ᠵᠠᠰᠠᠭ ᠤᠨ ᠣᠷᠳᠣᠨ ᠤ ᠠᠵᠢᠯ ᠤᠨ ᠢᠯᠡᠳᠬᠡᠯ ᠤᠨ ᠲᠠᠶᠢᠯᠤᠮᠵᠢ (ᠵᠢᠷᠭᠤᠭ᠎ᠠ︶
ᠨᠡᠶᠢᠲᠡᠯᠡᠭᠰᠡᠨ ᠴᠠᠭ᠄
2025/2/21
          ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠪᠤᠯᠤᠨ ᠵᠠᠰᠠᠯᠲᠠ ᠶᠢ ᠴᠢᠩᠭᠠᠳᠬᠠᠨ᠎ᠠ       ︽ᠵᠠᠰᠠᠭ ᠤᠨ ᠣᠷᠳᠣᠨ ᠤ ᠠᠵᠢᠯ ᠤᠨ ᠢᠯᠡᠳᠬᠡᠯ︾ ᠳᠤ ᠳᠤᠷᠠᠳᠤᠭᠰᠠᠨ ᠨᠢ᠂ 2025 ᠣᠨ ᠳᠤ᠂ ᠣᠩᠨᠢᠭᠤᠳ ᠬᠤᠰᠢᠭᠤ ︽ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠲᠠ ᠮᠥᠩᠭᠦᠨ ᠠᠭᠤᠯᠠ ᠮᠥᠨ︾ ᠭᠡᠬᠦ ᠣᠶᠢᠯᠠᠭᠠᠭᠳᠠᠬᠤᠨ ᠢ ᠭᠦᠨᠵᠡᠭᠡᠶ ᠦᠢᠯᠡᠳᠦᠯᠭᠡᠵᠢᠭᠦᠯᠵᠦ᠂ ᠨᠢᠭᠡ ᠴᠣᠭᠴᠠᠵᠢᠭᠤᠯᠤᠨ ᠬᠠᠮᠠᠭᠠᠯᠠᠬᠤ ᠪᠠ ᠰᠢᠰᠲ᠋ᠧᠮ ᠲᠠᠢ ᠵᠠᠰᠠᠬᠤ ᠶᠢ ᠪᠠᠷᠢᠮᠲᠠᠯᠠᠨ᠂ ᠨᠣᠭᠤᠭᠠᠷᠠᠭᠤᠯᠤᠯᠲᠠ ᠶᠢ ᠥᠷᠭᠡᠳᠬᠡᠬᠦ᠂ ᠪᠣᠬᠢᠷᠲᠤᠯ ᠢ ᠪᠠᠭᠠᠰᠬᠠᠬᠤ ᠪᠤᠯᠤᠨ ᠨᠡᠭᠦᠷᠡᠰᠦᠲᠥ᠋ᠷᠥᠭᠴᠢ ᠶᠢ ᠪᠠᠭᠠᠰᠬᠠᠬᠤ ᠶᠢ ᠬᠠᠮᠵᠢᠯᠴᠠᠨ ᠠᠬᠢᠭᠤᠯᠵᠤ᠂ ᠠᠮᠢ ᠠᠬᠤᠶ ᠶᠢᠨ ᠠᠮᠤᠷ ᠲᠦᠪᠰᠢᠨ ᠤ ᠬᠠᠯᠬᠠᠪᠴᠢ ᠶᠢ ᠦᠨᠡᠨ ᠬᠦ ᠪᠠᠬᠢᠵᠢᠭᠦᠯᠦᠨ᠎ᠡ᠃       ᠠᠮᠢ ᠠᠬᠤᠢ ᠶᠢ ᠲᠡᠷᠢᠭᠦᠨ ᠳᠤ ᠲᠠᠯᠪᠢᠬᠤ ᠶᠢ ᠪᠠᠷᠢᠮᠲᠠᠯᠠᠵᠤ᠂ ᠰᠢᠰᠲ᠋ᠧᠮ ᠲᠠᠢ ᠵᠠᠰᠠᠯᠲᠠ ᠶᠢ ᠭᠦᠨᠵᠡᠭᠡᠶᠢᠷᠡᠭᠦᠯᠦᠨ᠂ ᠬᠤᠷᠴᠢᠨ ᠤ ᠡᠯᠡᠰᠦ ᠶᠢ ᠤᠰᠠᠳᠬᠠᠬᠤ ᠳᠠᠶᠢᠯᠠᠯᠳᠤᠭᠠᠨ ᠢ ᠰᠠᠶᠢᠲᠤᠷ ᠬᠢᠨ᠎ᠡ᠃ ︽ᠭᠤᠷᠪᠠᠨ ᠤᠮᠠᠷᠠᠲᠤ︾ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠪᠦᠬᠦ ᠲᠠᠯ᠎ᠠ ᠪᠠᠷ ᠠᠬᠢᠭᠤᠯᠵᠤ᠂ ᠡᠯᠡᠰᠦ ᠶᠢ ᠰᠡᠷᠭᠡᠶᠢᠯᠡᠨ ᠵᠠᠰᠠᠬᠤ ᠪᠠ ᠰᠠᠯᠬᠢᠨ ᠬᠦᠴᠦᠨ᠂ ᠨᠠᠷᠠᠨ ᠡᠨᠤᠷᠭᠢ ᠪᠠᠷ ᠴᠠᠬᠢᠯᠭᠠᠨ ᠭᠠᠷᠭᠠᠬᠤ ᠶᠢ ᠨᠢᠭᠡ ᠴᠤᠭᠴᠠᠵᠢᠭᠤᠯᠤᠭᠰᠠᠨ ᠢᠨᠵᠧᠨᠧᠷᠢᠩ ᠢ ᠲᠦᠷᠭᠡᠳᠬᠡᠨ ᠠᠬᠢᠭᠤᠯᠵᠤ᠂ 1.4 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠵᠤ᠂ 160  ᠺᠢᠯᠤᠮᠧᠲᠷ ᠤᠨ 6 ᠵᠤᠷᠪᠤᠰ ᠡᠯᠡᠰᠦ ᠲᠤᠭᠤᠯᠤᠭᠰᠠᠨ ᠵᠠᠰᠠᠮᠠᠯ ᠵᠠᠮ ᠢ ᠰᠢᠨᠡᠳᠭᠡᠬᠦ ᠪᠤᠯᠤᠨ ᠰᠢᠨ᠎ᠡ ᠪᠠᠷ ᠵᠠᠰᠠᠵᠤ᠂ 7.3 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠵᠤ 46 ᠲᠦᠮᠡᠨ ᠮᠦ ᠡᠯᠡᠰᠦᠷᠬᠡᠭ ᠭᠠᠵᠠᠷ ᠢ ᠶᠡᠷᠦᠩᠬᠡᠶᠢᠯᠡᠨ ᠵᠠᠰᠠᠨ᠎ᠠ᠃ ︽ᠬᠥᠳᠡᠯᠮᠦᠷᠢᠯᠡᠭᠦᠯᠬᠦ ᠪᠠᠷ ᠲᠡᠳᠬᠦᠮᠵᠢ ᠶᠢ ᠣᠷᠣᠯᠠᠭᠤᠯᠬᠤ︾ ︽ᠤᠷᠢᠳᠠᠪᠠᠷ ᠪᠠᠶᠢᠭᠤᠯᠵᠤ ᠳᠠᠷᠠᠭ᠎ᠠ ᠨᠢ ᠨᠥᠬᠦᠪᠥᠷᠢᠯᠡᠬᠦ︾ ᠠᠷᠭ᠎ᠠ ᠲᠤᠷᠰᠢᠯᠭ᠎ᠠ ᠶᠢ ᠰᠢᠯᠢᠳᠡᠭᠵᠢᠭᠦᠯᠦᠨ᠂ ᠰᠡᠭᠦᠯᠴᠢ ᠶᠢᠨ ᠬᠤᠭᠤᠴᠠᠭᠠᠨ ᠤ ᠬᠠᠮᠢᠶᠠᠷᠤᠨ ᠬᠠᠮᠠᠭᠠᠯᠠᠬᠤ᠂ ᠦᠷ᠎ᠡ ᠪᠦᠲᠦᠭᠡᠯ ᠢᠶᠠᠨ ᠪᠠᠬᠢᠵᠢᠭᠦᠯᠬᠦ ᠪᠠ ᠠᠵᠤ ᠦᠢᠯᠡᠰ ᠢ ᠬᠦᠭᠵᠢᠭᠦᠯᠬᠦ ᠤᠷᠲᠤ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠦᠷᠢᠨᠰᠢᠭᠦᠯᠦᠨ ᠲᠡᠭᠦᠯᠳᠡᠷᠵᠢᠭᠦᠯᠦᠨ᠎ᠡ᠃ ᠡᠯᠡᠰᠦ ᠶᠢ ᠰᠡᠷᠭᠡᠶᠢᠯᠡᠨ ᠵᠠᠰᠠᠬᠤ ᠪᠠ ᠰᠢᠨ᠎ᠡ ᠡᠨᠧᠷᠭᠢ᠂ ᠡᠪᠡᠰᠦ ᠳᠠᠷᠢᠬᠤ᠂ ᠤᠨᠴᠠᠯᠢᠬᠳᠤ ᠲᠡᠵᠢᠭᠡᠨ ᠦᠷᠡᠵᠢᠭᠦᠯᠬᠦ᠂ ᠠᠮᠢ ᠠᠬᠤᠶ ᠶᠢᠨ ᠵᠢᠭᠤᠯᠴᠢᠯᠠᠯ ᠵᠡᠷᠭᠡ ᠠᠵᠤ ᠦᠢᠯᠡᠰ ᠤᠨ ᠭᠦᠨᠵᠡᠭᠡᠶ ᠠᠭᠤᠰᠤᠯᠴᠠᠯ ᠢ ᠠᠬᠢᠭᠤᠯᠵᠤ᠂ ᠨᠠᠩ ᠣᠯᠠᠨ ᠮᠠᠯᠴᠢᠨ ᠲᠠᠷᠢᠶᠠᠴᠢᠳ ᠢ ᠳᠠᠶᠢᠴᠢᠯᠠᠨ ᠡᠯᠡᠰᠦ ᠶᠢ ᠵᠠᠰᠠᠬᠤ ᠳᠤ ᠣᠷᠣᠯᠴᠠᠭᠤᠯᠵᠤ᠂ ︽ᠠᠵᠤ ᠦᠶ᠋ᠯᠡᠰ ᠤᠨ ᠠᠮᠢ ᠠᠬᠤᠶᠢᠵᠢᠯᠳᠠ᠂ ᠠᠮᠢ ᠠᠬᠤᠶ ᠶᠢᠨ ᠠᠵᠤ ᠦᠶᠢᠯᠡᠰᠵᠢᠯᠳᠡ︾ ᠶᠢ ᠪᠡᠶᠡᠯᠡᠭᠦᠯᠦᠨ᠎ᠡ᠃       ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠪᠤᠯᠤᠨ ᠵᠠᠰᠠᠯᠲᠠ ᠶᠢ ᠴᠢᠩᠭᠠᠳᠬᠠᠨ᠎ᠠ᠃ ᠠᠭᠤᠯᠠ ᠤᠰᠤ᠂ ᠤᠢ ᠮᠣᠳᠣ᠂ ᠭᠠᠵᠠᠷ ᠲᠠᠷᠢᠶ᠎ᠠ᠂ ᠨᠠᠭᠤᠷ ᠪᠦᠷᠢᠳᠦ᠂ ᠨᠤᠲᠤᠭ ᠪᠡᠯᠴᠢᠭᠡᠷ᠂ ᠡᠯᠡᠰᠦ ᠮᠠᠩᠬ᠎ᠠ ᠶᠢ ᠨᠢᠭᠡᠳᠦᠯᠲᠡᠢ ᠲᠦᠯᠦᠪᠵᠢᠭᠦᠯᠦᠨ ᠰᠢᠰᠲ᠋ᠧᠮ ᠲᠠᠢ ᠵᠠᠰᠠᠵᠤ᠂ ᠤᠢ ᠰᠢᠭᠤᠢ᠂ ᠡᠪᠡᠰᠦ ᠪᠡᠯᠴᠢᠭᠡᠷ᠂ ᠨᠤᠭᠤ ᠭᠠᠵᠠᠷ ᠢ ᠨᠢᠭᠡ ᠴᠤᠬᠴᠠᠵᠢᠭᠤᠯᠤᠨ ᠬᠠᠮᠠᠭᠠᠯᠠᠵᠤ ᠰᠡᠷᠭᠦᠭᠡᠬᠦ ᠲᠦᠷᠦᠯ ᠵᠦᠢᠯ ᠢ ᠰᠠᠶᠢᠲᠤᠷ ᠬᠡᠷᠡᠭᠵᠢᠭᠦᠯᠦᠨ᠂ ᠭᠤᠣᠯ ᠮᠥᠷᠡᠨ᠂ ᠨᠠᠭᠤᠷ ᠴᠥᠭᠦᠷᠥᠮ᠂ ᠤᠢ ᠰᠢᠭᠤᠢ᠂ ᠡᠪᠡᠰᠦ ᠪᠡᠯᠴᠢᠭᠡᠷ ᠤᠨ ᠳᠠᠷᠤᠭ᠎ᠠ ᠶᠢᠨ ᠲᠦᠷᠢᠮ ᠪᠣᠯᠤᠨ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ᠂ ᠪᠡᠯᠴᠢᠭᠡᠷᠯᠡᠭᠦᠯᠬᠦ ᠶᠢ ᠵᠣᠭᠰᠣᠭᠠᠵᠤ ᠰᠡᠯᠭᠦᠨ ᠮᠠᠯᠵᠢᠬᠤ ᠲᠦᠷᠢᠮ ᠢ ᠭᠦᠨᠵᠡᠭᠡᠢ ᠨᠠᠶᠢᠳᠠᠪᠤᠷᠢᠵᠢᠭᠤᠯᠤᠨ᠎ᠠ᠃ ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠤᠬᠠᠢ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠬᠦᠴᠦᠲᠡᠶ ᠠᠬᠢᠭᠤᠯᠵᠤ᠂ ᠠᠮᠢ ᠠᠬᠤᠢ ᠤᠷᠴᠢᠨ ᠲᠤᠭᠤᠷᠢᠨ ᠢᠶᠠᠨ ᠬᠠᠮᠠᠭᠠᠯᠠᠬᠤ ᠳᠠᠶᠢᠯᠠᠯᠳᠤᠭᠠᠨ ᠢ ᠰᠠᠶᠢᠲᠤᠷ ᠬᠢᠨ᠎ᠠ᠃       ᠪᠣᠬᠢᠷᠲᠤᠯ ᠦᠭᠡᠢ ᠬᠥᠭᠵᠢᠯᠲᠡ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠤᠨ᠎ᠠ᠃ ᠡᠨᠧᠷᠭᠢ ᠶᠢᠨ ᠬᠤᠷᠣᠭᠳᠠᠯ ᠤᠨ ᠬᠤᠤᠰ ᠡᠵᠡᠮᠳᠡᠯ ᠢ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠬᠤᠤᠰ ᠡᠵᠡᠮᠳᠡᠯ ᠳᠠᠰᠢ ᠬᠤᠪᠢᠷᠠᠭᠤᠯᠬᠤ ᠶᠢ ᠠᠬᠢᠭᠤᠯᠵᠤ᠂ ᠰᠢᠨ᠎ᠡ ᠪᠠᠷ ᠪᠠᠶᠢᠭᠤᠯᠬᠤ ᠲᠥᠷᠥᠯ ᠵᠦᠢᠯ ᠤᠨ ᠡᠨᠧᠷᠭᠢ ᠠᠷᠪᠢᠯᠠᠬᠤ ᠬᠢᠨᠠᠨ ᠪᠠᠶᠢᠴᠠᠭᠠᠯᠲᠠ ᠶᠢ ᠴᠢᠩᠳᠠᠯᠠᠵᠤ᠂ ᠭᠤᠤᠯᠳᠠᠯᠭ᠎ᠠ ᠲᠠᠢ ᠠᠵᠤ ᠠᠬᠤᠶᠢᠯᠠᠯ᠂ ᠭᠤᠤᠯᠳᠠᠯᠭ᠎ᠠ ᠲᠠᠢ ᠠᠵᠢᠯ ᠲᠥᠷᠥᠯ ᠤᠨ ᠡᠨᠧᠷᠭᠢ ᠠᠷᠪᠢᠯᠠᠬᠤ ᠮᠡᠷᠭᠡᠵᠢᠯ ᠤᠨ ᠥᠭᠡᠷᠡᠴᠢᠯᠡᠯᠲᠡ ᠪᠠ ᠲᠠᠰ ᠳᠡᠪᠰᠢᠭᠦᠯᠬᠦ ᠥᠭᠡᠷᠡᠴᠢᠯᠡᠯᠲᠡ ᠶᠢ ᠲᠦᠷᠭᠡᠳᠬᠡᠨ᠎ᠡ᠃ ᠤᠰᠤ ᠠᠷᠪᠢᠯᠠᠬᠤ ᠠᠵᠢᠯᠯᠠᠭ᠎ᠠ ᠶᠢ ᠭᠦᠨᠵᠡᠭᠡᠶ ᠬᠡᠷᠡᠭᠵᠢᠭᠦᠯᠵᠦ᠂ ᠤᠰᠤᠨ ᠤ ᠡᠬᠢ ᠪᠠᠶᠠᠯᠢᠭ ᠤᠨ ᠬᠠᠮᠤᠭ ᠤᠨ ᠴᠢᠩᠭ᠎ᠠ ᠬᠠᠮᠢᠶᠠᠷᠤᠯᠲᠠ ᠶᠢᠨ ᠳᠦᠷᠢᠮ ᠢ ᠬᠡᠷᠡᠭᠵᠢᠭᠦᠯᠦᠨ᠂ ᠲᠠᠷᠢᠶᠠᠯᠠᠩ ᠳᠤ ᠬᠡᠷᠡᠭᠯᠡᠬᠦ ᠤᠰᠤᠨ ᠤ ᠦᠨ᠎ᠡ ᠬᠠᠩᠰᠢ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠠᠵᠤ ᠦᠢᠯᠡᠳᠪᠦᠷᠢ ᠶᠢᠨ ᠤᠰᠤ ᠠᠷᠪᠢᠯᠠᠬᠤ ᠮᠡᠷᠭᠡᠵᠢᠯ ᠤᠨ ᠥᠭᠡᠷᠡᠴᠢᠯᠡᠯᠲᠡ ᠶᠢ ᠴᠢᠩᠭᠠᠳᠬᠠᠨ᠂ ᠤᠰᠤᠨ ᠤ ᠠᠰᠢᠭᠯᠠᠮᠵᠢ ᠶᠢ ᠳᠡᠭᠡᠭᠰᠢᠯᠡᠭᠦᠯᠵᠦ᠂ ᠠᠮᠢᠳᠤᠷᠠᠯ ᠤᠨ ᠬᠡᠷᠡᠭᠯᠡᠬᠦ ᠤᠰᠤ ᠶᠢ ᠨᠢᠮᠪᠠᠶ ᠲᠥᠯᠥᠪᠯᠡᠨ ᠵᠤᠬᠢᠰᠲᠠᠢ ᠬᠡᠷᠡᠭᠯᠡᠵᠦ᠂ ᠪᠦᠬᠦ ᠨᠡᠶᠢᠭᠡᠮ ᠢᠶᠠᠷ ᠢᠶᠠᠨ ᠤᠰᠤ ᠶᠢ ᠠᠷᠪᠢᠯᠠᠨ ᠭᠠᠮᠨᠠᠬᠤ ᠰᠠᠶᠢᠨ ᠰᠠᠶᠢᠬᠠᠨ ᠵᠠᠩ ᠳᠠᠳᠬᠠᠯ ᠢ ᠪᠤᠢ ᠪᠣᠯᠭᠠᠨ᠎ᠠ᠃
 
ᠢᠷᠡᠯᠲᠡ᠄ ᠣᠩᠨᠢᠭᠤᠳ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号