ᠬᠤᠰᠢᠭᠤᠨ ᠤ ᠠᠷᠪᠠᠨ ᠨᠠᠢᠮᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ‌‍ᠤᠨ ᠶᠡᠭᠡ ᠬᠤᠷᠠᠯ ᠤᠨ ᠪᠠᠶᠢᠩᠭᠤ ᠶᠢᠨ  ᠬᠤᠷᠢᠶ᠎ᠠ ᠬᠤᠷᠢᠨ ᠳᠣᠯᠣᠳᠤᠭᠠᠷ ᠤᠳᠠᠭᠠᠨ ᠤ  ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2025/1/9
     1 ᠰᠠᠷ᠎ᠠ ᠶᠢᠨ 2 ᠤ ᠡᠳᠦᠷ᠂ ᠬᠤᠰᠢᠭᠤᠨ ᠤ ᠠᠷᠪᠠᠨ ᠨᠠᠢᠮᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ  ᠬᠤᠷᠢᠶ᠎ᠠ ᠬᠤᠷᠢᠨ ᠳᠣᠯᠣᠳᠤᠭᠠᠷ  ᠤᠳᠠᠭᠠᠨ ᠤ ᠬᠤᠷᠠᠯ ᠬᠤᠷᠠᠯᠳᠤᠪᠠ᠃ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠯᠢ ᠢᠦᠶ ᠲᠢᠩ᠂ ᠳᠡᠳ᠋ ᠡᠷᠬᠢᠯᠡᠭᠴᠢ ᠤᠳᠤᠨᠴᠢᠮᠡᠭ᠂ ᠵᠧᠩ ᠱᠸᠤ ᠰᠢᠤᠸᠠᠢ᠂ ᠯᠢᠨ ᠬᠤ᠋ ᠬᠤᠷᠠᠯ ᠳᠤ ᠣᠷᠣᠯᠴᠠᠵᠠᠶ᠃ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠰᠢᠭᠤᠨ  ᠳᠡᠳ᠋ ᠳᠠᠷᠤᠭ᠎ᠠ ᠸᠠᠩ ᠵᠢᠶᠦ᠋ᠨ ᠵᠢᠶᠦ᠋ᠨ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ  ᠬᠡᠰᠢᠭᠦᠨ ᠸᠧᠨ ᡁᠢ ᠭᠠᠩ᠂ ᠬᠤᠰᠢᠭᠤᠨ ᠤ ᠬᠢᠨᠠᠨ ᠪᠠᠶᠢᠴᠠᠭᠠᠬᠤ ᠵᠥᠪᠯᠡᠯ᠂ ᠠᠷᠠᠳ ᠤᠨ ᠰᠢᠭᠦᠬᠦ ᠬᠤᠷᠢᠶ᠎ᠠ᠂ ᠠᠷᠠᠳ ᠤᠨ ᠪᠠᠶᠢᠴᠠᠭᠠᠬᠤ ᠬᠤᠷᠢᠶ᠎ᠠ ᠶᠢᠨ ᠬᠠᠷᠢᠭᠤᠴᠠᠯᠭᠠᠲᠠᠨ ᠨᠥᠬᠦᠳ ᠬᠤᠷᠠᠯ ᠳᠤ ᠰᠤᠯᠠ ᠣᠷᠣᠯᠴᠠᠪᠠ᠃      ᠬᠤᠷᠠᠯ ᠠᠴᠠ ᠠᠵᠢᠯᠲᠠᠨ ᠤ ᠶᠠᠪᠤᠳᠠᠯ ᠤᠨ ᠲᠤᠰᠢᠶᠠᠯ ᠳᠤ ᠲᠣᠮᠢᠯᠠᠬᠤ ᠲᠥᠰᠦᠯ ᠢ ᠬᠢᠨᠠᠨ ᠵᠥᠪᠯᠡᠵᠦ᠂ ᠣᠩᠨᠢᠭᠤᠳ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠥᠬᠦ  ᠲᠠᠯ᠎ᠠ ᠪᠠᠷ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠦᠲᠥᠭᠡᠨ ᠪᠠᠶᠢᠭᠤᠯᠬᠤ ᠶᠢ ᠠᠬᠢᠭᠤᠯᠬᠤ ᠲᠦᠷᠢᠮ︾ ᠢ ᠬᠡᠷᠡᠭᠵᠢᠭᠦᠯᠦᠭᠰᠡᠨ ᠪᠠᠶᠢᠳᠠᠯ ᠢ ᠪᠠᠶᠢᠴᠠᠭᠠᠭᠰᠠᠨ ᠲᠤᠬᠠᠶ ᠮᠡᠳᠡᠭᠦᠯᠦᠯᠲᠡ᠂ ᠣᠩᠨᠢᠭᠤᠳ ᠬᠤᠰᠢᠭᠤᠨ ᠤ ᠠᠷᠠᠳ ᠤᠨ ᠰᠢᠭᠦᠬᠦ ᠬᠤᠷᠢᠶᠠᠨ ᠤ ᠡᠷᠡᠭᠦᠦ ᠶᠢᠨ ᠬᠡᠷᠡᠭ ᠪᠠ ᠵᠠᠰᠠᠭ ᠵᠠᠬᠢᠷᠭᠠᠨ ᠤ ᠰᠢᠭᠦᠨ ᠲᠠᠰᠤᠯᠤᠯᠲᠠ ᠶᠢᠨ ᠠᠵᠢᠯ ᠢ ᠥᠷᠨᠢᠭᠦᠯᠦᠭᠰᠡᠨ ᠪᠠᠶᠢᠳᠠᠯ ᠤᠨ ᠲᠤᠬᠠᠶ ᠮᠡᠳᠡᠭᠦᠯᠦᠯᠲᠡ   ᠶᠢ  ᠰᠣᠨᠣᠰᠴᠤ ᠬᠢᠨᠠᠨ ᠵᠦᠪᠯᠡᠪᠡ᠃ ᠣᠩᠨᠢᠭᠤᠳ ᠬᠤᠰᠢᠭᠤᠨ ᠤ ᠠᠷᠪᠠᠨ ᠨᠠᠢᠮᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠲᠥᠯᠥᠭᠡᠯᠡᠭᠴᠢ ᠶᠢᠨ ᠬᠢᠷᠢ ᠬᠡᠮ ᠢ ᠬᠢᠨᠠᠨ ᠪᠠᠶᠢᠴᠠᠭᠠᠬᠤ ᠵᠥᠪᠯᠡᠯ ᠤᠨ ᠣᠨᠴᠠ ᠵᠠᠷᠢᠮ ᠲᠥᠯᠥᠭᠡᠯᠡᠭᠴᠢ ᠶᠢᠨ ᠬᠢᠷᠢ ᠬᠡᠮ ᠤᠨ ᠲᠤᠬᠠᠶ ᠮᠡᠳᠡᠭᠦᠯᠦᠯᠲᠡ ᠶᠢ ᠬᠢᠨᠠᠨ ᠵᠥᠪᠯᠡᠵᠦ᠂ ᠣᠩᠨᠢᠭᠤᠳ ᠬᠤᠰᠢᠭᠤᠨ ᠤ ᠠᠷᠪᠠᠨ ᠨᠠᠢᠮᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠴᠢᠶᠠᠨ ᠵᠢᠶᠦ᠋ᠨ ᠵᠡᠷᠭᠡ ᠨᠥᠬᠦᠳ ᠢ ᠣᠩᠨᠢᠭᠤᠳ ᠬᠤᠰᠢᠭᠤᠨ ᠤ ᠠᠷᠠᠳ ᠤᠨ ᠰᠢᠭᠦᠬᠦ ᠬᠤᠷᠢᠶᠠᠨ ᠤ ᠠᠷᠠᠳ ᠤᠨ ᠬᠠᠪᠰᠤᠷᠤᠨ ᠰᠢᠭᠦᠭᠴᠢ ᠪᠠᠷ ᠲᠣᠮᠢᠯᠠᠬᠤ ᠲᠣᠭᠲᠠᠭᠠᠯ ᠢ ᠬᠢᠨᠠᠨ ᠵᠥᠪᠯᠡᠵᠦ ᠪᠠᠲᠤᠯᠠᠪᠠ᠃ ᠬᠤᠷᠠᠯ ᠠᠴᠠ ᠪᠠᠰᠠ ᠬᠡᠰᠡᠭ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ  ᠲᠤᠰᠢᠶᠠᠯ   ᠳᠤ ᠲᠣᠮᠢᠯᠠᠭᠰᠠᠨ ᠬᠥᠮᠦᠰ ᠤᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠭᠰᠡᠨ ᠪᠠᠶᠢᠳᠠᠯ ᠤᠨ ᠮᠡᠳᠡᠭᠦᠯᠦᠯᠲᠡ ᠶᠢ  ᠰᠣᠨᠣᠰᠴᠤ  ᠦᠨᠡᠯᠡᠪᠡ᠃
 
ᠢᠷᠡᠯᠲᠡ᠄ ᠣᠩᠨᠢᠭᠤᠳ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号