᠪᠢᠰᠢ ᠦᠭᠡᠢ ᠰᠠᠶᠢᠲᠤᠷ ᠵᠠᠮᠨᠠᠬᠤ ᠬᠡᠷᠡᠭᠲᠡᠢ᠃ ᠰᠣᠶᠣᠯ ᠤᠨ ᠦᠢᠯᠡᠰ ᠪᠣᠯᠤᠨ ᠰᠣᠶᠣᠯ ᠤᠨ ᠠᠵᠤ ᠦᠢᠯᠡᠰ ᠤᠨ ᠬᠥᠭᠵᠢᠯᠲᠡ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠰᠣᠶᠣᠯ᠂ ᠪᠡᠶ᠎ᠡ  ᠲᠠᠮᠢᠷ᠂ ᠵᠢᠭᠤᠯᠴᠢᠯᠠᠯ᠂ ᠡᠷᠡᠭᠦᠯᠵᠢᠯ ᠰᠤᠪᠢᠯᠠᠯᠲᠠ ᠵᠡᠷᠭᠡ ᠠᠵᠤ ᠦᠢᠯᠡᠰ ᠤᠨ ᠠᠭᠤᠰᠤᠯᠴᠠᠨ ᠬᠥᠭᠵᠢᠬᠦ ᠶᠢ ᠠᠬᠢᠭᠤᠯᠵᠤ᠂ ᠮᠠᠯᠵᠢᠬᠤ ᠲᠠᠷᠢᠶᠠᠯᠠᠬᠤ ᠣᠷᠣᠨ ᠤ ᠤᠶᠤᠨ ᠤ ᠪᠣᠯᠪᠠᠰᠤᠨ ᠤ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠵᠤ᠂ ᠵᠠᠩ ᠳᠠᠳᠬᠠᠯ ᠢ ᠥᠭᠡᠷᠡᠴᠢᠯᠡᠬᠦ ᠶᠢ ᠶᠡᠬᠡᠪᠡᠷ ᠠᠬᠢᠭᠤᠯᠬᠤ ᠬᠡᠷᠡᠭᠲᠡᠢ᠃ ᠬᠥᠭᠵᠢᠯᠲᠡ ᠶᠢᠨ ᠳᠤᠮᠳᠠ ᠠᠷᠠᠳ ᠤᠨ ᠠᠮᠢᠳᠤᠷᠠᠯ ᠢ  ᠰᠠᠶᠢᠵᠢᠷᠠᠭᠤᠯᠬᠤ ᠶᠢ  ᠪᠠᠲᠤᠯᠠᠵᠤ᠂ ᠠᠵᠢᠯ ᠣᠯᠭᠤᠯᠲᠠ  ᠶᠢ ᠰᠠᠶᠢᠲᠤᠷ ᠠᠳᠬᠤᠵᠤ᠂ ᠠᠷᠠᠳ ᠤᠨ ᠠᠮᠢᠳᠤᠷᠠᠯ ᠳᠤ ᠬᠤᠯᠪᠤᠭᠳᠠᠬᠤ ᠪᠣᠳᠠᠲᠤ ᠶᠠᠪᠤᠳᠠᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠤᠯᠠᠨ ᠲᠦᠮᠡᠨ ᠤ  ᠪᠠᠴᠢᠮ  ᠲᠤᠯᠭᠠᠮ  ᠬᠦᠴᠢᠷ  ᠵᠤᠪᠠᠯᠠᠩ ᠲᠠᠢ ᠠᠰᠠᠭᠤᠳᠠᠯ ᠢ ᠳᠠᠷᠤᠶᠢᠬᠠᠨ ᠰᠢᠢᠳᠪᠦᠷᠢᠯᠡᠵᠦ᠂ ᠵᠢᠯ ᠤᠨ ᠡᠴᠦᠰ ᠤᠨ ᠡᠯ᠎ᠡ ᠵᠦᠢᠯ ᠤᠨ ᠠᠵᠢᠯ ᠢ ᠰᠠᠶᠢᠲᠤᠷ ᠬᠢᠵᠦ᠂ ᠤᠯᠠᠨ ᠲᠦᠮᠡᠨ ᠤ ᠠᠮᠤᠷ ᠲᠠᠶᠢᠪᠤᠩ ᠠᠵᠤ ᠲᠦᠷᠦᠭᠦ᠂ ᠨᠡᠶᠢᠭᠡᠮ ᠤᠨ ᠠᠮᠤᠷ ᠲᠣᠭᠲᠠᠭᠤᠨ ᠡᠶ᠎ᠡ ᠵᠣᠬᠢᠴᠠᠩᠭᠤᠢ ᠶᠢ ᠦᠨᠡᠨ ᠬᠦ ᠪᠠᠲᠤᠯᠠᠬᠤ ᠬᠡᠷᠡᠭᠲᠡᠢ  ᠭᠡᠵᠡᠢ᠃    ᠬᠤᠷᠠᠯ ᠠᠴᠠ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠭᠤᠣᠯ ᠱᠤᠭᠤᠮ ᠤᠨ ᠠᠵᠢᠯ ᠢ ᠭᠦᠨᠵᠡᠭᠡᠢ  ᠳᠤᠭᠤᠰᠢᠯᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠤᠬᠠᠭᠤᠯᠭ᠎ᠠ ᠬᠥᠮᠦᠵᠢᠯ ᠪᠣᠯᠤᠨ ︽ᠨᠠᠮ ᠤᠨ ᠠᠴᠢ ᠶᠢ ᠮᠡᠳᠡᠷᠡᠵᠦ᠂ ᠨᠠᠮ ᠤᠨ ᠦᠭᠡ ᠶᠢ  ᠰᠣᠨᠣᠰᠣᠨ᠂ ᠨᠠᠮ ᠢᠶᠠᠨ ᠳᠠᠭᠠᠬᠤ︾ ᠤᠯᠠᠨ ᠲᠦᠮᠡᠨ ᠤ ᠬᠥᠮᠦᠵᠢᠯ ᠢ ᠪᠠᠶᠢᠩᠭᠤᠵᠢᠭᠤᠯᠤᠨ ᠥᠷᠨᠢᠭᠦᠯᠵᠦ᠂ ︽ᠵᠢᠷᠭᠤᠭᠠᠨ  ᠪᠠᠳᠠᠭ ᠦᠭᠡ ᠶᠢᠨ  ᠤᠴᠢᠷ ᠶᠠᠪᠤᠳᠠᠯ ᠪᠣᠯᠤᠨ ᠶᠣᠰᠣ ᠤᠴᠢᠷ ﹀﹀ ᠢ ᠰᠠᠶᠢᠲᠤᠷ  ᠬᠠᠭᠤᠴᠢᠯᠠᠵᠤ᠂ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢ ᠡᠭᠦᠳᠦᠨ ᠪᠠᠶᠢᠭᠤᠯᠬᠤ ᠶᠢ ᠯᠠᠪᠳᠠᠭᠤᠨ ᠪᠠᠲᠤᠲᠠᠢ ᠠᠬᠢᠭᠤᠯᠵᠤ᠂ ᠪᠦᠬᠦ ᠤᠯᠤᠰ ᠤᠨ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠵᠢᠱᠢᠶ᠎ᠡ ᠦᠵᠡᠭᠦᠯᠬᠦ ᠬᠤᠰᠢᠭᠤ ᠶᠢ ᠴᠢᠷᠮᠠᠶᠢᠨ ᠡᠭᠦᠳᠬᠦ ᠬᠡᠷᠡᠭᠲᠡᠢ ᠭᠡᠵᠦ ᠴᠢᠬᠤᠯᠠᠴᠢᠯᠠᠪᠠ᠃    ᠬᠤᠷᠠᠯ ᠠᠴᠠ᠂ ᠠᠮᠤ ᠪᠤᠳᠠᠭᠠᠨ ᠤ ᠠᠮᠤᠷ ᠲᠦᠪᠰᠢᠨ ᠤ ᠬᠠᠷᠢᠭᠤᠴᠠᠯᠭ᠎ᠠ ᠶᠢ ᠪᠠᠲᠤ ᠡᠭᠦᠷᠭᠡᠯᠡᠵᠦ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠳᠦᠭᠡᠨ ᠪᠠᠶᠢᠭᠤᠯᠤᠯᠲᠠ᠂ ᠬᠤᠵᠢᠷᠯᠢᠭ ᠭᠠᠵᠠᠷ ᠢ ᠰᠠᠶᠢᠵᠢᠷᠠᠭᠤᠯᠬᠤ᠂ ᠲᠠᠷᠢᠶᠠᠯᠠᠩ ᠤᠨ ᠤᠰᠤ ᠠᠷᠪᠢᠯᠠᠬᠤ ᠵᠡᠷᠭᠡ ᠠᠵᠢᠯ ᠢ ᠴᠢᠨᠠᠷ ᠰᠠᠶᠢᠲᠠᠢ ᠠᠬᠢᠭᠤᠯᠵᠤ᠂ ᠠᠮᠤ ᠪᠤᠳᠠᠭᠠᠨ ᠤ ᠲᠠᠯᠠᠪᠠᠢ ᠨᠢᠭᠡᠴᠢ ᠶᠢᠨ ᠤᠨᠠᠯᠲᠠ ᠶᠢ ᠴᠢᠷᠮᠠᠶᠢᠨ ᠳᠡᠭᠡᠭᠰᠢᠯᠡᠭᠦᠯᠬᠦ ᠬᠡᠷᠡᠭᠲᠡᠢ᠃ ᠬᠤᠳᠠ ᠬᠥᠳᠡᠭᠡ ᠶᠢ ᠠᠭᠤᠰᠤᠯᠴᠠᠭᠤᠯᠤᠨ ᠬᠥᠭᠵᠢᠭᠦᠯᠬᠦ᠂ ᠣᠷᠣᠨ ᠪᠦᠰᠡ ᠶᠢᠨ ᠵᠣᠬᠢᠴᠠᠩᠭᠤᠢ ᠬᠥᠭᠵᠢᠯᠲᠡ ᠶᠢ ᠨᠢᠭᠡᠳᠦᠯᠲᠡᠢ ᠲᠥᠯᠥᠪᠵᠢᠭᠦᠯᠵᠦ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠦᠨ ᠥᠷᠭᠡᠳᠬᠡᠵᠦ᠂ ᠬᠥᠳᠡᠭᠡ ᠲᠣᠰᠬᠤᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ  ᠠᠬᠢᠭᠤᠯᠬᠤ ᠬᠡᠷᠡᠭᠳᠡᠢ᠃  ᠭᠠᠵᠠᠷ ᠣᠷᠣᠨ ᠤ ᠪᠠᠶᠢᠳᠠᠯ ᠳᠠᠭᠠᠨ ᠲᠤᠬᠢᠷᠠᠭᠤᠯᠤᠨ  ᠠᠷᠠᠳ ᠢ ᠪᠠᠶᠠᠵᠢᠭᠤᠯᠬᠤ ᠤᠨᠴᠠᠯᠢᠬᠳᠤ ᠠᠵᠤ ᠦᠢᠯᠡᠰ ᠢ ᠬᠥᠭᠵᠢᠭᠦᠯᠵᠦ᠂ ︽ᠭᠤᠷᠪᠠ ᠶᠢ ᠬᠤᠪᠢᠷᠠᠭᠤᠯᠬᠤ︾ ᠥᠭᠡᠷᠡᠴᠢᠯᠡᠯᠲᠡ ᠶᠢ ᠭᠦᠨᠵᠡᠭᠡᠢ ᠠᠬᠢᠭᠤᠯᠵᠤ᠂ ᠮᠠᠯᠴᠢᠨ ᠲᠠᠷᠢᠶᠠᠴᠢᠨ ᠲᠦᠮᠡᠨ ᠤ ᠣᠷᠣᠯᠭ᠎ᠠ ᠶᠢ ᠦᠷᠭᠦᠯᠵᠢᠯᠡᠨ ᠨᠡᠮᠡᠭᠳᠡᠭᠦᠯᠬᠦ ᠬᠡᠷᠡᠭᠲᠡᠢ᠃  ︽ᠮᠢᠩᠭ᠎ᠠ ᠲᠦᠮᠡᠨ ᠢᠨᠵᠧᠨᠧᠷᠢᠩ ︾ ᠤᠨ ᠲᠤᠷᠰᠢᠯᠭ᠎ᠠ ᠶᠢ ᠭᠦᠨᠵᠡᠭᠡᠶ ᠰᠤᠷᠤᠯᠴᠠᠨ ᠬᠡᠷᠡᠭᠯᠡᠵᠦ᠂ ᠮᠠᠯᠵᠢᠬᠤ ᠲᠠᠷᠢᠶᠠᠯᠠᠬᠤ ᠣᠷᠣᠨ ᠤ  ᠰᠠᠭᠤᠭᠠᠯᠢ ᠣᠷᠴᠢᠨ ᠲᠣᠭᠤᠷᠢᠨ ᠢ ᠴᠡᠭᠴᠡᠯᠡᠨ ᠵᠠᠰᠠᠬᠤ ᠶᠢ ᠯᠠᠪᠳᠠᠭᠤᠨ ᠪᠠᠲᠤᠲᠠᠶ ᠠᠬᠢᠭᠤᠯᠵᠤ᠂ ᠮᠠᠯᠵᠢᠬᠤ ᠲᠠᠷᠢᠶᠠᠯᠠᠬᠤ ᠣᠷᠣᠨ ᠤ ᠣᠶᠤᠨ ᠤ ᠪᠣᠯᠪᠠᠰᠤᠨ ᠤ ᠪᠠᠶᠢᠭᠤᠯᠤᠯᠲᠠ ᠶᠢ ᠴᠢᠩᠭᠠᠳᠬᠠᠵᠤ᠂ ᠣᠷᠣᠰᠢᠨ ᠰᠠᠭᠤᠬᠤ ᠳᠤ ᠲᠣᠬᠢᠷᠠᠮᠵᠢᠲᠠᠶ ᠠᠵᠢᠯ ᠦᠢᠯᠡᠰ ᠡᠷᠬᠢᠯᠡᠬᠦ ᠳᠤ ᠲᠣᠬᠢᠷᠠᠮᠵᠢᠲᠠᠶ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠢ ᠪᠣᠶ ᠪᠣᠯᠭᠠᠬᠤ ᠬᠡᠷᠡᠭᠲᠡᠶ ᠭᠡᠰᠡᠨ ᠪᠠᠶᠢᠨ᠎ᠠ᠃    ᠬᠤᠷᠠᠯ ᠠᠴᠠ᠂ ᠠᠶᠤᠯᠭᠦᠢ ᠦᠢᠯᠡᠳᠪᠦᠷᠢᠯᠡᠯ ᠤᠨ ᠡᠯ᠎ᠡ ᠵᠦᠢᠯ ᠤᠨ ᠠᠵᠢᠯ ᠢ ᠨᠠᠷᠢᠨ ᠨᠢᠮᠪᠠᠢ ᠰᠠᠶᠢᠲᠤᠷ ᠠᠳᠬᠤᠵᠤ᠂ ᠠᠶᠤᠯᠭᠦᠢ ᠦᠢᠯᠡᠳᠪᠦᠷᠢᠯᠡᠯ ᠤᠨ ᠦᠨᠳᠦᠰᠦᠨ ᠠᠴᠠ ᠨᠢ ᠵᠠᠰᠠᠬᠤ ᠪᠣᠭᠤᠮᠲᠠ ᠰᠢᠪᠲᠤᠯᠬᠤ ᠭᠤᠷᠪᠠᠨ ᠵᠢᠯ ᠤᠨ ᠠᠵᠢᠯᠯᠠᠭ᠎ᠠ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠬᠦᠨᠳᠦ ᠶᠡᠭᠡ ᠠᠳᠡᠯ ᠤᠨ ᠬᠡᠮ ᠰᠣᠭᠤᠭ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠶᠢ   ᠴᠢᠩᠭᠠᠳᠬᠠᠵᠤ  ᠂  ᠰᠢᠨ᠎ᠡ ᠵᠢᠯ᠂ ᠴᠠᠭᠠᠨ ᠰᠠᠷ᠎ᠠ ᠶᠢᠨ  ᠬᠤᠭᠤᠴᠠᠭᠠᠨ ᠳᠤ ᠨᠡᠩ ᠢᠯᠡᠭᠦᠥ ᠠᠩᠬᠠᠷᠬᠤ ᠴᠢᠬᠤᠯᠠ ᠲᠠᠢ᠃  ᠠᠵᠤ ᠠᠬᠤᠶᠢᠯᠠᠯ ᠤᠨ ᠠᠵᠢᠯ ᠢᠶᠠᠨ ᠰᠡᠷᠭᠦᠭᠡᠵᠦ ᠦᠢᠯᠡᠳᠪᠦᠷᠢᠯᠡᠯ ᠢᠶᠠᠨ ᠰᠡᠷᠭᠦᠭᠡᠬᠦ ᠠᠮᠤᠷ ᠲᠦᠪᠰᠢᠨ ᠤ ᠠᠵᠢᠯ ᠢ ᠰᠠᠶᠢᠲᠤᠷ ᠠᠳᠬᠤᠵᠤ᠂ ᠠᠵᠤ ᠠᠬᠤᠶᠢᠯᠠᠯ ᠢ ᠬᠠᠪᠰᠤᠷᠤᠨ ᠦᠢᠯᠡᠳᠪᠦᠷᠢᠯᠡᠯ ᠡᠵᠡᠩᠨᠡᠯᠲᠡ ᠶᠢᠨ ᠳᠤᠮᠳᠠᠬᠢ ᠡᠯ᠎ᠡ ᠲᠦᠷᠦᠯ ᠤᠨ ᠠᠶᠤᠯ ᠲᠦᠭᠰᠢᠭᠦᠷᠢ ᠶᠢᠨ ᠬᠡᠮ ᠰᠣᠭᠤᠭ ᠢ ᠠᠷᠢᠯᠭᠠᠬᠤ ᠬᠡᠷᠡᠭᠲᠡᠢ᠃ ᠠᠮᠤᠷ ᠠᠮᠤᠭᠤᠯᠠᠩ ᠣᠩᠨᠢᠭᠤᠳ ᠬᠤᠰᠢᠭᠤᠨ ᠤ ᠪᠦᠲᠦᠭᠡᠨ ᠪᠠᠶᠢᠭᠤᠯᠤᠯᠲᠠ ᠶᠢ ᠭᠦᠨᠵᠡᠭᠡᠶᠢᠷᠡᠭᠦᠯᠵᠦ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠭᠤᠣᠯᠳᠠᠯᠭ᠎ᠠ ᠲᠠᠢ ᠬᠦᠷᠢᠶ᠎ᠡ᠂ ᠭᠤᠣᠯᠳᠠᠯᠭ᠎ᠠ ᠲᠠᠢ ᠭᠤᠭᠴᠤᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠦᠨᠳᠦᠰᠦᠨ ᠱᠠᠲᠤᠨ ᠤ ᠵᠥᠷᠢᠴᠡᠯ ᠵᠢᠭᠤᠷᠠᠯᠳᠤᠭᠠᠨ ᠢ ᠪᠠᠶᠢᠴᠠᠭᠠᠨ ᠰᠢᠢᠳᠪᠦᠷᠢᠯᠡᠬᠦ ᠠᠵᠢᠯ ᠢ ᠴᠢᠩᠭᠠᠳᠬᠠᠵᠤ᠂ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ᠂ ᠨᠡᠶᠢᠭᠡᠮ ᠤᠨ ᠠᠮᠤᠷ ᠲᠦᠪᠰᠢᠨ ᠢ ᠬᠠᠮᠠᠭᠠᠯᠠᠬᠤ ᠵᠡᠷᠭᠡ  ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠠᠮᠤᠷ ᠲᠦᠪᠰᠢᠨ ᠲᠣᠭᠲᠠᠭᠤᠨ ᠨᠡᠶᠢᠭᠡᠮ ᠤᠨ ᠣᠷᠴᠢᠨ ᠲᠣᠭᠤᠷᠢᠨ ᠢ ᠪᠤᠢ ᠪᠣᠯᠭᠠᠬᠤ ᠬᠡᠷᠡᠭᠲᠡᠢ ᠭᠡᠵᠡᠢ  ᠃   ᠬᠤᠷᠠᠯ ᠠᠴᠠ ᠪᠠᠰᠠ ᠪᠤᠰᠤᠳ ᠵᠦᠢᠯ ᠢ  ᠰᠣᠳᠣᠯᠣᠨ ᠶᠠᠷᠢᠯᠴᠠᠪᠠ᠃
 
ᠢᠷᠡᠯᠲᠡ᠄ ᠣᠩᠨᠢᠭᠤᠳ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号