ᠮᠥᠩᠬᠡ ᠤᠯᠠᠭᠠᠨᠬᠠᠳᠠ ᠶᠢᠨ ᠬᠠᠰ ᠯᠤᠤ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠲᠤ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2025/2/13
     2 ᠰᠠᠷ᠎ᠠ ᠶᠢᠨ 11 ᠤ ᠡᠳᠦᠷ᠂  ᠬᠤᠰᠢᠭᠤᠨ ᠤ ᠨᠠᠮ ᠤᠨ ᠬᠤᠷᠢᠶᠠᠨ ᠤ ᠱᠦᠵᠢ ᠮᠥᠩᠬᠡ ᠤᠯᠠᠭᠠᠨᠬᠠᠳᠠ ᠶᠢᠨ ᠬᠠᠰ ᠯᠤᠤ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠲᠤ ᠪᠠᠶᠢᠴᠠᠭᠠᠨ ᠰᠤᠳᠤᠯᠤᠯᠲᠠ ᠬᠢᠬᠦ ᠳᠡᠭᠡᠨ᠂ ᠪᠣᠳᠠᠲᠤ ᠴᠣᠭᠴᠠ ᠶᠢᠨ ᠠᠵᠤ ᠠᠬᠤᠢ ᠶᠢᠨ ᠰᠠᠭᠤᠷᠢ ᠶᠢ ᠪᠠᠲᠤ ᠰᠠᠬᠢᠵᠤ᠂ ᠤᠯᠠᠮᠵᠢᠯᠠᠯᠲᠤ ᠠᠵᠤ ᠦᠢᠯᠡᠰ ᠤᠨ ᠬᠡᠯᠪᠡᠷᠢ ᠶᠢ ᠬᠤᠪᠢᠷᠠᠭᠤᠯᠬᠤ᠂ ᠳᠠᠪᠠᠭᠤᠯᠢᠭ ᠠᠵᠤ ᠦᠢᠯᠡᠰ ᠢ ᠪᠤᠵᠠᠭᠠᠶᠢᠷᠠᠭᠤᠯᠬᠤ ᠪᠠ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠪᠤᠶᠢᠵᠢᠭᠤᠯᠬᠤ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠣᠨᠴᠠᠯᠢᠭ ᠢ ᠢᠯᠡᠷᠡᠭᠦᠯᠦᠭᠰᠡᠨ ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠢ ᠪᠠᠶᠢᠭᠤᠯᠬᠤ ᠬᠡᠷᠡᠭᠲᠡᠢ  ᠭᠡᠵᠥ ᠱᠠᠭᠠᠷᠳᠠᠪᠠ᠃      ᠮᠦᠩᠭᠡ ᠤᠷᠢᠳ ᠬᠤᠵᠢᠳ ᠤᠯᠠᠭᠠᠨᠬᠠᠳᠠ ᠶᠢᠨ ᠯᠢᠩ ᡁᠢ ᠢᠳᠡᠭᠡᠨ ᠤ ᠬᠢᠵᠠᠭᠠᠷᠲᠤ ᠺᠣᠮᠫᠠᠨᠢ᠂ ᠥᠪᠥᠷ ᠮᠣᠩᠭᠤᠯ ᠤᠨ ᠾᠧᠩ ᠳ᠋ᠦ᠋ ᠢᠳᠡᠭᠡᠨ ᠤ ᠨᠡᠭᠡᠭᠡᠨ ᠬᠥᠭᠵᠢᠭᠦᠯᠦᠯᠲᠡ ᠶᠢᠨ ᠬᠢᠵᠠᠭᠠᠷᠲᠤ ᠺᠣᠮᠫᠠᠨᠢ᠂ ᠥᠪᠥᠷ ᠮᠣᠩᠭᠤᠯ ᠤᠨ ᠴᠤᠸᠠᠩ ᠳ᠋ᠠ ᠢᠯᠴᠢ ᠶᠢᠨ ᠬᠤᠭᠤᠯᠠᠶ ᠶᠢᠨ ᠡᠨᠧᠷᠭᠢ ᠠᠷᠪᠢᠯᠠᠬᠤ ᠲᠥᠬᠦᠭᠡᠷᠦᠮᠵᠢ ᠶᠢᠨ ᠬᠢᠵᠠᠭᠠᠷᠲᠤ ᠺᠣᠮᠫᠠᠨᠢ᠂ ᠤᠯᠠᠭᠠᠨᠬᠠᠳᠠ ᠶᠢᠨ ᠭᠤᠸᠠᠩ ᠶᠤᠸᠠᠨ ᠴᠠᠬᠢᠯᠭᠠᠨ ᠬᠦᠴᠦᠨ ᠤ ᠲᠡᠮᠦᠷ ᠰᠤᠪᠤᠷᠭ᠎ᠠ ᠦᠢᠯᠡᠳᠬᠦ ᠬᠢᠵᠠᠭᠠᠷᠲᠤ ᠺᠣᠮᠫᠠᠨᠢ ᠳᠤ ᠭᠦᠨᠵᠡᠭᠡᠶᠢᠷᠡᠵᠦ᠂ ᠠᠵᠢᠯ ᠲᠦᠷᠦᠯ ᠤᠨ ᠬᠥᠭᠵᠢᠯᠲᠡ᠂ ᠦᠢᠯᠡᠳᠬᠦᠨ ᠢ ᠰᠤᠳᠤᠯᠤᠨ ᠨᠡᠭᠡᠭᠡᠬᠦ᠂ ᠭᠠᠷ ᠤᠷᠠᠯᠠᠯ ᠤᠨ ᠶᠠᠪᠤᠴᠠ᠂ ᠦᠢᠯᠡᠳᠪᠦᠷᠢᠯᠡᠯ ᠡᠵᠡᠩᠨᠡᠯᠲᠡ ᠵᠡᠷᠭᠡ ᠪᠠᠶᠢᠳᠠᠯ ᠤᠨ ᠲᠤᠬᠠᠢ ᠠᠵᠤ ᠠᠬᠤᠶᠢᠯᠠᠯ ᠤᠨ ᠬᠠᠷᠢᠭᠤᠴᠠᠯᠭᠠᠲᠠᠨ ᠲᠠᠢ ᠰᠠᠨᠠᠯ ᠢᠶᠠᠨ ᠭᠦᠨᠵᠡᠭᠡᠢ  ᠰᠤᠯᠢᠯᠴᠠᠪᠠ᠃  ᠡᠭᠦᠨ ᠤ ᠬᠠᠮᠲᠤ᠂ ᠠᠵᠤ ᠠᠬᠤᠶᠢᠯᠠᠯ ᠤᠨ ᠬᠥᠭᠵᠢᠯᠲᠡ ᠳᠤ ᠲᠤᠯᠭᠠᠷᠠᠵᠤ ᠪᠠᠶᠢᠭ᠎ᠠ ᠬᠦᠴᠢᠷᠳᠡᠯ ᠪᠣᠯᠤᠨ ᠠᠰᠠᠭᠤᠳᠠᠯ ᠢ ᠰᠤᠳᠤᠯᠤᠨ ᠰᠢᠢᠳᠪᠦᠷᠢᠯᠡᠵᠦ᠂  ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠪᠠ ᠠᠵᠤ ᠦᠢᠯᠡᠰ ᠤᠨ ᠰᠢᠨ᠎ᠡ ᠶᠢ ᠡᠭᠦᠳᠬᠦ ᠶᠢᠨ ᠭᠦᠨᠵᠡᠭᠡᠢ ᠠᠭᠤᠰᠤᠯᠴᠠᠯ ᠢ ᠠᠬᠢᠭᠤᠯᠵᠤ᠂  ᠬᠡᠯᠬᠢᠶᠡᠵᠢᠯ ᠢ  ᠤᠷᠲᠤᠳᠬᠠᠨ  ᠂ ᠨᠥᠬᠦᠪᠥᠷᠢᠯᠡᠵᠦ᠂ ᠴᠢᠩᠭᠠᠳᠬᠠᠬᠤ ᠶᠢ ᠵᠣᠷᠢᠭᠵᠢᠭᠤᠯᠵᠤ᠂ ᠠᠵᠤ ᠦᠢᠯᠡᠰ ᠤᠨ ᠲᠡᠰ ᠳᠡᠪᠰᠢᠬᠦ ᠶᠢ  ᠠᠬᠢᠭᠤᠯᠤᠨ᠂ ᠠᠵᠤ ᠠᠬᠤᠶᠢᠯᠠᠯ ᠢ ᠪᠤᠵᠠᠭᠠᠶᠢᠷᠠᠭᠤᠯᠤᠨ ᠬᠦᠴᠦᠷᠬᠡᠭᠵᠢᠭᠦᠯᠬᠦ ᠶᠢ ᠠᠬᠢᠭᠤᠯᠬᠤ ᠬᠡᠷᠡᠭᠲᠡᠢ  ᠭᠡᠪᠡ᠃     ᠮᠥᠩᠬᠡ  ᠶᠠᠷᠢᠶᠠᠨ ᠳᠠᠭᠠᠨ᠂  ᠪᠥᠬᠦ ᠬᠤᠰᠢᠭᠤᠨ ᠤ ᠳᠡᠭᠡᠳᠦ ᠳᠣᠤᠷᠠᠳᠤ ᠱᠠᠲᠤᠨ ᠤ ᠬᠢᠨ ᠠᠵᠤ ᠦᠢᠯᠡᠳᠪᠦᠷᠢ ᠶᠢ ᠶᠡᠬᠡᠪᠡᠷ ᠠᠳᠬᠤᠬᠤ ᠶᠢ ᠭᠤᠶᠢᠪᠢᠰᠢ ᠥᠬᠡᠶ ᠪᠠᠷᠢᠮᠲᠠᠯᠠᠵᠤ᠂ ︽ᠣᠩᠨᠢᠭᠤᠳ ᠬᠤᠰᠢᠭᠤᠨ ᠤ ᠠᠵᠤ ᠦᠢᠯᠡᠳᠪᠦᠷᠢ︾ ᠶᠢᠨ ᠬᠠᠷᠠᠯᠲᠠ ᠶᠢ ᠳᠠᠬᠢᠨ  ᠴᠢᠩᠭᠠᠳᠬᠠᠵᠤ  ᠂ ᠡᠬᠢ ᠪᠠᠶᠠᠯᠢᠭ ᠤᠨ ᠳᠠᠪᠠᠭᠤᠯᠢᠭ ᠪᠠ ᠠᠵᠤ ᠦᠢᠯᠡᠰ ᠤᠨ ᠰᠠᠭᠤᠷᠢ ᠳᠤ  ᠲᠦᠰᠢᠭᠯᠡᠨ᠂ ᠰᠢᠨ᠎ᠡ ᠡᠨᠧᠷᠭᠢ᠂ ᠲᠡᠮᠦᠷᠯᠢᠭ ᠬᠠᠶᠢᠯᠤᠭᠤᠯᠬᠤ᠂ ᠠᠭᠤᠷᠬᠠᠶ ᠶᠢᠨ ᠦᠢᠯᠡᠰ ᠤᠨ ᠠᠵᠤ ᠠᠬᠤᠶ᠂ ᠰᠢᠨ᠎ᠡ ᠮᠠᠲ᠋ᠧᠷᠢᠶᠠᠯ᠂ ᠲᠣᠨᠤᠭ ᠲᠥᠬᠦᠭᠡᠷᠦᠮᠵᠢ ᠦᠢᠯᠡᠳᠬᠦ᠂ ᠲᠠᠷᠢᠶᠠᠯᠠᠩ ᠤᠨ ᠪᠦᠲᠦᠭᠡᠭᠳᠡᠬᠦᠨ  ᠮᠠᠯᠵᠢᠯ ᠤᠨ ᠠᠰᠢᠭ ᠰᠢᠮ᠎ᠡ ᠶᠢ ᠨᠠᠷᠢᠯᠢᠭ ᠡᠳ᠋ᠰᠢᠭᠦᠯᠬᠦ ᠵᠡᠷᠭᠡ ᠭᠤᠤᠯᠯᠠᠬᠤ ᠠᠵᠤ ᠦᠢᠯᠡᠰ ᠢ ᠲᠣᠪᠤᠶᠢᠮ᠎ᠠ ᠰᠠᠶᠢᠲᠤᠷ ᠠᠳᠬᠤᠵᠤ᠂ ᠪᠠᠶᠢᠯᠳᠤᠬᠤ ᠪᠣᠳᠣᠯᠭ᠎ᠠ ᠶᠢᠨ ᠴᠢᠨᠠᠷᠲᠠᠶ ᠰᠢᠨ᠎ᠡ ᠪᠠᠷ ᠬᠥᠭᠵᠢᠭᠰᠡᠨ ᠠᠵᠤ ᠦᠢᠯᠡᠰ ᠪᠠ ᠢᠷᠡᠭᠡᠳᠦᠶ ᠶᠢᠨ ᠠᠵᠤ ᠦᠢᠯᠡᠰ ᠢ ᠲᠥᠯᠥᠪᠵᠢᠭᠦᠯᠦᠨ ᠪᠠᠶᠢᠷᠢᠰᠢᠭᠤᠯᠵᠤ᠂  ᠲᠤᠯᠭᠠᠭᠤᠷᠢᠯᠠᠬᠤ ᠠᠵᠤ ᠦᠢᠯᠡᠳᠪᠦᠷᠢ ᠶᠢ ᠴᠣᠭᠴᠠᠯᠠᠬᠤ ᠬᠡᠷᠡᠭᠲᠡᠶ ᠭᠡᠵᠡᠢ᠃     ᠮᠦᠩᠬᠡ  ᠪᠠᠰᠠ ᠶᠠᠷᠢᠶᠠᠨ ᠳᠠᠭᠠᠨ᠂ ᠬᠦᠷᠢᠶᠡᠯᠡᠩ ᠲᠣᠭᠤᠷᠢᠭ ᠪᠣᠯᠤᠨ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠦᠢᠯᠡᠴᠢᠯᠡᠭᠡᠨ ᠤ ᠲᠦᠪᠰᠢᠨ ᠢᠶᠠᠨ ᠦᠷᠭᠦᠯᠵᠢᠯᠡᠨ ᠰᠢᠯᠢᠳᠡᠭᠵᠢᠭᠦᠯᠵᠦ᠂ ᠠᠵᠤ ᠠᠬᠤᠶᠢᠯᠠᠯ ᠢ ᠴᠠᠭ ᠲᠤᠬᠠᠢ ᠳᠤᠨᠢ ᠬᠠᠪᠰᠤᠷᠤᠨ ᠬᠦᠴᠢᠷᠳᠡᠯ ᠢ ᠨᠢ ᠰᠢᠢᠳᠪᠦᠷᠢᠯᠡᠵᠦ᠂  ᠰᠠᠶᠢᠨ ᠰᠠᠶᠢᠬᠠᠨ ᠬᠥᠭᠵᠢᠯᠲᠡ ᠶᠢᠨ ᠣᠷᠴᠢᠨ ᠲᠣᠭᠤᠷᠢᠨ ᠢ  ᠪᠤᠢ ᠪᠤᠯᠭᠠᠨ᠂ ᠠᠵᠤ ᠠᠬᠤᠶᠢᠯᠠᠯ ᠤᠨ ᠦᠢᠯᠡᠳᠪᠦᠷᠢᠯᠡᠯ ᠢᠶᠠᠨ ᠲᠣᠭᠲᠠᠪᠤᠷᠢᠵᠢᠭᠤᠯᠬᠤ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠪᠠᠨ ᠲᠦᠷᠭᠡᠳᠬᠡᠬᠦ ᠶᠢ ᠬᠦᠴᠦᠲᠡᠢ ᠪᠠᠲᠤᠯᠠᠵᠤ᠂ ᠨᠢᠭᠡᠳᠦᠭᠡᠷ ᠤᠯᠠᠷᠢᠯ ᠳᠤ ︽ᠰᠠᠶᠢᠨ ᠡᠬᠢᠯᠡᠯᠲᠡ︾  ᠲᠠᠢ  ᠪᠤᠯᠬᠤ ᠶᠢ ᠪᠡᠶᠡᠯᠡᠭᠦᠯᠬᠦ ᠬᠡᠷᠡᠭᠲᠡᠢ ᠭᠡᠪᠡ  ᠃    ᠮᠦᠩᠬᠡ  ᠪᠠᠰᠠ ᠶᠠᠷᠢᠶᠠᠨ ᠳᠠᠭᠠᠨ᠂ ᠬᠦᠷᠢᠶᠡᠯᠡᠩ ᠲᠣᠭᠤᠷᠢᠭ ᠪᠣᠯᠤᠨ ᠡᠯ᠎ᠡ ᠱᠠᠲᠤᠨ ᠤ ᠡᠯ᠎ᠡ ᠲᠦᠷᠦᠯ ᠤᠨ ᠠᠵᠤ ᠠᠬᠤᠶᠢᠯᠠᠯ ᠤᠨ ᠬᠢᠨ ᠠᠮᠤᠷ ᠲᠦᠪᠰᠢᠨ ᠬᠥᠭᠵᠢᠯᠲᠡ ᠶᠢᠨ ᠤᠢᠢᠯᠠᠭᠠᠭᠳᠠᠬᠤᠨ ᠢ ᠪᠠᠲᠤ ᠪᠤᠢ ᠪᠣᠯᠭᠠᠵᠤ᠂  ᠠᠶᠤᠯᠭᠦᠢ ᠦᠢᠯᠡᠳᠪᠦᠷᠢᠯᠡᠯ ᠢ ᠰᠠᠶᠢᠲᠤᠷ  ᠠᠳᠬᠤᠨ᠂ ᠲᠦᠷᠢᠮ ᠢ ᠲᠡᠭᠦᠯᠳᠡᠷᠵᠢᠭᠦᠯᠵᠦ᠂ ᠬᠠᠷᠢᠭᠤᠴᠠᠯᠭ᠎ᠠ ᠶᠢ  ᠨᠠᠶᠢᠳᠠᠪᠤᠷᠢᠵᠢᠭᠤᠯᠤᠨ᠂ ᠡᠯ᠎ᠡ ᠲᠦᠷᠦᠯ ᠤᠨ ᠠᠳᠡᠯ ᠭᠠᠷᠬᠤ ᠶᠢ ᠡᠷᠡᠰ ᠬᠤᠷᠢᠭᠯᠠᠵᠤ᠂ ᠠᠵᠤ ᠠᠬᠤᠶᠢᠯᠠᠯ ᠤᠨ ᠠᠮᠤᠷ ᠲᠦᠪᠰᠢᠨ ᠡᠷᠡᠭᠦᠯ ᠢᠶᠠᠷ ᠬᠥᠭᠵᠢᠬᠦ ᠶᠢ ᠪᠦᠬᠦ ᠬᠦᠴᠦᠨ ᠢᠶᠠᠷ ᠢᠶᠠᠨ ᠪᠠᠲᠤᠯᠠᠬᠤ ᠬᠡᠷᠡᠭᠲᠡᠢ ᠭᠡᠪᠡ  ᠃    ᠸᠠᠩ ᠵᠢᠶᠦ᠋ᠨ ᠵᠢᠶᠦ᠋ᠨ᠂ ᠵᠦ ᠴᠦᠨ ᠶᠦᠩ᠂ ᠴᠧᠨ ᠹᠸᠢ ᠬᠤ᠋ ᠨᠠᠷ ᠬᠠᠮᠲᠤ ᠪᠠᠷ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃
 
ᠢᠷᠡᠯᠲᠡ᠄ ᠣᠩᠨᠢᠭᠤᠳ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号