| | 2 ᠰᠠᠷ᠎ᠠ ᠶᠢᠨ 11 ᠤ ᠡᠳᠦᠷ᠂ ᠮᠠᠨ ᠤ ᠬᠤᠰᠢᠭᠤ 2025 ᠣᠨ ᠤ ᠬᠠᠪᠤᠷ ᠤᠨ ᠤᠯᠠᠷᠢᠯ ᠤᠨ | ᠠᠵᠢᠯᠲᠠᠨ ᠡᠯᠰᠡᠬᠦ ᠲᠤᠰᠬᠠᠶ ᠲᠠᠯᠠᠪᠤᠷ ᠤᠨ ᠬᠤᠷᠠᠯ ᠡᠷᠬᠢᠯᠡᠪᠡ᠃ ᠬᠤᠰᠢᠭᠤᠨ ᠳᠡᠳ᠋ ᠳᠠᠷᠤᠭ᠎ᠠ ᠯᠢ ᠬᠤᠶ | ᠠᠵᠢᠯᠯᠠᠭ᠎ᠠ ᠳᠤ ᠣᠷᠣᠯᠴᠠᠵᠠᠶ᠃ | ᠠᠵᠢᠯᠲᠠᠨ ᠡᠯᠰᠡᠬᠦ ᠬᠤᠷᠠᠯ ᠤᠨ ᠠᠬᠤᠶ ᠲᠠᠯᠠᠪᠠᠶ ᠳᠤ ᠬᠤᠰᠢᠭᠤᠨ ᠤ ᠳᠣᠲᠣᠨ᠎ᠠ ᠭᠠᠳᠠᠨᠠᠬᠢ 40 ᠭᠠᠷᠤᠶ | ᠠᠵᠤ ᠠᠬᠤᠶᠢᠯᠠᠯ ᠤᠷᠤᠯᠴᠠᠵᠤ᠂ ᠦᠢᠯᠡᠳᠬᠦ ᠦᠢᠯᠡᠰ᠂ ᠦᠢᠯᠡᠴᠢᠯᠡᠭᠡᠨ ᠤ ᠦᠢᠯᠡᠰ᠂ ᠲᠠᠷᠢᠶᠠᠯᠠᠩ ᠮᠠᠯ ᠠᠵᠤ | ᠠᠬᠤᠶ ᠵᠡᠷᠭᠡ ᠣᠯᠠᠨ ᠬᠦᠷᠢᠶ᠎ᠡ ᠶᠢ ᠬᠠᠮᠤᠷᠠᠨ᠂ ᠨᠡᠶᠢᠲᠡ 2000 ᠭᠠᠷᠤᠶ ᠠᠵᠢᠯ ᠤᠨ ᠪᠠᠶᠢᠷᠢ ᠬᠠᠩᠭᠠᠵᠤ᠂ ᠠᠳᠠᠯᠢ | ᠪᠤᠰᠤ ᠲᠠᠰ ᠳᠠᠪᠬᠤᠷᠭ᠎ᠠ᠂ ᠠᠳᠠᠯᠢ ᠪᠤᠰᠤ ᠲᠤᠰᠬᠠᠶ ᠮᠡᠷᠭᠡᠵᠢᠯ ᠤᠨ ᠠᠵᠢᠯ ᠡᠷᠢᠭᠰᠡᠳ ᠤᠨ ᠬᠡᠷᠡᠭᠴᠡᠭᠡ ᠱᠠᠭᠠᠷᠳᠠᠯᠭ᠎ᠠ | ᠶᠢ ᠭᠦᠢᠴᠡᠳ ᠬᠠᠩᠭᠠᠭᠰᠠᠨ ᠪᠠᠶᠢᠨ᠎ᠠ᠃ | ᠲᠠᠷᠠᠭᠠᠴᠢ ᠶᠢᠨ ᠠᠯᠬᠤᠮ ᠳᠤ᠂ ᠬᠤᠰᠢᠭᠤᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ | ᠪᠠᠲᠤᠯᠠᠭ᠎ᠠ ᠶᠢᠨ ᠰᠠᠯᠠᠭ᠎ᠠ ᠮᠥᠴᠢᠷ ᠨᠢ ᠠᠵᠢᠯᠲᠠᠨ ᠡᠯᠰᠡᠬᠦ ᠰᠢᠷᠢᠰ ᠠᠵᠢᠯᠯᠠᠭ᠎ᠠ ᠶᠢ ᠦᠷᠭᠦᠯᠵᠢᠯᠡᠨ ᠭᠦᠨᠵᠡᠭᠡᠶ | ᠥᠷᠨᠢᠭᠦᠯᠵᠦ᠂ ᠠᠵᠤ ᠠᠬᠤᠶᠢᠯᠠᠯ ᠤᠨ ᠠᠵᠢᠯᠴᠢᠨ ᠬᠡᠷᠡᠭᠯᠡᠬᠦ ᠪᠠ ᠣᠯᠠᠨ ᠲᠦᠮᠡᠨ ᠤ ᠠᠵᠢᠯ ᠣᠯᠭᠤᠯᠲᠠ ᠶᠢᠨ ︽ | ᠲᠠᠪᠴᠠᠩ︾ ᠤᠨ ᠵᠠᠩᠭᠢᠯᠠᠭ᠎ᠠ ᠶᠢᠨ ᠦᠢᠯᠡᠳᠥᠯ ᠢ ᠭᠦᠢᠴᠡᠳ ᠪᠠᠳᠠᠷᠠᠭᠤᠯᠵᠤ᠂ ᠥᠷᠭᠡᠨ ᠣᠯᠠᠨ ᠠᠵᠢᠯ | ᠡᠷᠢᠭᠰᠡᠳ ᠲᠤ ᠤᠯᠠᠨ ᠠᠷᠭ᠎ᠠ ᠵᠠᠮ ᠤᠨ ᠬᠦᠭᠦᠷᠭᠡ ᠬᠤᠯᠪᠤᠭᠠᠰᠤ ᠶᠢ ᠬᠠᠩᠭᠠᠬᠤ ᠪᠤᠯᠤᠨ᠎ᠠ᠃ |