ᠮᠠ ᠶᠦᠩ ᠭᠠᠩ 2024 ᠣᠨ ᠤ ᠬᠤᠰᠢᠭᠤᠨ ᠤ ᠵᠠᠰᠠᠭ ᠤᠨ ᠣᠷᠳᠣᠨ ᠤ ᠶᠢᠰᠦᠳᠦᠭᠡᠷ ᠤᠳᠠᠭᠠᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/1/9
      12 ᠰᠠᠷ᠎ᠠ ᠶᠢᠨ 31 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠣᠷᠣᠯᠠᠭᠴᠢ ᠬᠤᠰᠢᠭᠤᠨ  ᠳᠠᠷᠤᠭ᠎ᠠ ᠮᠠ ᠶᠦᠩ ᠭᠠᠩ 2024 ᠣᠨ ᠤ ᠬᠤᠰᠢᠭᠤᠨ ᠤ ᠵᠠᠰᠠᠭ ᠤᠨ ᠣᠷᠳᠣᠨ ᠤ ᠶᠢᠰᠦᠳᠦᠭᠡᠷ ᠤᠳᠠᠭᠠᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ᠣᠳᠣᠬᠠᠨ ᠤ ᠭᠤᠤᠯᠳᠠᠯᠭ᠎ᠠ ᠲᠠᠢ ᠠᠵᠢᠯ ᠢ ᠳᠥᠯᠭᠢᠨ ᠠᠬᠢᠭᠤᠯᠬᠤ ᠲᠤᠬᠠᠶ ᠰᠤᠳᠤᠯᠤᠨ ᠪᠠᠶᠢᠷᠢᠯᠠᠭᠤᠯᠪᠠ᠃ ᠭᠤᠤ ᠶᠦᠩ ᠡᠤ᠂ ᠸᠠᠩ ᠵᠢᠶᠦ᠋ᠨ ᠵᠢᠶᠦ᠋ᠨ᠂ ᠴᠠᠭᠠᠨᠪᠠᠭᠠᠲᠤᠷ᠂ ᠳ᠋ᠠᠢ ᠢᠦᠢ ᠬᠤᠸᠠ᠂ ᠯᠢ ᠬᠤᠢ᠂ ᠸᠠᠩ ᠶᠦᠩ ᠯᠢ᠂  ᠳᠤᠪᠳᠤᠨᠰᠡᠩᠭᠡ ᠵᠡᠷᠭᠡ ᠤᠳᠤᠷᠢᠳᠤᠯᠭ᠎ᠠ ᠬᠤᠷᠠᠯ ᠳᠤ ᠣᠷᠣᠯᠴᠠᠪᠠ᠃       ᠬᠤᠷᠠᠯ ᠠᠴᠠ ᠲᠥᠪ ᠤᠨ ᠠᠵᠤ ᠠᠬᠤᠶ ᠶᠢᠨ ᠠᠵᠢᠯ ᠤᠨ ᠬᠤᠷᠠᠯ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠬᠤᠭᠤᠴᠠᠭᠠᠨ ᠤ ᠬᠤᠷᠢᠶ᠎ᠠ ᠶᠢᠨ ᠶᠢᠰᠦᠳᠦᠭᠡᠷ ᠪᠥᠬᠦᠳᠡ ᠬᠤᠷᠠᠯ ᠵᠢᠴᠢ ᠪᠥᠬᠦ ᠣᠷᠣᠨ ᠤ ᠠᠵᠤ ᠠᠬᠤᠶ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ᠂ ᠶᠡᠷᠦᠩᠬᠡᠶ ᠱᠦᠵᠢ ᠰᠢ ᠶᠢᠨ ᠫᠢᠩ ᠤᠨ ︽ᠬᠥᠳᠡᠭᠡ ᠠᠵᠤ ᠠᠬᠤᠶ ᠬᠥᠳᠡᠭᠡ ᠲᠣᠰᠬᠤᠨ ᠲᠠᠷᠢᠶᠠᠴᠢᠨ︾ ᠤ ᠠᠵᠢᠯ ᠢ ᠰᠠᠶᠢᠲᠤᠷ ᠬᠢᠬᠦ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠪᠣᠯᠤᠨ ᠲᠥᠪ ᠤᠨ ᠬᠥᠳᠡᠭᠡ ᠲᠣᠰᠬᠤᠨ ᠤ ᠠᠵᠢᠯ ᠤᠨ ᠬᠤᠷᠠᠯ ᠤᠨ ᠵᠣᠷᠢᠭ ᠰᠠᠨᠠᠭ᠎ᠠ᠂ ︽ᠬᠡᠷ ᠪᠠᠶᠢᠰᠢᠩ ᠭᠠᠵᠠᠷ ᠬᠥᠷᠥᠩᠭᠡ ᠶᠢᠨ ᠬᠥᠭᠵᠢᠯᠲᠡ ᠶᠢᠨ ᠰᠢᠨ᠎ᠡ ᠵᠠᠭᠪᠤᠷ ᠢ ᠲᠦᠷᠭᠡᠳᠬᠡᠨ ᠪᠠᠶᠢᠭᠤᠯᠵᠤ ᠬᠡᠷ ᠪᠠᠶᠢᠰᠢᠩ ᠭᠠᠵᠠᠷ ᠬᠥᠷᠥᠩᠭᠡ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠲᠤᠬᠠᠶ ᠨᠠᠮ ᠤᠨ ᠲᠥᠪ ᠬᠤᠷᠢᠶ᠎ᠠ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠰᠠᠨᠠᠯ︾ ᠢ ᠤᠯᠠᠮᠵᠢᠯᠠᠨ ᠰᠤᠷᠤᠯᠴᠠᠪᠠ᠃ ᠣᠩᠨᠢᠭᠤᠳ ᠬᠤᠰᠢᠭᠤᠨ ᠤ ᠠᠷᠪᠠᠨ ᠨᠠᠢᠮᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ ᠬᠤᠷᠠᠯᠳᠤᠭᠠᠨ  ᠳᠡᠭᠡᠷ᠎ᠡ ᠮᠡᠳᠡᠭᠦᠯᠬᠦ ︽ᠵᠠᠰᠠᠭ ᠤᠨ ᠣᠷᠳᠣᠨ ᠤ ᠠᠵᠢᠯ ᠤᠨ ᠢᠯᠡᠳᠬᠡᠯ︾  ᠂ ︽ᠣᠩᠨᠢᠭᠤᠳ ᠬᠤᠰᠢᠭᠤᠨ ᠤ 2024 ᠣᠨ ᠤ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ ᠶᠢ ᠬᠡᠷᠡᠭᠵᠢᠭᠦᠯᠦᠭᠰᠡᠨ ᠪᠠᠶᠢᠳᠠᠯ ᠬᠢᠭᠡᠳ 2025 ᠣᠨ ᠤ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ︾ ᠶᠢ ᠰᠤᠳᠤᠯᠪᠠ᠃ 2024 ᠣᠨ᠂ 2025 ᠣᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠢᠯ ᠤᠨ ᠬᠤᠯᠪᠣᠭᠳᠠᠯ ᠪᠥᠬᠦᠶ ᠪᠠᠶᠢᠳᠠᠯ ᠤᠨ ᠲᠤᠬᠠᠶ ᠬᠠᠷᠢᠭᠤ ᠮᠡᠳᠡᠭᠦᠯᠦᠯᠲᠡ᠂ ᠪᠥᠬᠦ ᠬᠤᠰᠢᠭᠤᠨ ᠤ 2024 ᠣᠨ ᠤ ᠳᠣᠤᠷ᠎ᠠ ᠬᠠᠭᠠᠰ ᠵᠢᠯ ᠤᠨ ᠡᠳ᠋ ᠤᠨ ᠵᠠᠰᠠᠭ ᠤᠨ ᠲᠥᠰᠦᠪ ᠤᠨ ᠲᠣᠬᠢᠷᠠᠭᠤᠯᠤᠯᠲᠠ ᠶᠢᠨ ᠲᠥᠰᠦᠯ  ᠤᠨ ᠬᠤᠯᠪᠣᠭᠳᠠᠯ ᠪᠥᠬᠦᠶ ᠪᠠᠶᠢᠳᠠᠯ ᠤᠨ ᠲᠤᠬᠠᠶ ᠬᠠᠷᠢᠭᠤ ᠮᠡᠳᠡᠭᠦᠯᠦᠯᠲᠡ᠂ ᠪᠥᠬᠦ ᠬᠤᠰᠢᠭᠤᠨ ᠤ 2024 ᠣᠨ ᠤ ᠡᠳ᠋ ᠤᠨ ᠵᠠᠰᠠᠭ ᠤᠨ ᠲᠥᠰᠦᠪ ᠢ ᠬᠡᠷᠡᠭᠵᠢᠭᠦᠯᠦᠭᠰᠡᠨ ᠪᠠᠶᠢᠳᠠᠯ ᠪᠠ 2025 ᠣᠨ ᠤ ᠡᠳ᠋ ᠤᠨ ᠵᠠᠰᠠᠭ ᠤᠨ ᠲᠥᠰᠦᠪ  ᠤᠨ ᠬᠤᠯᠪᠣᠭᠳᠠᠯ ᠪᠥᠬᠦᠶ ᠪᠠᠶᠢᠳᠠᠯ ᠤᠨ ᠲᠤᠬᠠᠶ ᠬᠠᠷᠢᠭᠤ ᠮᠡᠳᠡᠭᠦᠯᠦᠯᠲᠡ᠂ ︽ᠣᠩᠨᠢᠭᠤᠳ ᠬᠤᠰᠢᠭᠤᠨ ᠤ  ᠬᠤᠰᠢᠭᠤᠨ ᠱᠠᠲᠤᠨ ᠤ ᠡᠳ᠋ ᠤᠨ ᠵᠠᠰᠠᠭ ᠤᠨ ᠪᠠᠯᠠ ᠣᠷᠣᠭᠤᠯᠤᠯᠲᠠ ᠶᠢ ᠬᠢᠨᠠᠨ ᠲᠣᠭᠲᠠᠭᠠᠬᠤ ᠬᠠᠮᠢᠶᠠᠷᠤᠯᠲᠠ ᠶᠢᠨ ᠠᠷᠭ᠎ᠠ︾ ᠳᠤ ᠵᠠᠰᠠᠪᠤᠷᠢ ᠣᠷᠣᠭᠤᠯᠤᠭᠰᠠᠨ ᠬᠤᠯᠪᠣᠭᠳᠠᠯ ᠪᠥᠬᠦᠶ ᠪᠠᠶᠢᠳᠠᠯ ᠤᠨ ᠲᠤᠬᠠᠶ ᠬᠠᠷᠢᠭᠤ ᠮᠡᠳᠡᠭᠦᠯᠦᠯᠲᠡ᠂ ᠣᠩᠨᠢᠭᠤᠳ ᠬᠤᠰᠢᠭᠤᠨ ᠤ ᠲᠢᠶᠠᠨ ᠾᠦᠢ ᠰᠠᠯᠬᠢᠨ ᠬᠦᠴᠦᠨ ᠤ ᠴᠠᠬᠢᠯᠭᠠᠨ ᠤ ᠬᠢᠵᠠᠭᠠᠷᠲᠤ ᠺᠣᠮᠫᠠᠨᠢ ᠶᠢᠨ ᠣᠩᠨᠢᠭᠤᠳ ᠬᠤᠰᠢᠭᠤᠨ ᠤ ᠵᠡᠭᠦᠨ ᠬᠡᠰᠡᠭ ᠤᠨ ᠮᠠᠯᠵᠢᠬᠤ ᠣᠷᠣᠨ ᠤ 3 ᠲᠦᠮᠡᠨ ᠺᠢᠯᠣᠸᠠᠲ ᠤᠨ ᠲᠠᠷᠠᠬᠠᠶ ᠬᠡᠯᠪᠡᠷᠢ ᠶᠢᠨ ᠰᠠᠯᠬᠢᠨ ᠬᠦᠴᠦᠨ ᠤ ᠴᠠᠬᠢᠯᠭᠠᠨ ᠤ ᠲᠥᠷᠥᠯ  ᠵᠦᠢᠯ ᠤᠨ ᠦᠯᠡᠳᠡᠭᠳᠡᠯ ᠠᠰᠠᠭᠤᠳᠠᠯ ᠤᠨ ᠲᠤᠬᠠᠶ ᠬᠤᠯᠪᠣᠭᠳᠠᠯ ᠪᠥᠬᠦᠶ ᠪᠠᠶᠢᠳᠠᠯ ᠤᠨ ᠲᠤᠬᠠᠶ ᠬᠠᠷᠢᠭᠤ ᠮᠡᠳᠡᠭᠦᠯᠦᠯᠲᠡ   ᠶᠢ ᠰᠣᠨᠣᠰᠪᠠ  ᠃     ᠬᠤᠷᠠᠯ ᠠᠴᠠ ᠴᠢᠬᠤᠯᠠᠴᠢᠯᠠᠭᠰᠠᠨ ᠨᠢ᠄ ᠡᠯ᠎ᠡ ᠳᠡᠳ᠋ ᠬᠤᠰᠢᠭᠤᠨ ᠳᠠᠷᠤᠭ᠎ᠠ᠂ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ ᠤᠳ  ᠪᠥᠬᠦ ᠬᠦᠴᠦᠨ ᠢᠶᠠᠷ ᠢᠶᠠᠨ  ᠲᠥᠷᠥᠯ ᠵᠦᠢᠯ ᠢ ᠠᠳᠬᠤᠨ᠂ 2025 ᠣᠨ  ᠳᠤ ᠬᠡᠷᠡᠭᠵᠢᠭᠦᠯᠬᠦ ᠭᠤᠤᠯᠳᠠᠯᠭ᠎ᠠ ᠲᠠᠢ ᠲᠥᠷᠥᠯ ᠵᠦᠢᠯ ᠢ ᠴᠢᠩᠭ᠎ᠠ ᠠᠩᠬᠠᠷᠴᠤ᠂ ᠲᠥᠷᠥᠯ ᠵᠦᠢᠯ ᠤᠨ ᠡᠮᠦᠨᠡᠬᠢ ᠬᠤᠭᠤᠴᠠᠭᠠᠨ ᠤ ᠭᠠᠷᠳᠠᠮ  ᠭᠦᠢᠴᠡᠳᠬᠡᠬᠦ  ᠠᠵᠢᠯ ᠢ ᠲᠦᠷᠭᠡᠳᠬᠡᠨ᠂ ᠲᠥᠷᠥᠯ ᠵᠦᠢᠯ ᠢ ᠠᠬᠢᠭᠤᠯᠬᠤ ᠶᠠᠪᠤᠴᠠ ᠳᠤ ᠣᠷᠣᠰᠢᠵᠤ ᠪᠠᠶᠢᠭ᠎ᠠ ᠬᠦᠴᠢᠷᠳᠡᠯ ᠪᠠ ᠠᠰᠠᠭᠤᠳᠠᠯ ᠢ ᠴᠠᠭ ᠲᠤᠬᠠᠶ ᠳᠤᠨᠢ ᠰᠤᠳᠤᠯᠤᠨ ᠰᠢᠢᠳᠪᠦᠷᠢᠯᠡᠵᠦ᠂ ᠡᠯ᠎ᠡ ᠵᠦᠢᠯ ᠤᠨ ᠠᠵᠤ ᠠᠬᠤᠶ ᠶᠢᠨ ᠭᠦᠢᠴᠡᠳᠬᠡᠯ ᠲᠤᠭ᠎ᠠ ᠶᠢᠨ ᠲᠣᠭᠲᠠᠭᠤᠨ ᠢᠶᠠᠷ ᠨᠡᠮᠡᠭᠳᠡᠬᠦ᠂ ᠠᠩᠬᠠᠨ ᠤ ᠤᠯᠠᠷᠢᠯ ᠤᠨ ︽ᠰᠠᠶᠢᠨ ᠡᠬᠢᠯᠡᠯᠲᠡ︾ ᠶᠢ ᠪᠡᠶᠡᠯᠡᠭᠦᠯᠬᠦ ᠳᠤ ᠪᠠᠲᠤ ᠪᠠᠬᠢ ᠰᠠᠭᠤᠷᠢ ᠲᠠᠯᠪᠢᠬᠤ ᠬᠡᠷᠡᠭᠲᠡᠶ ᠭᠡᠵᠡᠢ᠃     ᠬᠤᠷᠠᠯ ᠠᠴᠠ ᠴᠢᠬᠤᠯᠠᠴᠢᠯᠠᠭᠰᠠᠨ ᠨᠢ᠄ ᠡᠯ᠎ᠡ ᠳᠡᠳ᠋ ᠬᠤᠰᠢᠭᠤᠨ ᠳᠠᠷᠤᠭ᠎ᠠ᠂ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ ᠤᠨ ᠬᠢᠨ  ᠵᠠᠮ ᠬᠠᠷᠢᠯᠴᠠᠭ᠎ᠠ᠂ ᠬᠥᠮᠦᠨ ᠬᠠᠷ᠎ᠠ ᠬᠤᠷᠠᠨ  ᠴᠤᠭᠯᠠᠷᠠᠬᠤ ᠲᠠᠯᠠᠪᠤᠷ᠂ ᠣᠨᠴᠠ ᠲᠦᠷᠦᠯ ᠤᠨ ᠲᠤᠨᠤᠭ ᠲᠥᠬᠦᠭᠡᠷᠦᠮᠵᠢ᠂ ᠨᠡᠭᠦᠷᠡᠰᠦᠨ ᠤ ᠪᠤᠰᠤ ᠠᠭᠤᠷᠬᠠᠢ ᠵᠡᠷᠭᠡ ᠭᠤᠣᠯᠳᠠᠯᠭ᠎ᠠ ᠲᠠᠢ ᠠᠵᠢᠯ ᠲᠦᠷᠦᠯ ᠤᠨ ᠬᠦᠷᠢᠶ᠎ᠡ ᠪᠣᠯᠤᠨ ᠵᠠᠩᠭᠢᠯᠠᠭ᠎ᠠ ᠶᠢᠨ ᠭᠤᠭᠴᠤᠭ᠎ᠠ ᠶᠢᠨ ᠠᠶᠤᠯ ᠲᠦᠭᠰᠢᠭᠦᠷᠢ ᠶᠢ ᠬᠠᠮᠢᠶᠠᠷᠤᠨ ᠡᠵᠡᠮᠳᠡᠬᠦ ᠪᠠ ᠬᠡᠮ ᠰᠣᠭᠤᠭ ᠢ  ᠴᠡᠭᠴᠡᠯᠡᠨ ᠵᠠᠰᠠᠬᠤ ᠶᠢ ᠴᠢᠩᠭᠠᠳᠬᠠᠵᠤ᠂ ︽ᠬᠤᠶᠠᠷ ᠪᠠᠶᠠᠷ︾ ᠤᠨ ᠬᠤᠭᠤᠴᠠᠭᠠᠨ ᠳᠤ ᠬᠦᠨᠳᠦ ᠶᠡᠭᠡ ᠠᠶᠤᠯᠭᠦᠢ ᠦᠢᠯᠡᠳᠪᠦᠷᠢᠯᠡᠯ ᠤᠨ ᠠᠳᠡᠯ ᠭᠠᠷᠬᠤ ᠶᠢ ᠡᠷᠡᠰ ᠬᠤᠷᠢᠭᠯᠠᠬᠤ ᠬᠡᠷᠡᠭᠲᠡᠢ᠃ ᠡᠯ᠎ᠡ ᠱᠠᠲᠤᠨ ᠤ ︽ᠬᠤᠶᠠᠷ ᠬᠤᠷᠠᠯ︾ ᠤᠳᠠᠯ ᠥᠬᠡᠶ ᠬᠤᠷᠠᠯᠳᠤᠬᠤ ᠭᠡᠵᠦ ᠪᠠᠶᠢᠭ᠎ᠠ ᠡᠨᠡ ᠬᠦ ᠴᠢᠬᠤᠯᠠ ᠵᠠᠩᠭᠢᠯᠠᠭ᠎ᠠ ᠶᠢᠨ ᠴᠡᠭ ᠲᠤ ᠵᠠᠬᠢᠳᠠᠯ ᠰᠤᠷᠪᠤᠯᠵᠢᠯᠠᠭ᠎ᠠ ᠶᠢᠨ ᠲᠣᠭᠲᠠᠭᠤᠨ ᠢ ᠬᠠᠮᠠᠭᠠᠯᠠᠬᠤ ᠠᠵᠢᠯ ᠢ ᠲᠣᠪᠤᠶᠢᠮ᠎ᠠ ᠰᠠᠶᠢᠲᠤᠷ ᠠᠳᠬᠤᠵᠤ᠂ ᠵᠥᠷᠢᠴᠡᠯ ᠵᠢᠭᠤᠷᠠᠯᠳᠤᠭᠠᠨ ᠢ ᠵᠢᠭᠰᠠᠭᠠᠨ ᠪᠠᠶᠢᠴᠠᠭᠠᠵᠤ ᠰᠢᠢᠳᠪᠦᠷᠢᠯᠡᠬᠦ ᠠᠵᠢᠯ ᠢ ᠦᠷᠭᠦᠯᠵᠢᠯᠡᠨ ᠭᠦᠨᠵᠡᠭᠡᠶ ᠰᠠᠶᠢᠲᠤᠷ ᠬᠢᠵᠦ᠂ ᠨᠡᠶᠢᠭᠡᠮ ᠤᠨ ᠶᠡᠭᠡ ᠲᠠᠯ᠎ᠠ ᠶᠢᠨ ᠡᠶ᠎ᠡ ᠵᠣᠬᠢᠴᠠᠩᠭᠤᠶ ᠲᠣᠭᠲᠠᠭᠤᠨ ᠢ ᠪᠥᠬᠦ ᠬᠦᠴᠦᠨ ᠢᠶᠠᠷ ᠢᠶᠠᠨ ᠪᠠᠲᠤᠯᠠᠬᠤ ᠬᠡᠷᠡᠭᠲᠡᠶ ᠭᠡᠪᠡ᠃    ᠬᠤᠷᠠᠯ ᠠᠴᠠ ᠴᠢᠬᠤᠯᠠᠴᠢᠯᠠᠭᠰᠠᠨ ᠨᠢ᠄ ᠡᠯ᠎ᠡ  ᠳᠡᠳ᠋  ᠬᠤᠰᠢᠭᠤᠨ ᠳᠠᠷᠤᠭ᠎ᠠ᠂ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ ᠤᠨ ᠬᠢᠨ   ︽ᠦᠵᠡᠯ ᠰᠠᠨᠠᠭ᠎ᠠ ᠪᠠᠨ ᠶᠡᠬᠡᠪᠡᠷ  ᠴᠢᠯᠥᠭᠡᠯᠡᠨ᠂ ᠠᠵᠢᠯ  ᠤᠨ ᠠᠬᠢᠴᠠ   ᠶᠢ ᠶᠡᠬᠡᠪᠡᠷ  ᠲᠦᠷᠭᠡᠳᠬᠡᠵᠥ᠂ ᠠᠵᠤ ᠠᠬᠤᠢ ᠶᠢ ᠶᠡᠬᠡᠪᠡᠷ ᠬᠥᠭᠵᠢᠭᠦᠯᠬᠦ︾ ᠶᠠᠷᠢᠯᠴᠠᠭᠠᠨ ᠤ ᠠᠵᠢᠯᠯᠠᠭ᠎ᠠ  ᠲᠠᠢ ᠤᠶᠠᠯᠳᠤᠭᠤᠯᠤᠨ᠂ ᠥᠨᠳᠥᠷ ᠪᠦᠲᠦᠮᠵᠢᠲᠡᠶ ᠠᠵᠢᠯ ᠬᠢᠵᠦ ᠦᠢᠯᠡᠰ ᠪᠣᠰᠬᠠᠬᠤ ᠠᠭᠤᠷ ᠠᠮᠢᠰᠬᠤᠯ ᠢ ᠪᠥᠬᠦ ᠬᠦᠴᠦᠨ ᠢᠶᠠᠷ ᠢᠶᠠᠨ ᠪᠣᠶ ᠪᠣᠯᠭᠠᠬᠤ ᠬᠡᠷᠡᠭᠲᠡᠢ᠃ ᠰᠤᠷᠲᠠᠯ ᠴᠢᠬᠡᠴᠢ ᠣᠪᠣᠷ ᠲᠥᠪ ᠪᠠᠶᠠᠷ ᠤᠨ ᠡᠳᠦᠷ ᠤᠨ ᠠᠭᠤᠷ ᠠᠮᠢᠰᠬᠤᠯ ᠢ ᠪᠥᠬᠦ ᠲᠠᠯ᠎ᠠ ᠪᠠᠷ ᠪᠣᠶ ᠪᠣᠯᠭᠠᠵᠤ᠂ ᠪᠥᠬᠦ ᠬᠤᠰᠢᠭᠤᠨ ᠤ ᠠᠵᠢᠯ  ᠦᠢᠯᠡᠰ ᠤᠨ ᠬᠥᠭᠵᠢᠯᠲᠡ ᠳᠤ ᠨᠠᠩ ᠣᠯᠠᠨ ︽ᠢᠳᠡᠪᠬᠢ ᠬᠦᠴᠦᠨ︾  ᠨᠡᠮᠡᠷᠢᠯᠡᠬᠦ ᠬᠡᠷᠡᠭᠳᠡᠢ ᠭᠡᠵᠡᠢ᠃
 
ᠢᠷᠡᠯᠲᠡ᠄ ᠣᠩᠨᠢᠭᠤᠳ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号