ᠵᠠᠰᠠᠭ ᠤᠨ ᠣᠷᠳᠣᠨ ᠤ ᠠᠵᠢᠯ ᠤᠨ ᠢᠯᠡᠳᠬᠡᠯ ᠤᠨ ᠲᠠᠶᠢᠯᠤᠮᠵᠢ᠄ ︽ᠣᠩᠨᠢᠭᠤᠳ ᠬᠤᠰᠢᠭᠤᠨ ᠤ ᠠᠵᠤ ᠦᠢᠯᠡᠳᠪᠦᠷᠢ︾ ᠶᠢᠨ ᠪᠠᠶᠢᠭᠤᠯᠤᠯᠳᠠ ᠶᠢ ᠲᠦᠷᠭᠡᠳᠬᠡᠨ᠎ᠡ    ︵    ᠬᠤᠶᠠᠷ  ︶
ᠨᠡᠶᠢᠲᠡᠯᠡᠭᠰᠡᠨ ᠴᠠᠭ᠄
2025/2/13
        ᠡᠨᠡ ᠵᠢᠯ᠂ ᠪᠥᠬᠦ ᠬᠤᠰᠢᠭᠤ ᠪᠠᠷ ᠢᠶᠠᠨ ᠠᠵᠤ ᠦᠢᠯᠡᠳᠪᠦᠷᠢ ᠶᠢ ᠶᠡᠬᠡᠪᠡᠷ ᠠᠳᠬᠤᠵᠤ᠂  ᠪᠦᠯᠥᠭᠯᠡᠯ  ᠴᠤᠭᠯᠠᠷᠠᠯ ᠢ ᠳᠣᠪᠤᠶᠢᠯᠭᠠᠨ᠂    ︽ᠠᠵᠤ ᠦᠢᠯᠡᠳᠪᠦᠷᠢ ᠪᠠᠷ ᠬᠤᠰᠢᠭᠤ ᠪᠠᠨ ᠬᠦᠴᠦᠷᠬᠡᠭᠵᠢᠭᠦᠯᠬᠦ︾ ᠪᠠᠶᠢᠯᠳᠤᠬᠤ ᠪᠣᠳᠣᠯᠭ᠎ᠠ ᠶᠢ ᠭᠦᠨᠵᠡᠭᠡᠶ ᠬᠡᠷᠡᠭᠵᠢᠭᠦᠯᠵᠦ᠂  ᠬᠡᠪᠴᠢᠶᠡᠵᠢᠭᠦᠯᠥᠯᠳᠡ ᠶᠢ ᠤᠯᠠᠮ ᠨᠢᠭᠡ ᠠᠯᠬᠤᠮ  ᠪᠤᠵᠠᠭᠠᠶᠢᠷᠠᠭᠤᠯᠤᠨ᠂ ᠠᠵᠤ ᠠᠬᠤᠶᠢᠯᠠᠯ ᠢ ᠠᠮᠢᠳᠤᠯᠢᠭ ᠪᠣᠯᠭᠠᠵᠤ᠂ ᠲᠠᠪᠴᠠᠩ ᠢ ᠰᠢᠯᠢᠳᠡᠭᠵᠢᠭᠦᠯᠦᠨ᠂ ᠠᠵᠤ ᠦᠢᠯᠡᠳᠪᠦᠷᠢ ᠶᠢᠨ ᠠᠵᠤ ᠠᠬᠤᠶ ᠶᠢᠨ ᠶᠡᠷᠦᠩᠬᠡᠶ ᠬᠡᠮᠵᠢᠶ᠎ᠡ ᠶᠢ ᠦᠷᠭᠦᠯᠵᠢᠯᠡᠨ   ᠨᠡᠮᠡᠭᠳᠡᠭᠦᠯᠵᠥ᠂ 2026 ᠤᠨ ᠪᠣᠯᠬᠤ ᠳᠤ᠂ ᠪᠥᠬᠦ ᠬᠤᠰᠢᠭᠤᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠦᠢᠯᠡᠳᠬᠦᠨ ᠤ ᠥᠷᠲᠡᠭ ᠢ 70 ᠳ᠋ᠦᠩᠰᠢᠭᠤᠷ ᠲᠥᠭᠦᠷᠢᠭ ᠠᠴᠠ ᠳᠡᠭᠡᠭᠰᠢ ᠳᠤ ᠬᠦᠷᠦᠭᠦᠯᠵᠦ᠂ ᠳᠠᠬᠢᠨ ᠢᠶᠠᠷ ᠨᠡᠮᠡᠭᠳᠡᠭᠦᠯᠬᠦ ᠬᠠᠷᠠᠯᠲᠠ ᠶᠢ ᠪᠡᠶᠡᠯᠡᠭᠦᠯᠦᠨ᠂  ︽ᠣᠩᠨᠢᠭᠤᠳ ᠬᠤᠰᠢᠭᠤᠨ ᠤ ᠠᠵᠤ ᠦᠢᠯᠡᠳᠪᠦᠷᠢ︾ ᠶᠢᠨ ᠪᠠᠶᠢᠭᠤᠯᠤᠯᠳᠠ ᠶᠢ  ᠨᠡᠩ ᠢᠯᠡᠭᠦᠥ  ᠲᠦᠷᠭᠡᠳᠬᠡᠨ᠎ᠡ     ᠡᠨᠡ ᠵᠢᠯ ᠠᠵᠤ ᠦᠢᠯᠡᠳᠪᠦᠷᠢ ᠶᠢᠨ 28 ᠭᠤᠣᠯᠳᠠᠯᠭ᠎ᠠ ᠲᠠᠢ ᠵᠦᠢᠯᠡᠰ ᠢ ᠬᠡᠷᠡᠭᠵᠢᠭᠦᠯᠬᠦ ᠪᠠᠷ ᠲᠥᠯᠥᠪᠯᠡᠵᠦ᠂ ᠵᠢᠯ ᠤᠨ ᠳᠣᠲᠣᠷ᠎ᠠ 87.7 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠦᠨ᠎ᠡ᠃ ᠰᠢᠨ᠎ᠡ ᠡᠨᠧᠷᠭᠢ ᠶᠢᠨ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢᠨ ᠠᠵᠠ ᠲᠣᠬᠢᠶᠠᠯ ᠢ ᠠᠮᠵᠢᠵᠤ᠂ ᠶᠡᠭᠡ ᠬᠡᠪᠴᠢᠶ᠎ᠡ ᠪᠠᠷ ᠨᠡᠭᠡᠭᠡᠨ ᠬᠥᠭᠵᠢᠭᠦᠯᠬᠦ ᠪᠠ ᠥᠨᠳᠥᠷ ᠬᠢᠷᠢ ᠲᠦᠪᠰᠢᠨ ᠢᠶᠠᠷ ᠠᠭᠤᠰᠤᠯᠴᠠᠭᠤᠯᠬᠤ ᠶᠢ ᠨᠢᠭᠡᠳᠦᠯᠲᠡᠶ ᠲᠥᠯᠥᠪᠯᠡᠨ ᠠᠬᠢᠭᠤᠯᠵᠤ᠂ ᠵᠢᠯ ᠤᠨ ᠡᠴᠦᠰ ᠪᠣᠯᠬᠤ ᠳᠤ ᠪᠥᠬᠦ ᠬᠤᠰᠢᠭᠤᠨ ᠤ ᠰᠢᠨ᠎ᠡ ᠡᠨᠧᠷᠭᠢ ᠶᠢᠨ ᠮᠠᠰᠢᠨ ᠴᠣᠭᠴᠠᠯᠠᠪᠤᠷᠢ ᠶᠢᠨ ᠬᠡᠪᠴᠢᠶ᠎ᠡ ᠶᠢ ︽ᠳᠠᠬᠢᠨ ᠢᠶᠠᠷ ᠨᠡᠮᠡᠭᠳᠡᠭᠦᠯᠬᠦ︾ ᠬᠠᠷᠠᠯᠲᠠ ᠶᠢ ᠪᠡᠶᠡᠯᠡᠭᠦᠯᠬᠦ ᠪᠠᠷ ᠴᠢᠷᠮᠠᠶᠢᠵᠤ᠂ ᠰᠢᠨ᠎ᠡ ᠡᠨᠧᠷᠭᠢ ᠶᠢᠨ ᠠᠵᠤ ᠦᠢᠯᠡᠰ ᠤᠨ  ᠲᠡᠷᠢᠭᠦᠨ ᠤ ᠲᠦᠷᠥᠯ ᠲᠡᠮᠳᠡᠭ ᠢ ᠡᠭᠦᠳᠬᠦ ᠪᠠᠷ ᠬᠦᠴᠥᠯᠡᠨ᠎ᠡ᠃    ᠰᠢᠨ᠎ᠡ ᠨᠢᠭᠡᠨ ᠡᠭᠡᠯᠵᠢ ᠶᠢᠨ ᠠᠭᠤᠷᠬᠠᠢ  ᠬᠠᠶᠢᠬᠤ ᠪᠠᠶᠢᠯᠳᠤᠬᠤ ᠪᠣᠳᠣᠯᠭ᠎ᠠ ᠶᠢᠨ ᠠᠵᠢᠯᠯᠠᠭ᠎ᠠ ᠶᠢ ᠭᠦᠨᠵᠡᠭᠡᠢ ᠬᠡᠷᠡᠭᠵᠢᠭᠦᠯᠵᠦ᠂ ᠠᠭᠤᠷᠬᠠᠢ ᠶᠢ ᠬᠠᠶᠢᠨ ᠰᠢᠨᠵᠢᠯᠡᠵᠦ ᠨᠦᠬᠡᠴᠡᠯᠡᠬᠦ ᠪᠠᠨ ᠨᠡᠮᠡᠭᠳᠡᠭᠦᠯᠬᠦ᠂ ᠠᠭᠤᠷᠬᠠᠢ ᠶᠢᠨ ᠡᠷᠬᠡ ᠶᠢ ᠡᠮᠬᠢᠯᠡᠨ ᠨᠡᠶᠢᠯᠡᠭᠦᠯᠬᠦ᠂ ᠡᠬᠢ ᠪᠠᠶᠠᠯᠢᠭ ᠢ ᠨᠡᠭᠡᠭᠡᠨ ᠬᠥᠭᠵᠢᠭᠦᠯᠬᠦ᠂ ᠠᠵᠤ ᠠᠬᠤᠶᠢᠯᠠᠯ ᠢ ᠪᠤᠶᠢᠵᠢᠭᠤᠯᠵᠤ ᠬᠡᠯᠬᠢᠶᠡᠰᠦ ᠶᠢ ᠤᠷᠲᠤᠳᠬᠠᠬᠤ ᠵᠡᠷᠭᠡ ᠲᠠᠯ᠎ᠠ ᠪᠠᠷ ᠭᠤᠣᠯᠳᠠᠯᠭ᠎ᠠ ᠪᠠᠨ ᠲᠦᠪᠯᠡᠷᠡᠭᠦᠯᠦᠨ ᠬᠦᠴᠥᠯᠡᠨ᠎ᠡ᠃  ᠵᠠᠩ ᠵᠢᠶᠠ ᠭᠧᠦ ᠣᠷᠣᠨ᠂ ᠯᠠᠮᠠ ᠶᠢᠨ ᠭᠤᠤ ᠣᠷᠣᠨ᠂ ᠪᠣᠷᠣᠬᠤᠲᠠ ᠠᠴᠠ ᠴᠢᠶᠤᠤ ᠲᠸᠥ ᠬᠦᠷᠬᠦ ᠭᠠᠵᠠᠷ ᠣᠷᠣᠨ ᠵᠡᠷᠭᠡ ᠠᠭᠤᠷᠬᠠᠢ ᠶᠢᠨ ᠡᠬᠢ ᠪᠠᠶᠠᠯᠢᠭ ᠢ ᠡᠮᠬᠢᠯᠡᠨ ᠨᠡᠶᠢᠯᠡᠭᠦᠯᠬᠦ ᠠᠬᠢᠴᠠ ᠶᠢ ᠲᠦᠷᠭᠡᠳᠭᠡᠵᠦ᠂ ︽ᠠᠭᠤᠷᠬᠠᠢ ᠠᠴᠠ ᠠᠭᠤᠷᠬᠠᠢ ᠬᠠᠶᠢᠬᠤ︾ ᠪᠠ ᠬᠠᠳᠠᠭᠠᠯᠠᠭᠳᠠᠴᠠ ᠶᠢ ᠨᠡᠮᠡᠭᠳᠡᠭᠦᠯᠬᠦ ᠲᠠᠯ᠎ᠠ ᠪᠠᠷ ᠰᠢᠨ᠎ᠡ ᠰᠢᠪᠲᠤᠯᠤᠯᠲᠠ ᠶᠢ ᠪᠡᠶᠡᠯᠡᠭᠦᠯᠬᠦ ᠪᠠᠷ ᠴᠢᠷᠮᠠᠶᠢᠵᠤ᠂ ᠡᠬᠢ ᠪᠠᠶᠠᠯᠢᠭ ᠤᠨ ᠳᠠᠪᠠᠭᠤᠯᠢᠭ ᠢ ᠬᠥᠭᠵᠢᠯᠲᠡ ᠶᠢᠨ ᠳᠠᠪᠠᠭᠤᠯᠢᠭ ᠪᠣᠯᠭᠠᠨ ᠬᠤᠪᠢᠷᠠᠭᠤᠯᠬᠤ ᠪᠠᠷ ᠴᠢᠷᠮᠠᠶᠢᠨ᠎ᠠ᠃    ᠵᠢᠯ ᠤᠨ ᠳᠣᠲᠣᠷ᠎ᠠ᠂ ᠤᠯᠠᠭᠠᠨᠬᠠᠳᠠ ᠶᠢᠨ ᠬᠠᠰ ᠯᠤᠤ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠬᠤᠶᠢᠲᠤ ᠲᠣᠭᠤᠷᠢᠭ ᠤᠨ ᠵᠡᠭᠦᠨ  ᠪᠦᠯᠥᠭ ᠤᠨ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠡᠬᠢᠯᠡᠭᠦᠯᠵᠦ᠂ ᠬᠦᠷᠢᠶᠡᠯᠡᠩ ᠲᠣᠭᠤᠷᠢᠭ ᠤᠨ ᠨᠡᠮᠡᠭᠳᠡᠯ ᠴᠠᠬᠢᠯᠭᠠᠨ ᠲᠦᠭᠡᠭᠡᠬᠦ  ᠲᠤᠤᠷᠵᠢᠯ ᠤᠨ ᠲᠥᠷᠥᠯ ᠵᠦᠢᠯ ᠢ ᠲᠦᠷᠭᠡᠳᠬᠡᠨ ᠬᠡᠷᠡᠭᠵᠢᠭᠦᠯᠵᠦ᠂ ᠪᠠᠷᠢᠮᠵᠢᠶᠠᠵᠢᠭᠰᠠᠨ ᠦᠢᠯᠡᠳᠪᠦᠷᠢ ᠶᠢᠨ ᠭᠡᠷ ᠪᠠᠶᠢᠰᠢᠩ ᠢ 2 ᠲᠦᠮᠡᠨ ᠲᠡᠭᠰᠢ ᠳᠥᠷᠪᠡᠯᠵᠢᠨ  ᠮᠧᠲᠷ  ᠠᠴᠠ ᠳᠡᠭᠡᠭᠰᠢ  ᠠᠰᠢᠭᠯᠠᠯᠳᠠ ᠳᠤ ᠤᠷᠤᠭᠤᠯᠵᠤ᠂ ᠬᠦᠷᠢᠶᠡᠯᠡᠩ ᠲᠣᠭᠤᠷᠢᠭ ᠤᠨ ᠶᠡᠷᠦᠩᠬᠡᠶᠢᠯᠡᠭᠰᠡᠨ  ᠳᠠᠭᠠᠭᠠᠴᠢᠯᠠᠬᠤ ᠴᠢᠳᠠᠪᠤᠷᠢ ᠪᠠ  ᠠᠷᠠᠯᠵᠢᠶᠠᠴᠢᠨ ᠤᠷᠢᠵᠤ ᠪᠡᠯᠡ ᠣᠷᠣᠭᠤᠯᠬᠤ ᠥᠷᠢᠰᠦᠯᠳᠦᠬᠦ ᠬᠦᠴᠦᠨ ᠢ ᠲᠠᠰᠤᠷᠠᠯᠲᠠ ᠦᠭᠡᠢ  ᠳᠡᠭᠡᠭᠰᠢᠯᠡᠭᠦᠯᠬᠦ  ᠶᠠᠪᠤᠳᠠᠯ ᠪᠤᠯᠤᠨ᠎ᠠ᠃
 
ᠢᠷᠡᠯᠲᠡ᠄ ᠣᠩᠨᠢᠭᠤᠳ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号