ᠵᠠᠰᠠᠭ ᠤᠨ ᠣᠷᠳᠣᠨ ᠤ ᠠᠵᠢᠯ ᠤᠨ ᠢᠯᠡᠳᠬᠡᠯ ᠤᠨ ᠲᠠᠶᠢᠯᠤᠮᠵᠢ  ︵ᠲᠠᠪᠤ ︶
ᠨᠡᠶᠢᠲᠡᠯᠡᠭᠰᠡᠨ ᠴᠠᠭ᠄
2025/2/21
  ᠲᠥᠷᠥᠯ ᠵᠦᠢᠯ ᠢᠶᠠᠷ ᠭᠤᠤᠯ ᠪᠣᠯᠭᠠᠬᠤ ᠶᠢ ᠪᠠᠷᠢᠮᠲᠠᠯᠠᠵᠤ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠨ᠎ᠠ       ᠵᠠᠰᠠᠭ ᠤᠨ ᠣᠷᠳᠣᠨ ᠤ ᠠᠵᠢᠯ ᠤᠨ ᠢᠯᠡᠳᠬᠡᠯ ᠳᠤ ᠳᠤᠷᠠᠳᠤᠭᠰᠠᠨ ᠨᠢ᠂ 2025 ᠣᠨ ᠳᠤ᠂ ᠮᠠᠨ ᠤ ᠬᠤᠰᠢᠭᠤ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ᠂ ᠠᠷᠠᠯᠵᠢᠶᠠᠴᠢᠨ ᠤᠷᠢᠵᠤ ᠪᠠᠯᠠ ᠣᠷᠣᠭᠤᠯᠬᠤ᠂ ᠠᠷᠠᠯᠵᠢᠶ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠶᠢ ᠠᠵᠤ ᠠᠬᠤᠢ ᠶᠢᠨ ᠬᠦᠭᠵᠢᠯᠲᠡ ᠶᠢᠨ ᠴᠢᠬᠤᠯᠠ ᠲᠤᠯᠭᠠᠭᠤᠷᠢᠯᠠᠯ ᠪᠣᠯᠭᠠᠵᠤ᠂ ᠪᠠᠯᠠ ᠣᠷᠣᠭᠤᠯᠤᠯᠲᠠ ᠪᠠᠨ ᠥᠷᠭᠡᠳᠬᠡᠨ᠂ ᠲᠥᠷᠥᠯ ᠵᠦᠢᠯ ᠤᠨ ᠰᠢᠪᠲᠤᠯᠤᠯᠲᠠ ᠭᠠᠷᠭᠠᠬᠤ ᠪᠠᠷ ᠴᠢᠷᠮᠠᠶᠢᠵᠤ᠂ ᠠᠵᠤ ᠠᠬᠤᠶ ᠶᠢᠨ ᠬᠥᠭᠵᠢᠯᠲᠡ ᠶᠢᠨ ᠠᠮᠢᠵᠢᠷᠠᠯ ᠤᠨ ᠬᠦᠴᠦᠨ ᠢ ᠨᠠᠩ ᠭᠦᠢᠴᠡᠳ ᠪᠣᠯᠭᠠᠨ᠎ᠠ᠃      ᠲᠥᠷᠥᠯ ᠵᠦᠢᠯ ᠢᠶᠠᠷ ᠭᠤᠤᠯ ᠪᠣᠯᠭᠠᠬᠤ ᠶᠢ ᠪᠠᠷᠢᠮᠲᠠᠯᠠᠵᠤ᠂ ᠭᠤᠤᠯᠳᠠᠯᠭ᠎ᠠ ᠲᠠᠢ ᠲᠥᠷᠥᠯ ᠵᠦᠢᠯ ᠢᠶᠠᠷ ᠪᠠᠯᠠ ᠣᠷᠣᠭᠤᠯᠤᠯᠲᠠ ᠶᠢ ᠥᠷᠭᠡᠳᠬᠡᠬᠦ᠂ ᠨᠡᠮᠡᠭᠳᠡᠯ ᠢ ᠲᠣᠭᠲᠠᠪᠤᠷᠢᠵᠢᠭᠤᠯᠬᠤ ᠬᠦᠴᠦᠲᠡᠶ ᠭᠠᠷᠳᠠᠴᠠ ᠪᠤᠯᠭᠠᠨ᠂ ᠴᠢᠬᠤᠯᠠ ᠶᠡᠭᠡ ᠲᠥᠷᠥᠯ ᠵᠦᠢᠯ ᠢ ᠲᠥᠯᠥᠪᠵᠢᠭᠦᠯᠬᠦ ᠠᠵᠢᠯ ᠢ ᠭᠦᠨᠵᠡᠭᠡᠶ ᠬᠡᠷᠡᠭᠵᠢᠭᠦᠯᠵᠦ᠂ ᠲᠥᠷᠥᠯ ᠵᠦᠢᠯ ᠤᠨ ᠬᠡᠪᠴᠢᠶ᠎ᠡ ᠶᠢ ᠪᠤᠵᠠᠭᠠᠶᠢᠷᠠᠭᠤᠯᠤᠨ᠂ ᠳᠡᠭᠡᠳᠦ ᠱᠠᠲᠤᠨ ᠤ ᠪᠠᠯᠠ ᠮᠥᠩᠭᠦ ᠶᠢᠨ ᠳᠡᠮᠵᠢᠯᠭᠡ ᠶᠢ ᠣᠯᠠᠨ ᠠᠷᠭ᠎ᠠ ᠵᠠᠮ ᠢᠶᠠᠷ ᠴᠢᠷᠮᠠᠶᠢᠨ ᠣᠯᠤᠨ᠎ᠠ᠃ ᠡᠯ᠎ᠡ ᠵᠦᠢᠯ ᠤᠨ ᠪᠠᠲᠤᠯᠠᠭ᠎ᠠ᠂ ᠭᠠᠷᠳᠠᠮ ᠭᠦᠢᠴᠡᠳᠬᠡᠬᠦ᠂ ᠬᠥᠮᠥᠷᠭᠡ ᠳᠤ ᠣᠷᠣᠭᠤᠯᠵᠤ ᠨᠢᠭᠡᠳᠦᠯᠲᠡᠶ ᠲᠦᠯᠦᠪᠵᠢᠭᠦᠯᠬᠦ ᠵᠡᠷᠭᠡ ᠠᠵᠢᠯ ᠢ ᠨᠠᠷᠢᠯᠢᠭ ᠪᠣᠳᠠᠲᠠᠶ ᠬᠢᠵᠦ᠂ ᠪᠥᠬᠦ ᠵᠢᠯ ᠳᠤ 5000 ᠲᠦᠮᠡᠨ ᠲᠥᠭᠦᠷᠢᠭ ᠠᠴᠠ ᠳᠡᠭᠡᠭᠰᠢ 40 ᠠᠴᠠ ᠳᠡᠭᠡᠭᠰᠢ ᠪᠠᠯᠠ ᠤᠷᠤᠭᠤᠯᠬᠤ ᠭᠤᠤᠯᠳᠠᠯᠭ᠎ᠠ ᠲᠠᠢ ᠲᠥᠷᠥᠯ ᠵᠦᠶ᠋ᠯ ᠢ 60 ᠠᠴᠠ ᠳᠡᠭᠡᠭᠰᠢ ᠬᠡᠷᠡᠭᠵᠢᠭᠦᠯᠬᠦ ᠶᠢ ᠦᠨᠡᠨ ᠬᠦ ᠪᠠᠲᠤᠯᠠᠵᠤ᠂ 112 ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠪᠠᠯᠠ ᠣᠷᠣᠭᠤᠯᠤᠯᠲᠠ ᠶᠢ ᠪᠡᠶᠡᠯᠡᠭᠦᠯᠦᠨ᠎ᠡ᠃      ᠣᠷᠣᠨ ᠪᠦᠰᠡ ᠶᠢᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠦᠨ᠂ ᠠᠷᠠᠯᠵᠢᠶᠠᠴᠢᠨ ᠤᠷᠢᠵᠤ ᠪᠠᠯᠠ ᠣᠷᠣᠭᠤᠯᠬᠤ ᠶᠢ ᠬᠦᠴᠦᠲᠡᠶ ᠠᠬᠢᠭᠤᠯᠵᠤ᠂ ᠰᠢᠨ᠎ᠡ ᠡᠨᠧᠷᠭᠢ ᠶᠢᠨ ᠲᠣᠨᠤᠭ ᠦᠢᠯᠡᠳᠬᠦ  ᠂ ᠠᠭᠤᠷᠬᠠᠶ ᠶᠢᠨ ᠦᠢᠯᠡᠰ ᠢ ᠨᠡᠭᠡᠭᠡᠨ ᠬᠥᠭᠵᠢᠭᠦᠯᠬᠦ᠂ ᠣᠲᠣ ᠦᠶ᠎ᠡ ᠶᠢᠨ ᠲᠠᠷᠢᠶᠠᠯᠠᠩ ᠮᠠᠯ ᠠᠵᠤ ᠠᠬᠤᠶ ᠪᠠ ᠰᠣᠶᠣᠯ ᠵᠢᠭᠤᠯᠴᠢᠯᠠᠯ ᠵᠡᠷᠭᠡ ᠭᠤᠤᠯᠳᠠᠯᠭ᠎ᠠ ᠲᠠᠢ ᠠᠵᠤ ᠦᠢᠯᠡᠰ ᠤᠨ ᠲᠣᠭᠤᠷᠢᠨ ᠳᠤ᠂ ᠪᠡᠭᠡᠵᠢᠩ᠂ ᠲᠢᠶᠠᠨᠵᠢᠨ᠂ ᠾᠧᠪᠸᠢ᠂ ᠱᠠᠨᠳᠦ᠋ᠩ᠂ ᠬᠥᠬᠡᠮᠥ᠋ᠷᠡᠨ ᠤ ᠭᠤᠷᠪᠠᠯᠵᠢᠨ ᠬᠤᠶᠢᠭ᠂ ᠵᠦᠵᠢᠶᠠᠩ ᠮᠥᠷᠡᠨ ᠤ ᠭᠤᠷᠪᠠᠯᠵᠢᠨ ᠬᠤᠶᠢᠭ ᠵᠡᠷᠭᠡ ᠭᠤᠤᠯᠳᠠᠯᠭ᠎ᠠ ᠲᠠᠢ ᠭᠠᠵᠠᠷ ᠣᠷᠣᠨ ᠳᠤ ᠴᠢᠭᠯᠡᠭᠦᠯᠦᠨ᠂ ᠠᠵᠤ ᠦᠢᠯᠡᠰ ᠤᠨ ᠬᠡᠯᠬᠢᠶ᠎ᠡ ᠪᠠᠷ ᠠᠷᠠᠯᠵᠢᠶᠠᠴᠢᠨ ᠤᠷᠢᠬᠤ᠂ ᠠᠷᠠᠯᠵᠢᠶᠠᠴᠢᠨ ᠢᠶᠠᠷ ᠠᠷᠠᠯᠵᠢᠶᠠᠴᠢᠨ ᠤᠷᠢᠬᠤ᠂ ᠵᠠᠬ᠎ᠠ ᠳᠡᠯᠭᠡᠭᠦᠷᠴᠢᠯᠡᠨ ᠠᠷᠠᠯᠵᠢᠶᠠᠴᠢᠨ ᠤᠷᠢᠬᠤ ᠶᠢ ᠶᠡᠬᠡᠪᠡᠷ ᠦᠷᠨᠢᠭᠦᠯᠦᠨ᠂ ᠲᠥᠷᠥ ᠶᠢᠨ ᠪᠣᠳᠣᠯᠭ᠎ᠠ ᠳᠤ ᠨᠡᠶᠢᠴᠡᠭᠰᠡᠨ᠂ ᠡᠬᠢ ᠪᠠᠶᠠᠯᠢᠭ ᠤᠨ ᠳᠠᠪᠠᠭᠤᠯᠢᠭ ᠲᠤ ᠨᠡᠶᠢᠴᠡᠭᠰᠡᠨ ᠨᠢᠭᠡ ᠪᠦᠯᠦᠭ ᠠᠵᠤ ᠠᠬᠤᠶᠢᠯᠠᠯ ᠪᠠ ᠲᠥᠷᠥᠯ ᠵᠦᠢᠯ ᠢ ᠬᠦᠴᠦᠯᠡᠨ ᠣᠷᠣᠭᠤᠯᠵᠤ᠂ ᠪᠥᠬᠦ ᠵᠢᠯ ᠳᠤ ᠠᠷᠠᠯᠵᠢᠶᠠᠴᠢᠨ ᠤᠷᠢᠬᠤ ᠲᠥᠷᠥᠯ ᠵᠦᠢᠯ ᠢ 40 ᠠᠴᠠ ᠳᠡᠭᠡᠭᠰᠢ ᠣᠷᠣᠭᠤᠯᠤᠨ ᠠᠪᠴᠢᠷᠠᠵᠤ᠂ ᠪᠣᠳᠠᠲᠠᠶᠢᠵᠢᠭᠤᠯᠤᠭᠰᠠᠨ ᠪᠠᠯᠠ ᠮᠥᠩᠭᠦ ᠶᠢ 77 ᠳ᠋ᠦᠩᠰᠢᠭᠤᠷ ᠲᠥᠭᠦᠷᠢᠭ ᠠᠴᠠ ᠳᠡᠭᠡᠭᠰᠢ ᠳᠤ ᠭᠦᠷᠭᠡᠨ᠎ᠡ᠃      ᠠᠷᠠᠯᠵᠢᠶ᠎ᠠ ᠡᠵᠡᠩᠨᠡᠬᠦ ᠣᠷᠴᠢᠨ ᠨᠥᠬᠦᠴᠡᠯ ᠢ ᠦᠷᠭᠦᠯᠵᠢᠯᠡᠨ ᠰᠠᠶᠢᠵᠢᠷᠠᠭᠤᠯᠵᠤ᠂ ᠬᠢᠨᠠᠨ ᠵᠥᠪᠰᠢᠶᠡᠷᠡᠬᠦ ᠵᠠᠭᠪᠤᠷ ᠢ ᠤᠯᠠᠮ ᠨᠢᠭᠡ ᠠᠯᠬᠤᠮ ᠰᠢᠯᠢᠳᠡᠭᠵᠢᠭᠦᠯᠦᠨ᠂ ᠲᠦᠷᠦᠯ ᠵᠦᠢᠯ ᠢ ᠥᠨᠳᠥᠷ ᠪᠦᠲᠦᠮᠵᠢᠲᠡᠶ ᠪᠠᠷ ᠭᠦᠢᠴᠡᠳᠬᠡᠬᠦ ᠶᠢ ᠳᠥᠯᠭᠢᠨ ᠠᠬᠢᠭᠤᠯᠵᠤ᠂ ᠠᠵᠤ ᠠᠬᠤᠶᠢᠯᠠᠯ ᠤᠨ ᠥᠷᠲᠡᠭ ᠢ ᠨᠡᠮᠡᠭᠳᠡᠭᠦᠯᠬᠦ ᠦᠢᠯᠡᠴᠢᠯᠡᠭᠡ ᠶᠢ ᠰᠦᠪᠡᠭᠴᠢᠯᠡᠨ᠂ ᠠᠵᠤ ᠠᠬᠤᠶᠢᠯᠠᠯ᠂ ᠣᠯᠠᠨ ᠲᠦᠮᠡᠨ ᠤ ᠬᠦᠰᠡᠯ ᠱᠠᠭᠠᠷᠳᠠᠯᠭ᠎ᠠ ᠳᠤ ᠨᠡᠶᠢᠴᠡᠭᠰᠡᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠨᠠᠷᠠᠲᠤ ᠲᠥᠷᠥᠯ ᠲᠡᠮᠳᠡᠭᠲᠦ ᠶᠢ ᠪᠥᠬᠦ ᠬᠦᠴᠦᠨ ᠢᠶᠠᠷ ᠢᠶᠠᠨ ᠪᠣᠶ ᠪᠣᠯᠭᠠᠨ᠎ᠠ᠃
 
ᠢᠷᠡᠯᠲᠡ᠄ ᠣᠩᠨᠢᠭᠤᠳ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号