ᠳᠤᠮᠳᠠᠳᠤ ᠤᠯᠤᠰ ᠤᠨ ᠡᠪ ᠬᠠᠮᠲᠤ ᠨᠠᠮ ᠤᠨ ᠣᠩᠨᠢᠭᠤᠳ ᠬᠤᠰᠢᠭᠤᠨ ᠤ ᠠᠷᠪᠠᠨ ᠲᠠᠪᠤᠳᠤᠭᠠᠷ ᠬᠤᠭᠤᠴᠠᠭᠠᠨ ᠤ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ 138 ᠳ᠋ᠤᠭᠠᠷ ᠤᠳᠠᠭᠠᠨ ᠤ  ᠥᠷᠭᠡᠳᠬᠡᠭᠰᠡᠨ  ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2025/1/9
     1 ᠰᠠᠷ᠎ᠠ ᠶᠢᠨ 3 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠮᠥᠩᠬᠡ ᠠᠷᠪᠠᠨ ᠲᠠᠪᠤᠳᠤᠭᠠᠷ ᠬᠤᠭᠤᠴᠠᠭᠠᠨ ᠤ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ 138 ᠳ᠋ᠤᠭᠠᠷ ᠤᠳᠠᠭᠠᠨ ᠤ ᠥᠷᠭᠡᠳᠬᠡᠭᠰᠡᠨ ᠬᠤᠷᠠᠯ ᠢ ᠡᠷᠭᠢᠯᠡᠨ ᠬᠤᠷᠠᠯᠳᠤᠭᠤᠯᠪᠠ᠃  ᠮᠠ ᠶᠦᠩ ᠭᠠᠩ᠂ ᠰᠦᠨ ᠮᠢᠩ ᠲᠤᠤ᠂ ᠾᠧᠦ ᠭᠦᠸᠧ ᠵᠢᠩ᠂ ᠭᠤᠤ ᠶᠦᠩ ᠡᠤ᠂ ᠸᠠᠩ ᠵᠢᠶᠦ᠋ᠨ ᠵᠢᠶᠦ᠋ᠨ᠂ ᠬᠤ᠋ ᠹᠧᠩ ᠶᠠᠨ᠂ ᠭᠧᠩ ᠸᠧᠢ ᠳ᠋ᠦᠩ᠂ ᠵᠦ ᠴᠦᠨ ᠶᠦᠩ᠂ ᠸᠠᠩ ᠶᠢᠩ᠂ ᠳ᠋ᠦᠩ ᠵᠢᠦ ᠪᠢᠩ ᠬᠤᠷᠠᠯ ᠳᠤ  ᠣᠷᠣᠯᠴᠠᠪᠠ  ᠃ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠯᠢ ᠢᠦᠢ ᠲᠢᠩ᠂ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠬᠦᠭᠵᠢᠯᠲᠦ ᠬᠤᠷᠠᠯ ᠳᠤ ᠰᠤᠯᠠ ᠣᠷᠣᠯᠴᠠᠪᠠ᠃      ᠬᠤᠷᠠᠯ ᠳᠡᠭᠡᠷ᠎ᠡ ᠶᠡᠷᠦᠩᠬᠡᠢ ᠱᠦᠵᠢ ᠰᠢ ᠶᠢᠨ ᠫᠢᠩ ᠤᠨ ᠤᠢᠢᠷ᠎ᠠ ᠶᠢᠨ ᠬᠤᠭᠤᠴᠠᠭᠠᠨ ᠤ ᠴᠢᠬᠤᠯᠠ ᠶᠠᠷᠢᠶ᠎ᠠ᠂ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠪᠣᠯᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ᠂ ᠤᠯᠠᠭᠠᠨᠬᠠᠳᠠ ᠬᠤᠳᠠ ᠶᠢᠨ ᠬᠤᠯᠪᠣᠭᠳᠠᠯ ᠪᠦᠬᠦᠢ ᠬᠤᠷᠠᠯ᠂ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠬᠠᠮᠢᠶ᠎ᠠ ᠪᠦᠬᠦᠢ ᠨᠠᠶᠢᠳᠠᠪᠤᠷᠢᠵᠢᠭᠤᠯᠬᠤ ᠠᠵᠢᠯ ᠢ ᠲᠤᠬᠢᠷᠠᠭᠤᠯᠤᠨ  ᠪᠠᠶᠢᠷᠢᠯᠠᠭᠤᠯᠪᠠ᠃ ᠬᠤᠷᠠᠯ ᠠᠴᠠ ︽ᠣᠩᠨᠢᠭᠤᠳ ᠬᠤᠰᠢᠭᠤᠨ ᠤ ᠬᠠᠤᠯᠢ ᠪᠠᠷ ᠵᠠᠰᠠᠬᠤ ᠪᠠᠶᠢᠭᠤᠯᠤᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠬᠦ ᠣᠨ ᠤ ᠬᠡᠷᠡᠭᠵᠢᠭᠦᠯᠬᠦ ᠲᠥᠰᠦᠯ  ︾ ᠪᠠ ︽ᠣᠩᠨᠢᠭᠤᠳ ᠬᠤᠰᠢᠭᠤᠨ ᠤ 2024 ᠣᠨ ᠤ ᠡᠳ᠋ ᠤᠨ ᠵᠠᠰᠠᠭ ᠤᠨ ᠲᠥᠰᠦᠪ ᠤᠨ ᠲᠣᠬᠢᠷᠠᠭᠤᠯᠤᠯᠲᠠ ᠶᠢᠨ ᠲᠥᠰᠦᠯ︾ ᠢ ᠬᠢᠨᠠᠨ ᠵᠥᠪᠯᠡᠪᠡ  ᠃ ᠬᠤᠰᠢᠭᠤ ᠨᠠᠮ ᠤᠨ ᠬᠤᠷᠢᠶᠠᠨ ᠤ ᠠᠷᠪᠠᠨ ᠲᠠᠪᠤᠳᠤᠭᠠᠷ ᠬᠤᠭᠤᠴᠠᠭᠠᠨ ᠤ ᠶᠢᠰᠦᠳᠦᠭᠡᠷ ᠪᠥᠬᠦᠳᠡ ᠬᠤᠷᠠᠯ ᠵᠢᠴᠢ ᠪᠥᠬᠦ ᠬᠤᠰᠢᠭᠤᠨ ᠤ ᠠᠵᠤ ᠠᠬᠤᠶ ᠶᠢᠨ ᠠᠵᠢᠯ ᠤᠨ ᠬᠤᠷᠠᠯ ᠤᠨ ᠪᠡᠯᠡᠳᠬᠡᠯ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ᠃ ᠪᠥᠬᠦ ᠬᠤᠰᠢᠭᠤᠨ ᠤ ︽ᠬᠤᠶᠠᠷ ᠬᠤᠷᠠᠯ︾ ᠤᠨ ᠬᠠᠮᠢᠶ᠎ᠠ ᠪᠦᠬᠦᠢ ᠶᠠᠪᠤᠳᠠᠯ ᠢ ᠰᠤᠳᠤᠯᠵᠤ᠂ ᠲᠠᠷᠠᠭᠠᠴᠢ ᠶᠢᠨ ᠠᠯᠬᠤᠮ ᠤᠨ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃     ᠬᠤᠷᠠᠯ ᠠᠴᠠ᠂ ᠡᠯ᠎ᠡ ᠱᠠᠲᠤᠨ ᠤ ᠨᠠᠮ ᠤᠨ ᠬᠤᠷᠢᠶ᠎ᠠ  ᠂ ᠨᠠᠮ ᠤᠨ ᠤᠳᠤᠷᠢᠳᠬᠤ ᠳᠤᠭᠤᠶᠢᠯᠠᠩ   ᠨᠢ ᠤᠬᠠᠮᠰᠠᠷ ᠠᠴᠠ ᠪᠠᠨ ᠦᠵᠡᠯ ᠰᠠᠨᠠᠭ᠎ᠠ ᠪᠣᠯᠤᠨ ᠦᠢᠯᠡ ᠠᠵᠢᠯᠯᠠᠭ᠎ᠠ ᠪᠠᠨ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠲᠠᠢ ᠨᠢᠭᠡᠳᠬᠡᠵᠦ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ  ᠶᠢ ᠴᠥᠬᠦᠷᠡᠰᠢ ᠦᠭᠡᠢ ᠪᠠᠷᠢᠮᠲᠠᠯᠠᠵᠤ᠂ ᠨᠠᠮᠴᠢ ᠴᠢᠨᠠᠷ ᠢᠶᠠᠨ ᠳᠠᠪᠲᠠᠨ ᠪᠣᠯᠪᠠᠰᠤᠷᠠᠭᠤᠯᠬᠤ᠂ ᠦᠵᠡᠯ ᠰᠠᠨᠠᠭᠠᠨ ᠤ ᠤᠬᠠᠮᠰᠠᠷ ᠢᠶᠠᠨ ᠳᠡᠭᠡᠭᠰᠢᠯᠡᠭᠦᠯᠬᠦ ᠶᠢ ᠨᠠᠰᠤᠨ ᠲᠤᠷᠰᠢᠳᠠ ᠶᠢᠨ ᠰᠡᠳᠦᠪ ᠪᠣᠯᠭᠠᠵᠤ᠂ ᠨᠠᠮ ᠤᠨ ᠲᠦᠷᠢᠮ  ᠲᠣᠭᠲᠠᠭᠠᠯ  ᠰᠠᠬᠢᠯᠭ᠎ᠠ ᠪᠠᠲᠤ ᠶᠢ ᠰᠤᠷᠤᠯᠴᠠᠨ ᠲᠤᠭᠤᠰᠢᠯᠠᠭᠤᠯᠬᠤ ᠶᠢ ᠨᠠᠮᠴᠢ ᠴᠢᠨᠠᠷ ᠤᠨ ᠪᠣᠯᠪᠠᠰᠤᠷᠠᠯ ᠤᠨ ᠴᠢᠬᠤᠯᠠ ᠠᠭᠤᠯᠭ᠎ᠠ ᠪᠣᠯᠭᠠᠵᠤ᠂ ᠦᠵᠡᠯ ᠰᠠᠨᠠᠭ᠎ᠠ ᠤᠯᠤᠰ ᠲᠦᠷᠦ ᠦᠢᠯᠡ ᠠᠵᠢᠯᠯᠠᠭ᠎ᠠ ᠶᠢᠨ ᠲᠠᠯ᠎ᠠ ᠪᠠᠷ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶ᠎ᠠ ᠲᠠᠢ ᠳᠡᠭᠡᠳᠦ ᠬᠡᠮᠵᠢᠶ᠎ᠡ ᠪᠠᠷ ᠨᠢᠭᠡᠳᠦᠯᠲᠡᠢ  ᠪᠠᠶᠢᠯᠭᠠᠬᠤ ᠬᠡᠷᠡᠭᠲᠡᠢ ᠭᠡᠵᠡᠢ᠃     ᠬᠤᠷᠠᠯ ᠠᠴᠠ᠂ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ᠂ ᠤᠯᠠᠭᠠᠨᠬᠠᠳᠠ ᠬᠤᠲᠠ ᠶᠢᠨ ᠠᠵᠤ ᠠᠬᠤᠶ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠶ  ᠳᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠦᠵᠡᠯ ᠰᠠᠨᠠᠭ᠎ᠠ ᠪᠠᠨ ᠤᠯᠠᠮ ᠨᠢᠭᠡ ᠠᠯᠬᠤᠮ ᠴᠢᠯᠥᠭᠡᠯᠡᠨ᠂ ᠢᠲᠡᠭᠡᠯ ᠵᠣᠷᠢᠭ ᠢᠶᠠᠨ ᠪᠠᠲᠤᠳᠬᠠᠵᠤ᠂ ᠥᠪᠡᠷ ᠢ ᠪᠠᠨ ᠦᠷᠡᠭᠳᠡᠭᠦᠯᠬᠦ ᠰᠥᠰᠥ ᠵᠣᠷᠢᠭ ᠪᠠ ᠡᠷᠡᠯᠬᠡᠭᠯᠡᠨ ᠤᠷᠤᠭᠰᠢᠯᠠᠬᠤ ᠰᠥᠰᠥ ᠵᠣᠷᠢᠭ ᠢᠶᠠᠷ ᠦᠨᠡᠨ ᠬᠦ ᠠᠳᠬᠤᠨ ᠪᠣᠳᠠᠲᠠᠶ ᠠᠵᠢᠯᠯᠠᠵᠤ᠂ ᠬᠠᠷᠢᠭᠤᠴᠠᠯᠭ᠎ᠠ ᠡᠭᠦᠷᠭᠡᠯᠡᠨ ᠵᠢᠳᠬᠦᠯ  ᠦᠵᠡᠭᠦᠯᠬᠦ ᠬᠡᠷᠡᠭᠳᠡᠢ᠃  ᠳᠡᠭᠡᠳᠦ ᠱᠠᠲᠤᠨ ᠤ ᠪᠠᠶᠢᠷᠢᠯᠠᠭᠤᠯᠤᠭᠰᠠᠨ ᠡᠯ᠎ᠡ ᠵᠦᠢᠯ ᠤᠨ ᠠᠵᠢᠯ ᠤᠨ ᠡᠭᠦᠷᠭᠡ ᠶᠢ ᠣᠩᠨᠢᠭᠤᠳ ᠬᠤᠰᠢᠭᠤᠨ ᠳᠤ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠦᠷ᠎ᠡ ᠪᠦᠲᠦᠮᠵᠢ ᠤᠯᠬᠤ  ᠶᠢ ᠪᠠᠲᠤᠯᠠᠨ᠂ ᠪᠣᠳᠠᠲᠤ ᠦᠷ᠎ᠡ ᠪᠦᠲᠦᠮᠵᠢ ᠪᠠᠷ ᠢᠶᠠᠨ ᠪᠥᠬᠦ ᠬᠤᠰᠢᠭᠤᠨ ᠤ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠪᠠ ᠣᠳᠣᠬᠢᠴᠢᠯᠠᠯᠲᠠ ᠶᠢᠨ ᠪᠥᠲᠥᠭᠡᠨ ᠪᠠᠶᠢᠭᠤᠯᠤᠯᠲᠠ ᠶᠢᠨ ᠰᠢᠨ᠎ᠡ ᠠᠬᠢᠴᠠ ᠲᠠᠢ ᠪᠣᠯᠬᠤ ᠶᠢ ᠠᠬᠢᠭᠤᠯᠬᠤ ᠬᠡᠷᠡᠭᠲᠡᠶ ᠭᠡᠵᠦ ᠴᠢᠬᠤᠯᠠᠴᠢᠯᠠᠪᠠ᠃    ᠬᠤᠷᠠᠯ ᠠᠴᠠ ᠱᠠᠭᠠᠷᠳᠠᠭᠰᠠᠨ ᠨᠢ᠂ ᠪᠥᠬᠦ ᠬᠤᠰᠢᠭᠤᠨ ᠤ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ︽ᠳᠠᠷᠤᠭᠠᠰᠤ ᠶᠢ ᠬᠥᠩᠭᠡᠷᠡᠭᠦᠯᠬᠦ᠂  ᠬᠦᠴᠥᠨ ᠴᠢᠳᠠᠯ ᠣᠯᠭᠤᠬᠤ᠂ ᠬᠦᠴᠢᠷᠳᠡᠯ ᠢ ᠰᠢᠢᠳᠪᠦᠷᠢᠯᠡᠬᠦ᠂ ᠴᠡᠭᠴᠡᠯᠡᠨ ᠰᠠᠶᠢᠵᠢᠷᠠᠭᠤᠯᠬᠤ᠂  ᠬᠢᠨᠠᠨ ᠱᠠᠭᠠᠷᠳᠠᠬᠤ︾ ᠲᠠᠪᠤᠨ ᠲᠠᠯ᠎ᠠ ᠠᠴᠠ ᠭᠠᠷᠳᠠᠵᠤ᠂ ︽ᠭᠤᠤᠯ ᠱᠤᠭᠤᠮ ᠤᠨ ᠠᠵᠢᠯ ᠢ ᠭᠦᠨᠵᠡᠭᠡᠶ  ᠠᠳᠬᠤᠨ  ᠨᠠᠷᠢᠯᠢᠭ  ᠳᠤᠭᠤᠰᠢᠯᠠᠭᠤᠯᠵᠤ᠂ ᠣᠯᠠᠨ ᠲᠦᠮᠡᠨ ᠳᠤ ᠰᠠᠶᠢᠲᠤᠷ  ᠦᠢᠯᠡᠴᠢᠯᠡᠨ  ᠬᠠᠮᠢᠶᠠᠷᠴᠤ ᠂ ᠵᠥᠷᠢᠴᠡᠯ ᠵᠢᠭᠤᠷᠠᠯᠳᠤᠭᠠᠨ ᠢ ᠴᠠᠭ ᠲᠤᠬᠠᠶ ᠳᠤᠨᠢ ᠪᠠᠶᠢᠴᠠᠭᠠᠨ ᠰᠢᠢᠳᠪᠦᠷᠢᠯᠡᠬᠦ︾ ᠭᠤᠷᠪᠠᠨ ᠵᠦᠢᠯ ᠤᠨ ᠭᠤᠤᠯᠳᠠᠯᠭ᠎ᠠ ᠲᠠᠢ ᠠᠵᠢᠯ ᠢ  ᠴᠢᠬᠤᠯᠠᠴᠢᠯᠠᠨ ᠰᠠᠶᠢᠲᠤᠷ   ᠠᠳᠬᠤᠬᠤ ᠬᠡᠷᠡᠭᠳᠡᠢ᠃  ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠣᠯᠤᠨ ᠨᠠᠮ ᠤᠨ ᠭᠡᠰᠢᠭᠦᠨ ᠺᠠᠳ᠋ᠷ ᠤᠨ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠵᠤ᠂ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢ ᠠᠳᠬᠤᠬᠤ ᠴᠢᠳᠠᠪᠤᠷᠢ ᠪᠣᠯᠤᠨ ᠲᠦᠪᠰᠢᠨ ᠢᠶᠠᠨ ᠲᠠᠰᠤᠷᠠᠯᠲᠠ ᠥᠬᠡᠶ ᠳᠡᠭᠡᠭᠰᠢᠯᠡᠭᠦᠯᠵᠦ᠂ ᠴᠢᠨᠠᠷ ᠰᠠᠶᠢᠲᠠᠶ ᠨᠠᠮ ᠤᠨ ᠪᠠᠶᠢᠭᠤᠯᠤᠯᠲᠠ ᠪᠠᠷ ᠪᠥᠬᠦ ᠬᠤᠰᠢᠭᠤᠨ ᠤ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢ ᠬᠥᠲᠥᠯᠥᠨ ᠳᠠᠭᠠᠭᠤᠯᠬᠤ ᠬᠡᠷᠡᠭᠲᠡᠶ  ᠭᠡᠪᠡ᠃、     ᠬᠤᠷᠠᠯ ᠠᠴᠠ᠂ ᠤᠯᠤᠰ ᠲᠥᠷᠥ ᠶᠢᠨ ᠵᠥᠪᠯᠡᠯᠭᠡᠨ ᠤ ᠠᠵᠢᠯ ᠳᠠᠬᠢ ᠨᠠᠮ ᠤᠨ ᠪᠥᠬᠦ ᠲᠠᠯ᠎ᠠ ᠶᠢᠨ ᠤᠳᠤᠷᠢᠳᠤᠯᠭ᠎ᠠ ᠶᠢ ᠴᠢᠩᠭᠠᠳᠬᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠤᠯ ᠰᠢᠵᠢᠮ ᠪᠣᠯᠭᠠᠬᠤ ᠶᠢ ᠪᠠᠷᠢᠮᠲᠠᠯᠠᠵᠤ᠂ ᠤᠯᠤᠰ ᠲᠥᠷᠥ ᠶᠢᠨ ᠵᠥᠪᠯᠡᠯᠭᠡᠨ ᠤ ᠳᠠᠪᠠᠭᠤᠯᠢᠭ ᠢᠶᠠᠨ ᠦᠨᠡᠨ ᠬᠦ ᠪᠠᠳᠠᠷᠠᠭᠤᠯᠵᠤ᠂ ᠬᠤᠰᠢᠭᠤᠨ ᠤ ᠨᠠᠮ ᠤᠨ ᠬᠤᠷᠢᠶ᠎ᠠ᠂ ᠬᠤᠰᠢᠭᠤᠨ ᠤ ᠵᠠᠰᠠᠭ ᠤᠨ ᠣᠷᠳᠣᠨ ᠤ ᠭᠤᠤᠯ ᠠᠵᠢᠯ ᠤᠨ ᠲᠣᠭᠤᠷᠢᠨ ᠳᠤ᠂ ᠡᠯᠡᠰᠦᠷᠬᠡᠭᠵᠢᠯ ᠢ ᠰᠡᠷᠭᠡᠶᠢᠯᠡᠨ  ᠵᠠᠰᠠᠬᠤ᠂ ᠭᠤᠤᠯᠳᠠᠯᠭ᠎ᠠ ᠲᠠᠢ ᠲᠥᠷᠥᠯ  ᠵᠦᠢᠯ ᠤᠨ ᠪᠥᠲᠥᠭᠡᠨ ᠪᠠᠶᠢᠭᠤᠯᠤᠯᠲᠠ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂  ᠠᠷᠠᠯᠵᠢᠶᠠᠴᠢᠨ ᠤᠷᠢᠵᠤ ᠪᠠᠯᠠ ᠣᠷᠣᠭᠤᠯᠬᠤ ᠵᠡᠷᠭᠡ ᠭᠤᠤᠯᠳᠠᠯᠭ᠎ᠠ ᠲᠠᠢ ᠠᠵᠢᠯ ᠳᠤ ᠠᠩᠬᠠᠷᠤᠯ ᠢᠶᠠᠨ ᠲᠥᠪᠯᠡᠷᠡᠭᠦᠯᠵᠦ ᠂ ᠭᠦᠨᠵᠡᠭᠡᠶ ᠪᠠᠶᠢᠴᠠᠭᠠᠨ ᠰᠤᠳᠤᠯᠤᠯᠲᠠ ᠬᠢᠵᠦ᠂ ᠢᠳᠡᠪᠬᠢᠲᠡᠶ ᠪᠠᠷ ᠰᠠᠨᠠᠯ ᠵᠥᠪᠯᠡᠯᠭᠡ ᠳᠤᠷᠠᠳᠤᠨ ᠵᠠᠰᠠᠭ ᠲᠤ ᠲᠤᠰᠠᠯᠠᠵᠤ᠂ ᠵᠠᠰᠠᠭ ᠤᠨ ᠶᠠᠪᠤᠳᠠᠯ ᠢ ᠵᠥᠪᠯᠡᠬᠦ ᠲᠦᠪᠰᠢᠨ ᠢᠶᠠᠨ ᠳᠡᠭᠡᠭᠰᠢᠯᠡᠭᠦᠯᠬᠦ ᠬᠡᠷᠡᠭᠲᠡᠶ  ᠭᠡᠵᠡᠢ᠃     ᠬᠤᠷᠠᠯ ᠠᠴᠠ᠂ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠲᠤ  ᠰᠠᠬᠢᠵᠤ᠂ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠦᠷᠦᠯ ᠵᠦᠢᠯ ᠢ ᠡᠷᠲᠡᠬᠡᠨ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠶᠢ ᠪᠠᠲᠤᠯᠠᠵᠤ᠂ ᠪᠣᠳᠠᠲᠠᠢ ᠶᠠᠪᠤᠳᠠᠯ ᠢ ᠦᠨᠡᠨ ᠬᠦ ᠰᠠᠶᠢᠲᠤᠷ ᠬᠢᠵᠦ᠂ ᠰᠠᠶᠢᠨ ᠶᠠᠪᠤᠳᠠᠯ ᠢ ᠪᠣᠳᠠᠲᠠᠢ ᠬᠢᠵᠦ᠂ ᠤᠯᠠᠨ ᠲᠦᠮᠡᠨ ᠤ ᠵᠣᠯ ᠵᠢᠷᠭᠠᠯᠲᠤ ᠲᠦᠷᠦᠭᠳᠡᠯ᠂ ᠬᠦᠷᠲᠡᠮᠵᠢ ᠶᠢᠨ ᠲᠦᠷᠦᠭᠳᠡᠯ ᠪᠣᠯᠤᠨ ᠬᠠᠨᠤᠮᠵᠢ ᠶᠢᠨ ᠬᠡᠮᠵᠢᠶ᠎ᠡ ᠶᠢ ᠲᠠᠰᠤᠷᠠᠯᠳᠠ ᠦᠭᠡᠢ ᠳᠡᠭᠡᠭᠰᠢᠯᠡᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ᠃     ᠬᠤᠷᠠᠯ ᠠᠴᠠ ᠪᠠᠰᠠ ᠠᠵᠢᠯᠳᠠᠨ ᠤ ᠶᠠᠪᠤᠳᠠᠯ ᠤᠨ ᠲᠤᠬᠠᠢ ᠰᠤᠳᠤᠯᠪᠠ᠃
 
ᠢᠷᠡᠯᠲᠡ᠄ ᠣᠩᠨᠢᠭᠤᠳ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号