| | ᠭᠤᠷᠪᠠᠳᠤᠭᠠᠷ ᠠᠵᠤ ᠦᠢᠯᠡᠰ ᠤᠨ ᠦᠢᠯᠡᠴᠢᠯᠡᠭᠡᠨ ᠤ ᠦᠢᠯᠡᠰ ᠢ ᠠᠮᠢᠳᠤᠯᠢᠭ ᠪᠤᠯᠭᠠᠨ᠎ᠠ | ︽ᠵᠠᠰᠠᠭ ᠤᠨ ᠣᠷᠳᠣᠨ ᠤ ᠠᠵᠢᠯ ᠤᠨ ᠢᠯᠡᠳᠬᠡᠯ︾ ᠳᠤ᠄ 2025 ᠣᠨ ᠳᠤ᠂ ᠣᠩᠨᠢᠭᠤᠳ ᠬᠤᠰᠢᠭᠤ | ᠲᠠᠷᠢᠶᠠᠯᠠᠩ᠂ ᠰᠣᠶᠣᠯ ᠵᠢᠭᠤᠯᠴᠢᠯᠠᠯ᠂ ᠠᠷᠡᠯᠵᠢᠶ᠎ᠠ ᠬᠤᠳᠠᠯᠳᠤᠭᠠᠨ ᠤ ᠡᠬᠢ ᠪᠠᠶᠠᠯᠢᠭ ᠢ ᠠᠮᠢᠳᠤᠯᠢᠭ ᠬᠡᠷᠡᠭᠯᠡᠵᠦ᠂ | ᠰᠣᠶᠣᠯ ᠵᠢᠭᠤᠯᠴᠢᠯᠠᠯ ᠢ ᠠᠭᠤᠰᠤᠯᠴᠠᠭᠤᠯᠬᠤ ᠶᠢ ᠪᠠᠷᠢᠮᠲᠠᠯᠠᠨ᠂ ᠬᠡᠷᠡᠭᠯᠡᠭᠡ ᠪᠠᠷ ᠳᠠᠶᠢᠴᠢᠯᠠᠬᠤ ᠶᠢ ᠴᠢᠩᠭᠠᠳᠬᠠᠵᠤ᠂ | ᠦᠢᠯᠡᠴᠢᠯᠡᠭᠡᠨ ᠤ ᠦᠢᠯᠡᠰ ᠤᠨ ᠬᠥᠭᠵᠢᠯᠲᠡ ᠶᠢᠨ ᠬᠥᠳᠡᠯᠭᠡᠬᠦ ᠬᠦᠴᠦᠨ ᠢ ᠬᠥᠭᠵᠢᠭᠡᠨ᠎ᠡ᠃ | ᠰᠣᠶᠣᠯ ᠵᠢᠭᠤᠯᠴᠢᠯᠠᠯ᠂ ᠠᠷᠠᠯᠵᠢᠶ᠎ᠠ ᠬᠤᠳᠠᠯᠳᠤᠭ᠎ᠠ᠂ ᠪᠠᠷᠠᠭᠠᠨ ᠤ ᠭᠦᠢᠯᠭᠡᠭᠡᠨ ᠤ ᠠᠵᠤ ᠦᠢᠯᠡᠰ ᠲᠤ | ᠠᠩᠬᠠᠷᠤᠯ ᠢᠶᠠᠨ ᠲᠥᠪᠯᠡᠷᠡᠭᠦᠯᠵᠦ᠂ ᠬᠡᠷᠡᠭᠯᠡᠭᠡ ᠶᠢ ᠠᠬᠢᠭᠤᠯᠬᠤ ᠭᠤᠤᠯ ᠰᠡᠳᠦᠪ ᠢ ᠳᠣᠪᠤᠶᠢᠯᠭᠠᠨ᠂ ᠳᠠᠯᠳᠠ | ᠬᠦᠴᠦᠨ ᠢ ᠭᠦᠨ ᠠᠭᠤᠳᠠᠯᠵᠤ᠂ ᠣᠯᠠᠨ ᠠᠵᠢᠯ ᠦᠢᠯᠡᠰ ᠤᠨ ᠠᠭᠤᠰᠤᠯᠴᠠᠯ ᠢ ᠭᠦᠨᠵᠡᠭᠡᠶ ᠠᠬᠢᠭᠤᠯᠤᠨ᠂ | ᠦᠢᠯᠡᠴᠢᠯᠡᠭᠡᠨ ᠤ ᠦᠢᠯᠡᠰ ᠢ ᠬᠥᠭᠵᠢᠶᠡᠨ ᠲᠠᠢ ᠪᠣᠯᠭᠠᠬᠤ ᠶᠢ ᠲᠦᠷᠭᠡᠳᠭᠡᠨ᠎ᠡ᠃ ᠠᠮᠢ ᠠᠬᠤᠶ ᠶᠢᠨ ᠵᠢᠭᠤᠯᠴᠢᠯᠠᠯ᠂ | ᠬᠥᠳᠡᠭᠡ ᠲᠣᠰᠬᠤᠨ ᠤ ᠵᠢᠭᠤᠯᠴᠢᠯᠠᠯ ᠪᠤᠯᠤᠨ ᠬᠤᠪᠢ ᠬᠦᠮᠦᠨ ᠤ ᠵᠢᠭᠤᠯᠴᠢᠯᠠᠯ ᠢ ᠢᠳᠡᠪᠬᠢᠲᠡᠶ ᠬᠥᠭᠵᠢᠭᠦᠯᠵᠦ᠂ | ᠡᠯᠡᠰᠦᠨ ᠴᠦᠯ ᠤᠨ ᠪᠢᠴᠢᠬᠠᠨ ᠪᠠᠭᠠᠲᠤᠷ᠂ ᠰᠧᠨᠳᠡᠩ ᠮᠤᠳᠤᠨ ᠴᠡᠴᠡᠭ ᠤᠨ ᠵᠢᠭᠤᠯᠴᠢᠯᠠᠯ ᠤᠨ ᠨᠠᠶᠢᠷ᠂ ᠬᠤᠩᠱᠠᠨ | ᠨᠠᠭᠤᠷ ᠤᠨ ᠵᠢᠭᠤᠯᠴᠢᠯᠠᠯ ᠤᠨ ᠠᠮᠲᠠᠲᠤ ᠢᠳᠡᠭᠡᠨ ᠤ ᠨᠠᠶᠢᠷ᠂ ︽ᠲᠣᠰᠬᠤᠨ ᠤ ᠦᠳᠡᠰᠢᠯᠡᠭᠡ︾ ᠵᠡᠷᠭᠡ ᠰᠣᠶᠣᠯ | ᠵᠢᠭᠤᠯᠴᠢᠯᠠᠯ ᠤᠨ ᠤᠷᠤᠯᠳᠤᠭᠠᠨ ᠤ ᠠᠵᠢᠯᠯᠠᠭ᠎ᠠ ᠶᠢ ᠰᠠᠶᠢᠲᠤᠷ ᠡᠷᠭᠢᠯᠡᠵᠦ᠂ ᠪᠥᠬᠦ ᠵᠢᠯ ᠳᠤ ᠬᠦᠯᠢᠶᠡᠨ ᠠᠪᠬᠤ | ᠵᠤᠭᠠᠴᠠᠭᠰᠠᠳ ᠢ 12% ᠪᠠᠷ ᠳᠡᠭᠡᠭᠰᠢᠯᠡᠭᠦᠯᠦᠨ᠂ ᠵᠢᠭᠤᠯᠴᠢᠯᠠᠯ ᠤᠨ ᠣᠷᠣᠯᠭ᠎ᠠ ᠶᠢ 8% ᠠᠴᠠ ᠳᠡᠭᠡᠭᠰᠢ | ᠨᠡᠮᠡᠭᠳᠡᠭᠦᠯᠬᠦ ᠪᠠᠷ ᠴᠢᠷᠮᠠᠶᠢᠨ᠎ᠠ᠃ | ᠪᠥᠬᠦ ᠬᠤᠰᠢᠭᠤᠨ ᠤ ᠭᠤᠷᠪᠠᠨ ᠱᠠᠲᠤᠨ ᠤ ᠪᠠᠷᠠᠭᠠᠨ ᠤ ᠭᠦᠢᠯᠭᠡᠭᠡᠨ ᠤ ᠰᠢᠰᠲ᠋ᠧᠮ ᠤᠨ ᠪᠠᠶᠢᠭᠤᠯᠤᠯᠲᠠ ᠶᠢ | ᠲᠦᠷᠭᠡᠳᠬᠡᠵᠦ᠂ ᠬᠤᠲᠠ ᠬᠥᠳᠡᠭᠡ ᠶᠢᠨ ᠬᠡᠷᠡᠭᠯᠡᠭᠡᠨ ᠤ ᠣᠷᠣᠨ ᠵᠠᠶ ᠶᠢ ᠦᠷᠭᠡᠳᠭᠡᠨ᠂ ᠪᠥᠬᠦ ᠬᠤᠰᠢᠭᠤ ᠶᠢ | ᠬᠠᠮᠤᠷᠤᠭᠰᠠᠨ᠂ ᠪᠦᠬᠦ ᠤᠷᠤᠨ ᠬᠤᠲᠠ ᠳᠤ ᠴᠢᠭᠯᠡᠭᠦᠯᠦᠭᠰᠡᠨ᠂ ᠪᠦᠸᠧᠬᠠᠶ ᠲᠠᠩᠭᠢᠰ ᠳᠠᠭᠠᠤ ᠤᠷᠤᠨ ᠤ ᠠᠷᠠᠯᠵᠢᠶ᠎ᠠ | ᠬᠤᠳᠠᠯᠳᠤᠭ᠎ᠠ ᠪᠠᠷᠠᠭᠠᠨ ᠤ ᠭᠦᠢᠯᠭᠡᠭᠡᠨ ᠤ ᠲᠣᠤᠷ ᠰᠦᠯᠵᠢᠶ᠎ᠡ ᠶᠢ ᠪᠠᠶᠢᠭᠤᠯᠤᠨ᠎ᠠ᠃ ᠰᠥᠨᠢ ᠶᠢᠨ ᠠᠵᠤ ᠠᠬᠤᠶ ᠶᠢ | ᠦᠷᠭᠦᠯᠵᠢᠯᠡᠨ ᠬᠥᠭᠵᠢᠭᠦᠯᠵᠦ᠂ ᠰᠢᠨ᠎ᠡ ᠵᠠᠭᠪᠤᠷ ᠢ ᠥᠷᠭᠡᠳᠬᠡᠨ᠂ ᠰᠢᠨ᠎ᠡ ᠪᠠᠶᠢᠳᠠᠯ ᠢ ᠪᠣᠶ ᠪᠣᠯᠭᠠᠵᠤ᠂ ᠰᠢᠨ᠎ᠡ | ᠡᠵᠡᠩᠨᠡᠯᠲᠡ ᠶᠢᠨ ᠬᠡᠯᠪᠡᠷᠢ ᠶᠢ ᠪᠤᠶᠢᠵᠢᠭᠤᠯᠤᠨ᠂ ᠬᠤᠲᠠ ᠶᠢᠨ ᠰᠥᠨᠢ ᠶᠢᠨ ᠠᠵᠤ ᠠᠬᠤᠶ ᠶᠢ ᠶᠡᠬᠡᠪᠡᠷ | ᠬᠦᠭᠵᠢᠭᠦᠯᠦᠨ᠎ᠡ᠃ | |