| | 2 ᠰᠠᠷ᠎ᠠ ᠶᠢᠨ 11 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ | ᠳᠠᠷᠤᠭ᠎ᠠ ᠮᠠ ᠶᠦᠩ ᠭᠠᠩ ᠬᠤᠰᠢᠭᠤᠨ ᠤ ᠠᠷᠠᠳ ᠤᠨ ᠡᠮᠨᠡᠯᠭᠡ ᠶᠢᠨ ᠬᠤᠷᠢᠶ᠎ᠠ᠂ ᠬᠤᠰᠢᠭᠤᠨ ᠤ ᠬᠢᠲᠠᠳ ᠮᠣᠩᠭᠤᠯ | ᠡᠮᠨᠡᠯᠭᠡ ᠶᠢᠨ ᠬᠤᠷᠢᠶᠠᠨ ᠳᠤ ᠭᠦᠨᠵᠡᠭᠡᠶᠢᠷᠡᠨ ᠡᠮ ᠡᠮᠨᠡᠯᠭᠡ ᠡᠷᠡᠭᠦᠯ ᠬᠠᠮᠠᠭᠠᠯᠠᠯ ᠤᠨ ᠠᠵᠢᠯ ᠢ ᠪᠠᠶᠢᠴᠠᠭᠠᠨ ᠰᠤᠳᠤᠯᠪᠠ᠃ | | ᠪᠠᠶᠢᠴᠠᠭᠠᠨ ᠰᠤᠳᠤᠯᠤᠯᠲᠠ ᠬᠢᠬᠦ ᠬᠤᠭᠤᠴᠠᠭᠠᠨ ᠳᠤ᠂ ᠮᠠ ᠶᠦᠩ ᠭᠠᠩ ᠨᠠᠷ ᠤᠷᠢᠳ ᠬᠤᠵᠢᠳ | ᠡᠮᠨᠡᠯᠭᠡ ᠶᠢᠨ ᠬᠤᠷᠢᠶᠠᠨ ᠤ ᠣᠨᠣᠰᠢᠯᠠᠨ ᠡᠮᠨᠡᠬᠦ ᠲᠤᠭᠤᠷᠢᠭ᠂ ᠡᠮᠨᠡᠯᠭᠡ ᠳᠤ ᠰᠠᠭᠤᠬᠤ ᠡᠪᠡᠳᠴᠢᠲᠡᠨ ᠤ ᠥᠷᠥᠭᠡ | ᠵᠢᠴᠢ ᠭᠤᠣᠯᠳᠠᠯᠭ᠎ᠠ ᠲᠠᠢ ᠰᠠᠯᠠᠭ᠎ᠠ ᠲᠠᠰᠤᠭ ᠲᠤ ᠭᠦᠨᠵᠡᠭᠡᠶᠢᠷᠡᠨ᠂ ᠡᠮᠴᠢᠯᠡᠭᠡᠨ ᠤ ᠡᠬᠢ ᠪᠠᠶᠠᠯᠢᠭ ᠤᠨ | ᠲᠣᠬᠢᠷᠠᠭᠤᠯᠤᠯᠲᠠ᠂ ᠡᠪᠡᠳᠴᠢᠲᠡᠨ ᠤ ᠡᠪᠡᠳᠴᠢᠨ ᠦᠵᠡᠭᠦᠯᠬᠦ ᠶᠠᠪᠤᠴᠠ᠂ ᠤᠨᠴᠠᠯᠢᠬᠳᠤ ᠲᠤᠰᠬᠠᠶ ᠮᠡᠷᠭᠡᠵᠢᠯ ᠤᠨ | ᠪᠠᠶᠢᠭᠤᠯᠤᠯᠲᠠ ᠵᠡᠷᠭᠡ ᠪᠠᠶᠢᠳᠠᠯ ᠢ ᠨᠠᠷᠢᠨ ᠣᠶᠢᠯᠠᠭᠠᠪᠠ᠃ ᠲᠡᠷᠡ ᠶᠠᠷᠢᠶᠠᠨ ᠳᠠᠭᠠᠨ᠂ ᠣᠶᠢᠷ᠎ᠠ ᠶᠢᠨ ᠵᠢᠯ ᠠᠴᠠ ᠨᠠᠰᠢ᠂ | ᠬᠤᠰᠢᠭᠤᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠦᠢᠯᠡᠰ ᠤᠨ | ᠬᠥᠭᠵᠢᠯᠲᠡ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠰᠠᠭᠤᠷᠢ ᠲᠥᠬᠦᠭᠡᠷᠦᠮᠵᠢ ᠶᠢ ᠲᠡᠭᠦᠯᠳᠡᠷᠵᠢᠭᠦᠯᠬᠦ᠂ | ᠴᠢᠳᠠᠪᠤᠷᠢᠲᠠᠨ ᠤ ᠡᠩᠨᠡᠭᠡ ᠶᠢ ᠰᠢᠯᠢᠳᠡᠭᠵᠢᠭᠦᠯᠬᠦ᠂ ᠮᠡᠷᠭᠡᠵᠢᠯ ᠤᠨ ᠲᠤᠯᠭᠠᠭᠤᠷᠢᠯᠠᠯ ᠢ ᠴᠢᠩᠭᠠᠳᠬᠠᠬᠤ ᠵᠡᠷᠭᠡ ᠠᠷᠭ᠎ᠠ | ᠬᠡᠮᠵᠢᠶ᠎ᠡ ᠪᠠᠷ ᠳᠠᠮᠵᠢᠭᠤᠯᠤᠨ᠂ ᠪᠥᠬᠦ ᠬᠤᠰᠢᠭᠤᠨ ᠤ ᠡᠮᠴᠢᠯᠡᠭᠡᠨ ᠤ ᠦᠢᠯᠡᠴᠢᠯᠡᠭᠡᠨ ᠤ ᠬᠢᠷᠢ ᠲᠦᠪᠰᠢᠨ ᠢ ᠢᠯᠡᠳᠲᠡ | ᠳᠡᠭᠡᠭᠰᠢᠯᠡᠭᠦᠯᠪᠡ᠃ ᠲᠠᠷᠠᠭᠠᠴᠢ ᠶᠢᠨ ᠠᠯᠬᠤᠮ ᠳᠤ᠂ ᠬᠤᠰᠢᠭᠤᠨ ᠤ ᠨᠠᠮ ᠤᠨ ᠬᠤᠷᠢᠶ᠎ᠠ ᠵᠠᠰᠠᠭ ᠤᠨ ᠣᠷᠳᠣᠨ | ᠲᠥᠷᠥ ᠶᠢᠨ ᠪᠣᠳᠣᠯᠭ᠎ᠠ᠂ ᠪᠠᠯᠠ ᠮᠥᠩᠭᠦ ᠪᠠ ᠲᠥᠷᠥᠯ ᠵᠦᠢᠯ ᠢ ᠲᠡᠳᠬᠦᠬᠦ ᠡᠷᠴᠢᠮ ᠢᠶᠠᠨ ᠦᠷᠭᠦᠯᠵᠢᠯᠡᠨ | ᠴᠢᠩᠭᠠᠷᠠᠭᠤᠯᠵᠤ᠂ ᠡᠮᠨᠡᠯᠭᠡ ᠶᠢᠨ ᠬᠤᠷᠢᠶᠠᠨ ᠤ ᠡᠷᠡᠭᠦᠯ ᠬᠠᠮᠠᠭᠠᠯᠠᠯ ᠤᠨ ᠨᠢᠭᠡᠴᠡ ᠶᠢᠨ ᠣᠨᠣᠰᠢᠯᠠᠨ ᠡᠮᠨᠡᠬᠦ ᠬᠢᠷᠢ | ᠲᠦᠪᠰᠢᠨ ᠢ ᠰᠠᠶᠢᠵᠢᠷᠠᠭᠤᠯᠬᠤ᠂ ᠣᠶᠤᠨᠴᠢ ᠡᠮᠴᠢᠯᠡᠭᠡᠨ ᠤ ᠪᠠᠶᠢᠭᠤᠯᠤᠯᠲᠠ ᠪᠠ ᠣᠯᠠᠨ ᠨᠡᠶᠢᠲᠡ ᠶᠢᠨ ᠡᠷᠡᠭᠦᠯ | ᠬᠠᠮᠠᠭᠠᠯᠠᠯ ᠤᠨ ᠪᠠᠴᠢᠮ ᠪᠠᠶᠢᠳᠠᠯ ᠢ ᠠᠷᠭᠠᠴᠠᠬᠤ ᠴᠢᠳᠠᠪᠤᠷᠢ ᠶᠢ ᠳᠡᠭᠡᠭᠰᠢᠯᠡᠭᠦᠯᠬᠦ ᠵᠡᠷᠭᠡ ᠲᠠᠯ᠎ᠠ ᠪᠠᠷ ᠰᠢᠨ᠎ᠡ | ᠰᠢᠪᠲᠤᠯᠤᠯᠲᠠ ᠲᠠᠢ ᠪᠣᠯᠭᠠᠬᠤ ᠳᠤ ᠬᠦᠴᠦᠨ ᠨᠡᠮᠡᠷᠢᠯᠡᠵᠦ᠂ ᠣᠯᠠᠨ ᠲᠦᠮᠡᠨ ᠤ ᠡᠪᠡᠳᠴᠢᠨ ᠦᠵᠡᠭᠦᠯᠬᠦ ᠬᠡᠷᠡᠭᠴᠡᠭᠡ | ᠱᠠᠭᠠᠷᠳᠠᠯᠭ᠎ᠠ ᠶᠢ ᠦᠨᠡᠨ ᠬᠦ ᠪᠠᠲᠤᠯᠠᠨ᠎ᠠ ᠭᠡᠪᠡ᠃ | ᠮᠠ ᠶᠦᠩ ᠭᠠᠩ ᠴᠢᠬᠤᠯᠠᠴᠢᠯᠠᠭᠰᠠᠨ ᠨᠢ᠂ ᠥᠷᠭᠡᠨ ᠣᠯᠠᠨ ᠡᠮᠨᠡᠯᠭᠡ ᠶᠢᠨ ᠠᠵᠢᠯᠲᠠᠳ ︽ᠡᠪᠡᠳᠴᠢᠲᠡᠨ ᠢᠶᠠᠷ | ᠭᠤᠤᠯ ᠪᠣᠯᠭᠠᠬᠤ︾ ᠶᠢ ᠢᠮᠠᠭᠲᠠ ᠪᠠᠷᠢᠮᠲᠠᠯᠠᠵᠤ᠂ ᠡᠮᠴᠢ ᠶᠢᠨ ᠮᠣᠷᠠᠯ ᠰᠤᠷᠲᠠᠯ ᠢ ᠬᠢᠴᠢᠶᠡᠩᠭᠦ᠋ᠢᠯᠡᠨ ᠰᠠᠬᠢᠵᠤ᠂ | ᠣᠨᠣᠰᠢᠯᠠᠨ ᠡᠮᠨᠡᠬᠦ ᠠᠵᠢᠯᠯᠠᠭ᠎ᠠ ᠶᠢ ᠵᠢᠷᠤᠮᠵᠢᠭᠤᠯᠤᠨ᠂ ᠠᠷᠠᠳ ᠣᠯᠠᠨ ᠳᠤ ᠨᠠᠩ ᠴᠢᠨᠠᠷ ᠰᠠᠶᠢᠲᠠᠶ ᠥᠨᠳᠥᠷ | ᠪᠦᠲᠦᠮᠵᠢᠲᠡᠶ ᠡᠷᠡᠭᠦᠯ ᠮᠡᠨᠳᠦ ᠶᠢᠨ ᠦᠢᠯᠡᠴᠢᠯᠡᠭᠡ ᠬᠠᠩᠭᠠᠬᠤ ᠪᠠᠷ ᠴᠢᠷᠮᠠᠶᠢᠵᠤ᠂ ᠡᠮᠴᠢᠯᠡᠭᠡᠨ ᠤ ᠦᠢᠯᠡᠴᠢᠯᠡᠭᠡᠨ ᠤ | ᠶᠠᠰᠤ ᠴᠢᠨᠠᠷ ᠬᠢᠭᠡᠳ ᠠᠵᠢᠯ ᠲᠥᠷᠥᠯ ᠤᠨ ᠳᠦᠷᠢ ᠲᠥᠷᠬᠦ ᠶᠢᠨ ᠬᠤᠤᠰ ᠳᠡᠭᠡᠭᠰᠢᠯᠡᠯᠲᠡ ᠶᠢ ᠠᠬᠢᠭᠤᠯᠬᠤ ᠬᠡᠷᠡᠭᠲᠡᠶ | ᠭᠡᠵᠥ ᠱᠠᠭᠠᠷᠳᠠᠪᠠ᠃ | ᠬᠤᠰᠢᠭᠤᠨ ᠳᠡᠳ᠋ ᠳᠠᠷᠤᠭ᠎ᠠ ᠸᠠᠩ ᠶᠦᠩ ᠯᠢ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃ |