| | 12 ᠰᠠᠷ᠎ᠠ ᠶᠢᠨ 30 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠮᠥᠩᠬᠡ ᠬᠤᠰᠢᠭᠤᠨ ᠤ | ᠨᠠᠮ ᠤᠨ ᠬᠤᠷᠢᠶᠠᠨ ᠤ ᠣᠨᠣᠯ ᠤᠨ ᠰᠤᠷᠤᠯᠴᠠᠯᠭ᠎ᠠ ᠶᠢᠨ ᠭᠤᠤᠯᠯᠠᠬᠤ ᠳᠤᠭᠤᠶᠢᠯᠠᠩ ᠤᠨ ᠠᠷᠪᠠᠨ ᠲᠠᠪᠤᠳᠤᠭᠠᠷ | ᠤᠳᠠᠭᠠᠨ ᠤ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ᠬᠡᠰᠢᠭᠦᠳ ᠲᠠᠢ ᠬᠠᠮᠲᠤ ᠪᠠᠷ | ︽ᠰᠢ ᠶᠢᠨ ᠫᠢᠩ ᠤᠨ ᠰᠣᠶᠣᠯ ᠤᠨ ᠦᠵᠡᠯ ᠰᠠᠨᠠᠭ᠎ᠠ︾ ᠶᠢ ᠲᠤᠰᠬᠠᠶ ᠰᠡᠳᠦᠪ ᠢᠶᠠᠷ ᠰᠤᠷᠤᠯᠴᠠᠪᠠ᠃ | ᠬᠤᠷᠠᠯ ᠠᠴᠠ ᠵᠢᠭᠠᠵᠤ ᠭᠠᠷᠭᠠᠭᠰᠠᠨ ᠨᠢ᠂ ᠰᠢ ᠶᠢᠨ ᠫᠢᠩ ᠤᠨ ᠰᠣᠶᠣᠯ ᠤᠨ ᠦᠵᠡᠯ ᠰᠠᠨᠠᠭᠠᠨ ᠤ ᠭᠤᠣᠯ | ᠠᠭᠤᠯᠭ᠎ᠠ᠂ ᠵᠣᠷᠢᠭ ᠰᠠᠨᠠᠭᠠᠨ ᠤ ᠮᠥᠨ ᠴᠢᠨᠠᠷ ᠪᠣᠯᠤᠨ ᠦᠢᠯᠡᠳᠦᠯᠭᠡ ᠶᠢᠨ ᠱᠠᠭᠠᠷᠳᠠᠯᠭ᠎ᠠ ᠶᠢ ᠭᠦᠨᠵᠡᠭᠡᠢ ᠰᠤᠷᠤᠯᠴᠠᠨ | ᠣᠶᠢᠯᠠᠭᠠᠵᠤ᠂ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠣᠯᠤᠨ ᠥᠷᠭᠡᠨ ᠤᠯᠠᠨ ᠨᠠᠮ ᠤᠨ ᠭᠡᠰᠢᠭᠦᠨ | ᠺᠠᠳ᠋ᠷᠴᠤᠳ ᠢ ᠬᠥᠮᠦᠵᠢᠭᠦᠯᠦᠨ ᠬᠦᠳᠦᠯᠦᠨ ᠵᠢᠯᠣᠭᠤᠳᠴᠤ ᠪᠠᠶᠢᠭᠠᠳ ᠰᠣᠶᠣᠯ ᠤᠨ ᠤᠬᠠᠮᠰᠠᠷ ᠢ ᠨᠢ ᠲᠠᠰᠤᠷᠠᠯᠲᠠ | ᠦᠭᠡᠢ ᠴᠢᠩᠭᠠᠳᠬᠠᠵᠤ᠂ ᠰᠣᠶᠣᠯ ᠤᠨ ᠢᠲᠡᠭᠡᠯ ᠢ ᠨᠢ ᠪᠠᠲᠤᠳᠬᠠᠨ᠂ ᠪᠦᠬᠦ ᠬᠤᠰᠢᠭᠤᠨ ᠤ ᠴᠢᠨᠠᠷ ᠰᠠᠶᠢᠲᠠᠢ | ᠬᠥᠭᠵᠢᠯᠲᠡ ᠳᠤ ᠬᠦᠴᠦᠲᠡᠢ ᠦᠵᠡᠯ ᠰᠠᠨᠠᠭᠠᠨ ᠤ ᠪᠠᠲᠤᠯᠠᠭ᠎ᠠ ᠪᠣᠯᠤᠨ ᠰᠠᠶᠢᠨ ᠰᠠᠶᠢᠬᠠᠨ ᠶᠠᠷᠢᠶ᠎ᠠ ᠬᠡᠯᠡᠯᠴᠡᠭᠡᠨ ᠤ | ᠠᠭᠤᠷ ᠠᠮᠢᠰᠬᠤᠯ ᠢ ᠬᠠᠩᠭᠠᠬᠤ ᠬᠡᠷᠡᠭᠲᠡᠢ᠃ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ ᠤᠨ ᠠᠵᠢᠯ ᠢ | ᠲᠠᠰᠤᠷᠠᠯᠲᠠ ᠦᠭᠡᠢ ᠴᠢᠩᠭᠠᠳᠬᠠᠨ ᠰᠠᠶᠢᠵᠢᠷᠠᠭᠤᠯᠵᠤ᠂ ᠬᠤᠩᠱᠠᠨ ᠰᠣᠶᠣᠯ᠂ ᠲᠠᠯ᠎ᠠ ᠨᠤᠲᠤᠭ ᠤᠨ ᠰᠣᠶᠣᠯ ᠤᠨ | ᠠᠭᠤᠯᠤᠭᠳᠠᠬᠤᠨ ᠪᠠ ᠦᠨ᠎ᠡ ᠥᠷᠲᠡᠭ ᠢ ᠭᠦᠨᠵᠡᠭᠡᠶ ᠠᠭᠤᠳᠠᠯᠤᠨ ᠬᠠᠭᠤᠴᠢᠯᠠᠵᠤ᠂ ᠥᠪᠡᠷᠲᠡᠭᠡᠨ ᠵᠠᠰᠠᠬᠤ ᠣᠷᠣᠨ ᠤ | ︽ᠤᠮᠠᠷᠠᠲᠤ ᠬᠢᠯᠢ ᠶᠢᠨ ᠰᠣᠶᠣᠯ ᠤᠨ ᠪᠠᠶᠢᠭᠤᠯᠤᠯᠲᠠ ᠶᠢ ᠳᠡᠭᠡᠭᠰᠢᠯᠡᠭᠦᠯᠬᠦ ᠠᠵᠢᠯᠯᠠᠭ᠎ᠠ︾ ᠳᠤ ᠬᠦᠴᠦᠨ ᠴᠢᠳᠠᠯ ᠢᠶᠠᠨ | ᠡᠷᠭᠦᠬᠦ ᠬᠡᠷᠡᠭᠲᠡᠶ᠃ ᠨᠠᠮ ᠤᠨ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ ᠤᠨ ᠠᠵᠢᠯ ᠳᠠᠬᠢ | ᠤᠳᠤᠷᠢᠳᠤᠯᠭ᠎ᠠ ᠶᠢ ᠪᠠᠷᠢᠮᠲᠠᠯᠠᠵᠤ᠂ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠬᠠᠷᠢᠭᠤᠴᠠᠯᠭ᠎ᠠ ᠶᠢᠨ | ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠶᠠᠷᠢᠶ᠎ᠠ ᠬᠡᠯᠡᠯᠴᠡᠭᠡᠨ ᠤ ᠪᠠᠶᠢᠳᠠᠯ ᠢ ᠵᠠᠳᠠᠯᠤᠨ ᠰᠤᠳᠤᠯᠵᠤ ᠮᠠᠭᠠᠳᠯᠠᠬᠤ | ᠪᠠ ᠬᠥᠲᠥᠯᠥᠨ ᠵᠢᠯᠣᠭᠤᠳᠴᠤ ᠬᠠᠮᠢᠶᠠᠷᠤᠨ ᠡᠵᠡᠮᠳᠡᠬᠦ ᠶᠢ ᠴᠢᠩᠭᠠᠳᠬᠠᠵᠤ᠂ ᠦᠵᠡᠯ ᠤᠬᠠᠮᠰᠠᠷ ᠤᠨ ᠬᠡᠯᠪᠡᠷᠢ ᠶᠢᠨ | ᠠᠵᠢᠯ ᠳᠠᠬᠢ ᠨᠠᠮ ᠤᠨ ᠤᠳᠤᠷᠢᠳᠬᠤ ᠡᠷᠬᠡ ᠪᠠ ᠰᠠᠨᠠᠭᠠᠴᠢᠯᠠᠭᠠᠲᠤ ᠡᠷᠬᠡ ᠶᠢ ᠪᠠᠲᠤ ᠡᠵᠡᠮᠰᠢᠬᠦ ᠬᠡᠷᠡᠭᠲᠡᠶ ᠭᠡᠵᠡᠢ᠃ | ᠬᠤᠷᠠᠯ ᠠᠴᠠ ᠪᠠᠰᠠ ᠲᠤᠭ᠎ᠠ ᠪᠦᠷᠢᠳᠬᠡᠯ ᠤᠨ ᠠᠵᠢᠯ ᠪᠣᠯᠤᠨ ᠨᠠᠮ ᠤᠨ ᠲᠡᠦᠬᠡ ᠶᠢᠨ ᠰᠤᠷᠤᠯᠴᠠᠯᠭ᠎ᠠ | ᠬᠥᠮᠦᠵᠢᠯ ᠤᠨ ᠲᠤᠰᠬᠠᠢ ᠰᠡᠳᠦᠪᠲᠦ ᠬᠠᠮᠲᠤ ᠶᠢᠨ ᠰᠤᠷᠤᠯᠴᠠᠯᠭ᠎ᠠ ᠶᠢ ᠥᠷᠨᠢᠭᠦᠯᠪᠡ᠃ |