| | 2 ᠰᠠᠷ᠎ᠠ ᠶᠢᠨ 10 ᠤ ᠡᠳᠦᠷ᠂ ᠬᠤᠰᠢᠭᠤᠨ ᠤ ᠠᠷᠪᠠᠨ ᠲᠠᠪᠤᠳᠤᠭᠠᠷ ᠬᠤᠭᠤᠴᠠᠭᠠᠨ ᠤ ᠰᠠᠬᠢᠯᠭ᠎ᠠ ᠪᠠᠲᠤ | ᠪᠠᠶᠢᠴᠠᠭᠠᠬᠤ ᠬᠤᠷᠢᠶ᠎ᠠ ᠲᠠᠪᠤᠳᠤᠭᠠᠷ ᠪᠥᠬᠦᠳᠡ ᠬᠤᠷᠠᠯ ᠬᠤᠷᠠᠯᠳᠤᠵᠤ᠂ ᠶᠡᠷᠦᠩᠬᠡᠶ ᠱᠦᠵᠢ ᠰᠢ ᠶᠢᠨ ᠫᠢᠩ ᠤᠨ | ᠨᠠᠮ ᠤᠨ ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ ᠲᠤᠬᠠᠶ ᠴᠢᠬᠤᠯᠠ ᠦᠵᠡᠯ ᠰᠠᠨᠠᠭ᠎ᠠ ᠶᠢ ᠭᠦᠨᠵᠡᠭᠡᠶ ᠰᠤᠷᠤᠯᠴᠠᠨ | ᠳᠤᠭᠤᠰᠢᠯᠠᠭᠤᠯᠵᠤ ᠂ ᠬᠤᠷᠢᠳᠤᠭᠠᠷ ᠬᠤᠭᠤᠴᠠᠭᠠᠨ ᠤ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ | ᠳᠥᠷᠪᠡᠳᠦᠭᠡᠷ ᠪᠥᠬᠦᠳᠡ ᠬᠤᠷᠠᠯ᠂ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠬᠤᠭᠤᠴᠠᠭᠠᠨ ᠤ ᠰᠠᠬᠢᠯᠭ᠎ᠠ | ᠪᠠᠲᠤ ᠪᠠᠶᠢᠴᠠᠭᠠᠬᠤ ᠬᠤᠷᠢᠶ᠎ᠠ ᠶᠢᠨ ᠲᠠᠪᠤᠳᠤᠭᠠᠷ ᠪᠥᠬᠦᠳᠡ ᠬᠤᠷᠠᠯ ᠪᠠ ᠬᠤᠲᠠ ᠶᠢᠨ ᠰᠠᠬᠢᠯᠭ᠎ᠠ ᠪᠠᠲᠤ ᠪᠠᠶᠢᠴᠠᠭᠠᠬᠤ | ᠬᠤᠷᠢᠶ᠎ᠠ ᠶᠢᠨ ᠨᠠᠢᠮᠠᠳᠤᠭᠠᠷ ᠬᠤᠭᠤᠴᠠᠭᠠᠨ ᠤ ᠲᠠᠪᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠪᠥᠬᠦ | ᠲᠠᠯ᠎ᠠ ᠪᠠᠷ ᠳᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠮᠠᠨ ᠤ ᠬᠤᠰᠢᠭᠤᠨ ᠤ ᠪᠥᠬᠦ ᠲᠠᠯ᠎ᠠ ᠪᠠᠷ ᠨᠠᠮ ᠢ ᠴᠢᠩᠭ᠎ᠠ | ᠵᠠᠰᠠᠬᠤ ᠠᠵᠢᠯ ᠢ ᠳᠣᠭᠢᠷᠠᠭᠤᠯᠤᠨ ᠪᠠᠶᠢᠷᠢᠯᠠᠭᠤᠯᠪᠠ᠃ ᠬᠤᠰᠢᠭᠤᠨ ᠤ ᠨᠠᠮ ᠤᠨ ᠬᠤᠷᠢᠶᠠᠨ ᠤ ᠱᠦᠵᠢ ᠮᠥᠩᠬᠡ | ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃ ᠮᠠ ᠶᠦᠩ ᠭᠠᠩ᠂ ᠯᠢ ᠢᠥᠢ ᠲᠢᠩ᠂ ᠬᠦᠭᠵᠢᠯᠳᠥ ᠵᠡᠷᠭᠡ | ᠤᠳᠤᠷᠢᠳᠤᠯᠭ᠎ᠠ ᠬᠤᠷᠠᠯ ᠳᠤ ᠤᠷᠤᠯᠴᠠᠪᠠ᠃ | ᠬᠤᠷᠠᠯ ᠠᠴᠠ᠂ ᠥᠩᠭᠡᠷᠡᠭᠰᠡᠨ ᠨᠢᠭᠡ ᠵᠢᠯ ᠳᠤ᠂ ᠪᠥᠬᠦ ᠬᠤᠰᠢᠭᠤ ᠪᠠᠷ ᠢᠶᠠᠨ ᠰᠢ ᠶᠢᠨ ᠫᠢᠩ ᠤᠨ ᠰᠢᠨ᠎ᠡ ᠴᠠᠭ | ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ | ᠪᠣᠯᠭᠠᠬᠤ ᠶᠢ ᠪᠠᠷᠢᠮᠲᠠᠯᠠᠵᠤ᠂ ᠨᠠᠮ ᠤᠨ ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ ᠪᠠᠶᠢᠯᠳᠤᠬᠤ ᠪᠣᠳᠣᠯᠭ᠎ᠠ ᠶᠢᠨ | ᠪᠠᠶᠢᠷᠢᠯᠠᠭᠤᠯᠤᠯᠲᠠ ᠪᠠ ᠨᠠᠮ ᠢ ᠪᠥᠬᠦ ᠲᠠᠯ᠎ᠠ ᠪᠠᠷ ᠴᠢᠩᠭ᠎ᠠ ᠵᠠᠰᠠᠬᠤ ᠪᠠᠶᠢᠯᠳᠤᠬᠤ ᠪᠣᠳᠣᠯᠭ᠎ᠠ ᠶᠢᠨ ᠴᠢᠭᠯᠡᠯᠲᠡ ᠶᠢ ᠡᠷᠡᠰ | ᠳᠤᠭᠤᠰᠢᠯᠠᠭᠤᠯᠵᠤ᠂ ᠨᠠᠮ ᠢ ᠬᠠᠮᠢᠶᠠᠷᠴᠤ ᠨᠠᠮ ᠢ ᠵᠠᠰᠠᠬᠤ ᠤᠯᠤᠰ ᠲᠥᠷᠥ ᠶᠢᠨ ᠬᠠᠷᠢᠭᠤᠴᠠᠯᠭ᠎ᠠ ᠶᠢ ᠪᠠᠲᠤ ᠴᠢᠩᠭ᠎ᠠ | ᠡᠭᠦᠷᠭᠡᠯᠡᠨ᠂ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠪᠠ ᠢᠯᠵᠠᠷᠠᠯ ᠢ ᠡᠰᠡᠷᠭᠦᠴᠡᠬᠦ ᠲᠡᠮᠡᠴᠡᠯ ᠤᠨ | ᠯᠠᠪᠳᠠᠭᠤᠨ ᠪᠠᠲᠤᠲᠠᠶ ᠦᠷ᠎ᠡ ᠪᠦᠲᠦᠮᠵᠢ ᠤᠯᠬᠤ ᠶᠢ ᠠᠬᠢᠭᠤᠯᠵᠤ᠂ ᠪᠥᠬᠦ ᠬᠤᠰᠢᠭᠤᠨ ᠤ ᠠᠵᠤ ᠠᠬᠤᠶ ᠨᠡᠶᠢᠭᠡᠮ ᠤᠨ | ᠴᠢᠨᠠᠷ ᠰᠠᠶᠢᠲᠠᠶ ᠬᠥᠭᠵᠢᠯᠲᠡ ᠪᠠ ᠣᠳᠣᠬᠢᠴᠢᠯᠠᠯᠲᠠ ᠶᠢᠨ ᠪᠥᠲᠥᠭᠡᠨ ᠪᠠᠶᠢᠭᠤᠯᠤᠯᠲᠠ ᠶᠢ ᠠᠬᠢᠭᠤᠯᠬᠤ ᠳᠤ ᠪᠠᠲᠤ | ᠴᠢᠩᠭ᠎ᠠ ᠪᠠᠲᠤᠯᠠᠭ᠎ᠠ ᠬᠠᠩᠭᠠᠪᠠ ᠭᠡᠵᠡᠢ᠃ | ᠬᠤᠷᠠᠯ ᠠᠴᠠ᠂ ᠥᠷᠭᠡᠨ ᠤᠯᠠᠨ ᠨᠠᠮ ᠤᠨ ᠭᠡᠰᠢᠭᠦᠨ ᠺᠠᠳ᠋ᠷᠴᠣᠳ ᠣᠳᠣᠬᠠᠨ ᠤ ᠢᠯᠵᠢᠷᠡᠯ ᠢ ᠡᠰᠡᠷᠭᠦᠴᠡᠬᠦ | ᠲᠡᠮᠡᠴᠡᠯ ᠤᠨ ᠬᠦᠨᠳᠦ ᠨᠣᠴᠢᠲᠠᠢ ᠪᠠᠶᠢᠳᠠᠯ ᠢ ᠭᠦᠨᠵᠡᠭᠡᠢ ᠲᠠᠨᠢᠵᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ᠂ | ᠨᠠᠮ ᠤᠨ ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ ᠠᠵᠢᠯ ᠤᠨ ᠡᠷᠡᠰ ᠪᠠᠲᠤ ᠪᠠᠶᠢᠬᠤ ᠶᠢ ᠢᠮᠠᠭᠲᠠ ᠪᠠᠲᠤᠯᠠᠵᠤ᠂ | ᠰᠤᠷᠲᠠᠯ ᠢ ᠴᠡᠭᠴᠡᠯᠡᠨ ᠰᠠᠬᠢᠯᠭ᠎ᠠ ᠪᠠᠲᠤ ᠶᠢ ᠴᠢᠩᠳᠠᠯᠠᠵᠤ ᠢᠯᠵᠢᠷᠡᠯ ᠢ ᠡᠰᠡᠷᠭᠦᠴᠡᠬᠦ ᠶᠢ ᠴᠥᠬᠦᠷᠡᠰᠢ ᠦᠭᠡᠢ | ᠪᠠᠷᠢᠮᠲᠠᠯᠠᠵᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠭᠦᠨᠵᠡᠭᠡᠢ ᠠᠬᠢᠭᠤᠯᠵᠤ᠂ ᠡᠨᠡᠬᠦ ᠪᠣᠭᠤᠮᠲᠠ | ᠰᠢᠪᠲᠤᠯᠬᠤ᠂ ᠤᠳᠠᠭᠠᠨ ᠳᠠᠭᠠᠭᠠᠮᠠᠭᠠᠢ᠂ ᠶᠡᠷᠦᠩᠬᠡᠢ ᠳᠠᠶᠢᠯᠠᠯᠳᠤᠭᠠᠨ ᠢ ᠡᠷᠡᠰ ᠰᠠᠶᠢᠲᠤᠷ ᠬᠢᠬᠦ ᠬᠡᠷᠡᠭᠲᠡᠢ ᠭᠡᠵᠡᠢ᠃ | ᠬᠤᠷᠠᠯ ᠠᠴᠠ ᠮᠠᠨ ᠤ ᠬᠤᠰᠢᠭᠤᠨ ᠤ 2025 ᠣᠨ ᠤ ᠨᠠᠮ ᠢ ᠪᠥᠬᠦ ᠲᠠᠯ᠎ᠠ ᠪᠠᠷ ᠴᠢᠩᠭ᠎ᠠ ᠵᠠᠰᠠᠬᠤ ᠠᠵᠢᠯ ᠢ | ᠲᠠᠪᠤᠨ ᠲᠠᠯ᠎ᠠ ᠪᠠᠷ ᠳᠣᠭᠢᠷᠠᠭᠤᠯᠤᠨ ᠪᠠᠶᠢᠷᠢᠯᠠᠭᠤᠯᠪᠠ᠄ ᠨᠢᠭᠡ ᠳᠤ᠂ ᠦᠵᠡᠯ ᠰᠠᠨᠠᠭ᠎ᠠ ᠲᠠᠨᠢᠯᠲᠠ ᠪᠠᠨ ᠳᠡᠭᠡᠭᠰᠢᠯᠡᠭᠦᠯᠵᠦ | ᠂ ᠨᠠᠮ ᠢ ᠪᠥᠬᠦ ᠲᠠᠯ᠎ᠠ ᠪᠠᠷ ᠴᠢᠩᠭ᠎ᠠ ᠵᠠᠰᠠᠬᠤ ᠤᠯᠤᠰ ᠲᠥᠷᠥ ᠂ ᠦᠵᠡᠯ ᠰᠠᠨᠠᠭ᠎ᠠ᠂ ᠦᠢᠯᠡ ᠠᠵᠢᠯᠯᠠᠭᠠᠨ ᠤ | ᠤᠬᠠᠮᠰᠠᠷ ᠢᠶᠠᠨ ᠤᠯᠠᠮ ᠨᠢᠭᠡ ᠠᠯᠬᠤᠮ ᠴᠢᠩᠭᠠᠳᠬᠠᠬᠤ ᠬᠡᠷᠡᠭᠳᠡᠢ᠃ ᠬᠤᠶᠠᠷ ᠲᠤ᠂ ᠤᠯᠤᠰ ᠲᠦᠷᠦ ᠶᠢᠨ | ᠬᠢᠨᠠᠯᠲᠠ ᠶᠢ ᠡᠷᠡᠰ ᠭᠤᠶᠢᠪᠢᠰᠢ ᠦᠭᠡᠢ ᠭᠦᠨᠵᠡᠭᠡᠶᠢᠷᠡᠭᠦᠯᠵᠦ᠂ ᠲᠤᠭᠤᠰᠢᠯᠠᠭᠤᠯᠤᠨ ᠬᠡᠷᠡᠭᠵᠢᠭᠦᠯᠬᠦ ᠲᠠᠯ᠎ᠠ ᠪᠠᠷ | ᠬᠡᠯᠪᠠᠶᠢᠬᠦ ᠦᠭᠡᠢ᠂ ᠬᠤᠪᠢᠷᠠᠭᠤᠯᠬᠤ ᠦᠭᠡᠢ᠂ ᠥᠭᠡᠷᠡᠲᠦᠭᠦᠯᠬᠦ ᠦᠭᠡᠢ ᠪᠠᠶᠢᠬᠤ ᠶᠢ ᠦᠨᠡᠨ ᠬᠦ ᠪᠠᠲᠤᠯᠠᠬᠤ ᠬᠡᠷᠡᠭᠳᠡᠢ | ᠃ ᠭᠤᠷᠪᠠ ᠳᠤ᠂ ᠰᠤᠷᠲᠠᠯ ᠢ ᠴᠡᠭᠴᠡᠯᠡᠨ ᠢᠯᠵᠠᠷᠠᠯ ᠢ ᠵᠠᠰᠠᠬᠤ ᠶᠢ ᠵᠡᠷᠭᠡᠪᠡᠷ ᠪᠠᠷᠢᠮᠲᠠᠯᠠᠵᠤ᠂ ᠰᠤᠷᠲᠠᠯ ᠢ ᠴᠡᠭᠴᠡᠯᠡᠨ | ᠰᠠᠬᠢᠯᠭ᠎ᠠ ᠪᠠᠲᠤ ᠶᠢ ᠴᠢᠩᠳᠠᠯᠠᠵᠤ ᠢᠯᠵᠠᠷᠠᠯ ᠢ ᠡᠰᠡᠷᠭᠦᠴᠡᠬᠦ ᠶᠢ ᠡᠷᠡᠰ ᠭᠤᠶᠢᠪᠢᠰᠢ ᠦᠭᠡᠢ ᠠᠬᠢᠭᠤᠯᠬᠤ ᠬᠡᠷᠡᠭᠲᠡᠢ᠃ | ᠲᠦᠷᠪᠡ ᠳᠤ᠂ ᠤᠯᠠᠨ ᠲᠦᠮᠡᠨ ᠤ ᠳᠡᠷᠭᠡᠳᠡᠬᠢ ᠵᠢᠵᠢᠭ ᠰᠠᠵᠢᠭ ᠲᠥᠪ ᠪᠤᠰᠤ ᠰᠤᠷᠲᠠᠯ ᠪᠣᠯᠤᠨ ᠢᠯᠵᠠᠷᠠᠯ ᠤᠨ | ᠠᠰᠠᠭᠤᠳᠠᠯ ᠢ ᠴᠤ ᠦᠷᠭᠦᠯᠵᠢᠯᠡᠨ ᠴᠡᠭᠴᠡᠯᠡᠨ ᠵᠠᠰᠠᠬᠤ ᠬᠡᠷᠡᠭᠳᠡᠢ᠃ ᠲᠠᠪᠤ ᠳᠤ᠂ ᠨᠠᠮ ᠢ ᠬᠠᠮᠢᠶᠠᠷᠴᠤ ᠨᠠᠮ ᠢ | ᠵᠠᠰᠠᠬᠤ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠰᠤᠷᠲᠠᠯ ᠴᠢᠬᠡᠴᠢ ᠣᠪᠣᠷ ᠲᠥᠪ ᠰᠠᠶᠢᠨ ᠰᠠᠶᠢᠬᠠᠨ ᠤᠯᠤᠰ | ᠲᠦᠷᠦ ᠶᠢᠨ ᠠᠮᠢ ᠠᠬᠤᠢ ᠶᠢ ᠪᠠᠲᠤᠯᠠᠬᠤ ᠬᠡᠷᠡᠭᠳᠡᠢ ᠭᠡᠵᠡᠢ᠃ | ᠬᠤᠷᠠᠯ ᠳᠡᠭᠡᠷ᠎ᠡ᠂ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠰᠠᠬᠢᠯᠭ᠎ᠠ ᠪᠠᠲᠤ | ᠪᠠᠶᠢᠴᠠᠭᠠᠬᠤ ᠬᠤᠷᠢᠶᠠᠨ ᠤ ᠱᠦᠵᠢ᠂ ᠬᠢᠨᠠᠨ ᠪᠠᠶᠢᠴᠠᠭᠠᠬᠤ ᠵᠥᠪᠯᠡᠯ ᠤᠨ ᠡᠷᠬᠢᠯᠡᠭᠴᠢ ᠾᠧᠦ ᠭᠦᠸᠧ ᠵᠢᠩ | ᠬᠤᠰᠢᠭᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠪᠠᠶᠢᠩᠭᠤ ᠶᠢᠨ ᠬᠤᠷᠢᠶ᠎ᠠ ᠶᠢ ᠲᠥᠯᠥᠭᠡᠯᠡᠨ ᠠᠵᠢᠯ ᠤᠨ | ᠮᠡᠳᠡᠭᠦᠯᠦᠯᠲᠡ ᠬᠢᠪᠠ᠃ ᠡᠭᠦᠨ ᠤ ᠬᠠᠮᠲᠤ ᠲᠣᠰ ᠤᠳᠠᠭᠠᠨ ᠤ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠰᠠᠶᠢᠲᠤᠷ | ᠨᠠᠶᠢᠳᠠᠪᠤᠷᠢᠵᠢᠭᠤᠯᠬᠤ᠂ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠠᠵᠢᠯ ᠤᠨ ᠴᠢᠨᠠᠷ ᠰᠠᠶᠢᠲᠠᠶ | ᠬᠥᠭᠵᠢᠯᠲᠡ ᠶᠢ ᠭᠦᠨᠵᠡᠭᠡᠶ ᠠᠬᠢᠭᠤᠯᠬᠤ ᠲᠤᠬᠠᠶ ᠱᠠᠭᠠᠷᠳᠠᠯᠭ᠎ᠠ ᠳᠤᠷᠠᠳᠪᠠ ᠃ | ᠬᠤᠷᠠᠯ ᠠᠴᠠ ᠱᠠᠭᠠᠷᠳᠠᠭᠰᠠᠨ ᠨᠢ᠂ ᠪᠥᠬᠦ ᠬᠤᠰᠢᠭᠤᠨ ᠤ ᠡᠯ᠎ᠡ ᠱᠠᠲᠤᠨ ᠤ ᠰᠠᠬᠢᠯᠭ᠎ᠠ ᠪᠠᠲᠤ ᠪᠠᠶᠢᠴᠠᠭᠠᠬᠤ | ᠬᠢᠨᠠᠨ ᠪᠠᠶᠢᠴᠠᠭᠠᠬᠤ ᠪᠠᠶᠢᠭᠤᠯᠭ᠎ᠠ ᠶᠢᠨ ᠬᠢᠨ ᠦᠷᠭᠦᠯᠵᠢᠯᠡᠨ ᠴᠢᠩᠭᠠᠳᠬᠠᠵᠤ ᠂ ᠬᠦᠴᠦᠲᠡᠶ ᠴᠣᠬᠢᠯᠲᠠ ᠥᠭᠴᠦ | ᠢᠯᠵᠠᠷᠠᠯ ᠢ ᠵᠠᠯᠬᠠᠭᠠᠨ ᠰᠢᠢᠳᠬᠡᠵᠦ᠂ ︽ᠳᠥᠷᠪᠡᠨ ᠰᠤᠷᠲᠠᠯ︾ ᠢ ᠴᠥᠬᠦᠷᠡᠰᠢ ᠥᠬᠡᠶ ᠵᠠᠯᠠᠷᠠᠭᠤᠯᠤᠨ ᠵᠠᠰᠠᠵᠤ᠂ | ᠵᠢᠵᠢᠭ ᠰᠠᠵᠢᠭ ᠢᠯᠵᠠᠷᠠᠯ ᠢ ᠴᠤ ᠶᠡᠭᠡ ᠬᠦᠴᠦ ᠣᠷᠣᠭᠤᠯᠵᠤ ᠪᠠᠶᠢᠭᠠᠳ ᠵᠠᠯᠬᠠᠭᠠᠨ ᠰᠢᠢᠳᠬᠡᠬᠦ ᠬᠡᠷᠡᠭᠲᠡᠶ ᠃ ︽ | ᠭᠠᠷ ᠬᠥᠯ ᠢᠶᠠᠨ ᠬᠤᠷᠢᠶᠠᠬᠤ ᠥᠬᠡᠶ ᠡᠲᠡᠭᠡᠳ︾ ᠤᠨ ᠬᠡᠢ ᠪᠣᠳᠣᠯ ᠡᠪᠥᠷᠯᠡᠬᠦ ᠂ ᠬᠠᠤᠯᠢ ᠶᠢᠨ ᠬᠠᠷᠢᠭᠤᠴᠠᠯᠭ᠎ᠠ | ᠠᠴᠠ ᠵᠠᠶᠢᠯᠠᠬᠤ᠂ ᠴᠡᠭᠴᠡᠯᠡᠨ ᠰᠠᠶᠢᠵᠢᠷᠠᠭᠤᠯᠬᠤ ᠦᠭᠡᠢ ᠡᠲᠡᠭᠡᠳ ᠤᠨ ᠬᠤᠳᠬᠤᠯᠳᠤᠭᠤᠯᠤᠨ ᠦᠩᠭᠡᠷᠡᠭᠦᠯᠬᠦ᠂ | ᠵᠠᠪᠰᠢᠨ ᠮᠤᠯᠳᠤᠷᠠᠬᠤ ᠂ ︽ᠬᠠᠷᠢᠭᠤᠴᠠᠯᠭ᠎ᠠ ᠡᠭᠦᠷᠭᠡᠯᠡᠬᠦ ᠳᠤᠷ᠎ᠠ ᠥᠬᠡᠶ ᠬᠥᠮᠦᠰ︾ ᠤᠨ ᠲᠠᠪᠳᠠᠶᠢᠬᠠᠨ | ᠰᠠᠭᠤᠵᠤ ᠲᠠᠯᠠᠭᠠᠷ ᠴᠠᠯᠢᠩ ᠠᠪᠬᠤ᠂ ᠠᠮᠤᠷ ᠲᠦᠪᠰᠢᠨ ᠢᠶᠠᠷ ᠤᠷᠤᠨ ᠡᠵᠡᠯᠡᠬᠦ ᠦᠵᠡᠭᠳᠡᠯ ᠢ ᠡᠷᠡᠰ | ᠵᠠᠯᠠᠷᠠᠭᠤᠯᠬᠤ ᠬᠡᠷᠡᠭᠲᠡᠶ ᠭᠡᠵᠡᠢ᠃ | ᠬᠤᠷᠠᠯ ᠠᠴᠠ ᠬᠤᠰᠢᠭᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠠᠷᠪᠠᠨ ᠲᠠᠪᠤᠳᠤᠭᠠᠷ | ᠬᠤᠭᠤᠴᠠᠭᠠᠨ ᠤ ᠲᠠᠪᠤᠳᠤᠭᠠᠷ ᠪᠥᠬᠦᠳᠡ ᠬᠤᠷᠠᠯ ᠤᠨ ᠠᠵᠢᠯ ᠤᠨ ᠮᠡᠳᠡᠭᠦᠯᠦᠯᠲᠡ ᠶᠢ ᠪᠠᠲᠤᠯᠠᠵᠤ᠂ ᠬᠤᠰᠢᠭᠤᠨ ᠤ | ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠠᠷᠪᠠᠨ ᠲᠠᠪᠤᠳᠤᠭᠠᠷ ᠬᠤᠭᠤᠴᠠᠭᠠᠨ ᠤ ᠲᠠᠪᠤᠳᠤᠭᠠᠷ ᠪᠥᠬᠦᠳᠡ | ᠬᠤᠷᠠᠯ ᠤᠨ ᠰᠢᠢᠳᠪᠦᠷᠢ ᠶᠢ ᠪᠠᠲᠤᠯᠠᠪᠠ᠃ | | |