| | 2 ᠰᠠᠷ᠎ᠠ ᠶᠢᠨ 13 ᠤ ᠡᠳᠦᠷ᠂ ᠪᠥᠬᠦ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠠᠵᠢᠯ ᠤᠨ | ᠬᠤᠷᠠᠯᠳᠤᠵᠤ᠂ ᠰᠢ ᠶᠢᠨ ᠫᠢᠩ ᠤᠨ ᠬᠠᠤᠯᠢ ᠪᠠᠷ ᠵᠠᠰᠠᠬᠤ ᠦᠵᠡᠯ ᠰᠠᠨᠠᠭ᠎ᠠ᠂ ᠤᠯᠤᠰ ᠤᠨ ᠠᠮᠤᠷ ᠲᠦᠪᠰᠢᠨ ᠤ | ᠦᠵᠡᠯᠲᠡ ᠪᠠ ᠳᠣᠲᠣᠭᠠᠳᠤ ᠶᠢ ᠬᠠᠮᠠᠭᠠᠯᠠᠬᠤ ᠠᠵᠢᠯ ᠤᠨ ᠲᠤᠬᠠᠶ ᠴᠢᠬᠤᠯᠠ ᠥᠭᠦᠯᠡᠯᠲᠡ ᠶᠢ ᠭᠦᠨᠵᠡᠭᠡᠶ ᠰᠤᠷᠤᠯᠴᠠᠨ | ᠲᠤᠭᠤᠰᠢᠯᠠᠭᠤᠯᠵᠤ᠂ ᠣᠳᠣᠬᠠᠨ ᠤ ᠪᠠ ᠬᠤᠶᠢᠰᠢᠳᠠ ᠶᠢᠨ ᠬᠡᠰᠡᠭ ᠬᠤᠭᠤᠴᠠᠭᠠᠨ ᠲᠠᠬᠢ ᠪᠥᠬᠦ ᠬᠤᠰᠢᠭᠤᠨ ᠤ | ᠳᠣᠲᠣᠭᠠᠳᠤ ᠶᠢ ᠬᠠᠮᠠᠭᠠᠯᠠᠬᠤ ᠠᠵᠢᠯ ᠳᠤ ᠪᠠᠶᠢᠷᠢᠯᠠᠭᠤᠯᠤᠯᠲᠠ ᠬᠢᠪᠡ᠃ ᠬᠤᠰᠢᠭᠤᠨ ᠨᠠᠮ ᠤᠨ ᠬᠤᠷᠢᠶᠠᠨ ᠤ ᠱᠦᠵᠢ | ᠮᠥᠩᠬᠡ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃ | ᠬᠤᠷᠠᠯ ᠠᠴᠠ᠂ ᠪᠥᠬᠦ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠤᠯᠭ᠎ᠠ ᠬᠤᠰᠢᠭᠤᠨ ᠨᠠᠮ ᠤᠨ | ᠬᠤᠷᠢᠶ᠎ᠠ ᠵᠠᠰᠠᠭ ᠤᠨ ᠣᠷᠳᠣᠨ ᠤ ᠪᠠᠲᠤ ᠴᠢᠩᠭ᠎ᠠ ᠤᠳᠤᠷᠢᠳᠤᠯᠭ᠎ᠠ ᠳᠤᠤᠷ᠎ᠠ᠂ ᠰᠠᠨᠠᠭᠠᠴᠢᠯᠠᠭ᠎ᠠ ᠠᠴᠠ ᠪᠠᠨ | ᠬᠠᠷᠢᠭᠤᠴᠠᠯᠭ᠎ᠠ ᠡᠭᠦᠷᠭᠡᠯᠡᠨ᠂ ᠠᠮᠤᠷ ᠲᠦᠪᠰᠢᠨ ᠢ ᠪᠠᠲᠤᠯᠠᠵᠤ᠂ ᠲᠣᠭᠲᠠᠭᠤᠨ ᠢ ᠬᠠᠮᠠᠭᠠᠯᠠᠨ᠂ ᠬᠥᠭᠵᠢᠯᠲᠡ ᠶᠢ | ᠠᠬᠢᠭᠤᠯᠵᠤ᠂ ᠤᠯᠤᠰ ᠤᠨ ᠠᠮᠤᠷ ᠲᠤᠭᠲᠠᠭᠤᠨ᠂ ᠨᠡᠶᠢᠭᠡᠮ ᠤᠨ ᠠᠮᠤᠷ ᠲᠣᠭᠲᠠᠭᠤᠨ ᠪᠣᠯᠣᠨ ᠠᠷᠠᠳ ᠲᠦᠮᠡᠨ ᠤ | ᠠᠮᠤᠷ ᠲᠥᠪᠰᠢᠨ ᠢ ᠬᠠᠮᠠᠭᠠᠯᠠᠬᠤ ᠬᠡᠷᠡᠭᠲᠡᠢ ᠭᠡᠵᠠᠢ᠃ | ᠬᠤᠷᠠᠯ ᠠᠴᠠ᠂ ᠪᠦᠬᠦ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠡᠷᠦᠩᠬᠡᠢ ᠱᠦᠵᠢ ᠰᠢ | ᠶᠢᠨ ᠫᠢᠩ ᠤᠨ ᠰᠢᠨ᠎ᠡ ᠴᠠᠭ ᠦᠶ᠎ᠡ ᠶᠢᠨ ᠳᠣᠲᠣᠭᠠᠳᠤ ᠶᠢ ᠬᠠᠮᠠᠭᠠᠯᠠᠬᠤ ᠠᠵᠢᠯ ᠤᠨ ᠲᠤᠬᠠᠢ ᠴᠢᠬᠤᠯᠠ | ᠥᠭᠦᠯᠡᠯᠲᠡ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠰᠢᠨ᠎ᠡ ᠴᠠᠭ ᠦᠶ᠎ᠡ ᠶᠢᠨ ᠳᠣᠲᠣᠭᠠᠳᠤ ᠶᠢ | ᠬᠠᠮᠠᠭᠠᠯᠠᠬᠤ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠬᠦ ᠬᠡᠷᠡᠭᠲᠡᠢ᠃ ᠰᠢᠨ᠎ᠡ ᠴᠠᠭ ᠦᠶ᠎ᠡ ᠶᠢᠨ ᠳᠣᠲᠣᠭᠠᠳᠤ ᠶᠢ | ᠬᠠᠮᠠᠭᠠᠯᠠᠬᠤ ᠠᠵᠢᠯ ᠤᠨ ᠴᠢᠭᠯᠡᠯ ᠢ ᠪᠠᠲᠤ ᠡᠵᠡᠮᠳᠡᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠠᠵᠢᠯ ᠢ ᠪᠥᠬᠦ ᠲᠠᠯ᠎ᠠ ᠪᠠᠷ ᠲᠤᠭᠤᠰᠢᠯᠠᠭᠤᠯᠤᠨ᠂ ᠦᠵᠡᠯ ᠰᠠᠨᠠᠭ᠎ᠠ ᠂ | ᠤᠯᠤᠰ ᠲᠥᠷᠥ᠂ ᠦᠢᠯᠡ ᠠᠵᠢᠯᠯᠠᠭ᠎ᠠ ᠶᠢᠨ ᠲᠠᠯ᠎ᠠ ᠪᠠᠷ ᠰᠢ ᠶᠢᠨ ᠫᠢᠩ ᠨᠥᠬᠦᠷ ᠢᠶᠠᠷ ᠭᠤᠤᠯ ᠪᠣᠯᠭᠠᠭᠰᠠᠨ ᠨᠠᠮ ᠤᠨ | ᠲᠥᠪ ᠬᠤᠷᠢᠶ᠎ᠠ ᠲᠠᠢ ᠳᠡᠭᠡᠳᠦ ᠬᠡᠮᠵᠢᠶ᠎ᠡ ᠪᠠᠷ ᠨᠢᠭᠡᠳᠦᠯᠲᠡᠶ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠶ ᠭᠡᠵᠡᠢ᠃ | ᠬᠤᠷᠠᠯ ᠠᠴᠠ᠂ ᠤᠯᠤᠰ ᠲᠥᠷᠥ ᠶᠢᠨ ᠠᠮᠤᠷ ᠲᠦᠪᠰᠢᠨᠪᠣᠯᠣᠨ ᠨᠡᠶᠢᠭᠡᠮ ᠤᠨ ᠲᠣᠭᠲᠠᠭᠤᠨ ᠢ ᠡᠷᠡᠰ | ᠬᠠᠮᠠᠭᠠᠯᠠᠵᠤ᠂ ᠠᠷᠠᠳ ᠣᠯᠠᠨ ᠤ ᠠᠮᠤᠷ ᠲᠣᠭᠲᠠᠭᠤᠨ ᠢ ᠦᠨᠡᠨ ᠬᠦ ᠪᠠᠲᠤᠯᠠᠨ᠂ ᠴᠢᠨᠠᠷ ᠰᠠᠶᠢᠲᠠᠶ ᠬᠥᠭᠵᠢᠯᠲᠡ ᠳᠤ | ᠦᠢᠯᠡᠴᠢᠯᠡᠬᠦ ᠶᠢ ᠪᠠᠲᠤᠯᠠᠵᠤ᠂ ᠰᠢᠨ᠎ᠡ ᠴᠠᠭ ᠦᠶ᠎ᠡ ᠶᠢᠨ ᠳᠣᠲᠣᠭᠠᠳᠤ ᠶᠢ ᠬᠠᠮᠠᠭᠠᠯᠠᠬᠤ ᠠᠵᠢᠯ ᠢᠶᠠᠨ ᠦᠨᠡᠨᠴᠢ ᠪᠠᠷ | ᠭᠦᠢᠴᠡᠳᠬᠡᠨ᠂ ᠪᠥᠬᠦ ᠬᠤᠰᠢᠭᠤᠨ ᠤ ᠬᠥᠭᠵᠢᠯᠲᠡ ᠶᠢᠨ ᠶᠡᠭᠡ ᠲᠠᠯ᠎ᠠ ᠶᠢ ᠬᠠᠮᠠᠭᠠᠯᠠᠬᠤ ᠬᠡᠷᠡᠭᠲᠡᠶ᠃ ᠳᠣᠲᠣᠭᠠᠳᠤ ᠶᠢ | ᠬᠠᠮᠠᠭᠠᠯᠠᠬᠤ ᠠᠵᠢᠯ ᠤᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠵᠦ᠂ ᠬᠠᠤᠯᠢᠵᠢᠯ ᠤᠨ ᠳᠡᠮᠵᠢᠯᠭᠡ | ᠪᠣᠯᠤᠨ ᠰᠢᠨᠵᠢᠯᠡᠭᠡ ᠮᠡᠷᠭᠡᠵᠢᠯ ᠤᠨ ᠲᠤᠯᠭᠠᠭᠤᠷᠢᠯᠠᠯ ᠢ ᠴᠢᠩᠭᠠᠳᠬᠠᠬᠤ ᠬᠡᠷᠡᠭᠲᠡᠢ᠃ ᠬᠠᠤᠯᠢ ᠰᠠᠬᠢᠯᠭ᠎ᠠ ᠶᠢ ᠴᠢᠩᠭ᠎ᠠ | ᠰᠠᠬᠢᠵᠤ᠂ ᠡᠩᠨᠡᠭᠡᠨ ᠤ ᠪᠠᠶᠢᠭᠤᠯᠤᠯᠲᠠ ᠪᠠᠨ ᠴᠢᠩᠭᠠᠳᠬᠠᠨ᠂ ᠨᠠᠮ ᠢ ᠴᠢᠩᠭ᠎ᠠ ᠬᠠᠮᠢᠶᠠᠷᠴᠤ ᠴᠠᠭᠳᠠᠭ᠎ᠠ ᠶᠢ ᠴᠢᠩᠭ᠎ᠠ | ᠵᠠᠰᠠᠬᠤ ᠶᠢ ᠭᠦᠨᠵᠡᠭᠡᠢ ᠠᠬᠢᠭᠤᠯᠵᠤ᠂ ᠰᠢᠨ᠎ᠡ ᠴᠠᠭ ᠦᠶ᠎ᠡ ᠶᠢᠨ ᠦᠨᠡᠨᠴᠢ ᠰᠢᠳᠤᠷᠭᠤ ᠳᠣᠲᠣᠭᠠᠳᠤ ᠶᠢ ᠬᠠᠮᠠᠭᠠᠯᠠᠬᠤ | ᠴᠠᠭᠳᠠᠭ᠎ᠠ ᠶᠢᠨ ᠡᠩᠨᠡᠭᠡ ᠶᠢ ᠪᠠᠶᠢᠭᠤᠯᠬᠤ ᠬᠡᠷᠡᠭᠲᠡᠢ ᠭᠡᠵᠡᠢ᠃ | ᠮᠠ ᠶᠦᠩ ᠭᠠᠩ ᠬᠤᠷᠠᠯ ᠢ ᠡᠷᠭᠢᠯᠡᠭᠰᠡᠨ ᠪᠥᠭᠡᠳ ᠳ᠋ᠦᠩᠨᠡᠯᠲᠡ ᠶᠢᠨ ᠶᠠᠷᠢᠶ᠎ᠠ ᠲᠠᠯᠪᠢᠵᠦ᠂ ᠰᠦᠨ ᠮᠢᠩ ᠲᠤᠤ | ᠬᠠᠮᠢᠶ᠎ᠠ ᠪᠥᠬᠦᠶ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠳ᠋ᠠᠶ ᠢᠦᠶ ᠬᠤᠸᠠ ᠳᠣᠲᠣᠭᠠᠳᠤ ᠶᠢ ᠬᠠᠮᠠᠭᠠᠯᠠᠬᠤ | ᠠᠵᠢᠯ ᠤᠨ ᠮᠡᠳᠡᠭᠦᠯᠦᠯᠲᠡ ᠬᠢᠵᠡᠢ᠃ |