ᠮᠠᠨ ᠤ ᠬᠤᠰᠢᠭᠤ 2025 ᠣᠨ ᠤ ᠺᠢᠨᠣ᠋ ᠶᠢᠨ ᠵᠠᠬ᠎ᠠ ᠳᠡᠯᠭᠡᠭᠦᠷ ᠤᠨ ᠠᠶᠤᠯᠭᠦᠶ ᠦᠢᠯᠡᠳᠪᠦᠷᠢᠯᠡᠯ ᠤᠨ ᠲᠤᠰᠬᠠᠶ ᠪᠠᠶᠢᠴᠠᠭᠠᠯᠲᠠ ᠥᠷᠨᠢᠭᠦᠯᠪᠡ
ᠨᠡᠶᠢᠲᠡᠯᠡᠭᠰᠡᠨ ᠴᠠᠭ᠄
2025/2/21
     2 ᠰᠠᠷ᠎ᠠ ᠶᠢᠨ 18 ᠤ ᠡᠳᠦᠷ᠂ ᠬᠤᠰᠢᠭᠤᠨ ᠤ ᠤᠬᠠᠭᠤᠯᠬᠤ ᠬᠡᠯᠲᠡᠰ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠭᠠᠯ ᠤᠨᠲᠠᠷᠠᠭᠠᠬᠤ ᠶᠡᠭᠡ ᠠᠩᠭᠢ᠂ ᠰᠣᠶᠣᠯ ᠵᠢᠭᠤᠯᠴᠢᠯᠠᠯ ᠤᠨ ᠬᠠᠤᠯᠢ ᠬᠡᠷᠡᠭᠵᠢᠭᠦᠯᠬᠦ ᠶᠡᠭᠡ ᠠᠩᠭᠢ ᠵᠡᠷᠭᠡ ᠰᠠᠯᠠᠭ᠎ᠠ ᠮᠥᠴᠢᠷ ᠤᠳ ᠬᠠᠮᠲᠤᠷᠠᠨ 2025 ᠣᠨ ᠤ ᠺᠢᠨᠣ᠋ ᠶᠢᠨ ᠵᠠᠬ᠎ᠠ ᠳᠡᠯᠭᠡᠭᠦᠷ ᠤᠨ ᠠᠶᠤᠯᠭᠦᠶ ᠦᠢᠯᠡᠳᠪᠦᠷᠢᠯᠡᠯ ᠤᠨ ᠲᠤᠰᠬᠠᠶ ᠪᠠᠶᠢᠴᠠᠭᠠᠯᠲᠠ ᠥᠷᠨᠢᠭᠦᠯᠪᠡ᠃       ᠪᠠᠶᠢᠴᠠᠭᠠᠬᠤ ᠳᠤᠭᠤᠶᠢᠯᠠᠩ ᠤᠨ ᠬᠢᠨ ᠤᠷᠢᠳ ᠬᠤᠵᠢᠳ ᠰᠢᠩ ᠹᠠᠨ ︵星繁︶ ᠺᠢᠨᠣ᠋ ᠶᠢᠨ ᠣᠷᠳᠣᠨ᠂ ᠰᠢᠨ᠋ ᠶᠢᠩ ᠾᠥᠢ ︵新影汇︶ ᠺᠢᠨᠣ᠋ ᠶᠢᠨ ᠣᠷᠳᠣᠨ ᠵᠡᠷᠭᠡ ᠭᠠᠵᠠᠷ ᠤᠳ ᠲᠤ ᠬᠦᠷᠴᠦ᠂ ᠺᠢᠨᠣ᠋ ᠶᠢᠨ ᠣᠷᠳᠣᠨ ᠤ ᠦᠢᠯᠡᠳᠪᠦᠷᠢᠯᠡᠯ ᠡᠵᠡᠩᠨᠡᠯᠲᠡ ᠶᠢᠨ ᠵᠢᠷᠦᠮᠵᠢᠭᠰᠡᠨ ᠬᠠᠮᠢᠶᠠᠷᠤᠯᠲᠠ᠂ ᠭᠠᠯ ᠰᠡᠷᠭᠡᠶᠢᠯᠡᠯᠲᠡ᠂ ᠣᠷᠴᠢᠨ ᠲᠣᠭᠤᠷᠢᠨ ᠤ ᠠᠷᠢᠭᠤᠳᠬᠠᠯ ᠵᠡᠷᠭᠡ ᠠᠵᠢᠯ ᠢ ᠪᠥᠬᠦ ᠲᠠᠯ᠎ᠠ ᠪᠠᠷ ᠪᠠᠶᠢᠴᠠᠭᠠᠭᠰᠠᠨ ᠤ ᠬᠠᠮᠲᠤ ᠣᠷᠣᠰᠢᠵᠤ ᠪᠠᠶᠢᠭ᠎ᠠ ᠠᠰᠠᠭᠤᠳᠠᠯ ᠳᠤ ᠴᠢᠭᠯᠡᠭᠦᠯᠦᠨ᠂ ᠴᠡᠭᠴᠡᠯᠡᠨ ᠰᠠᠶᠢᠵᠢᠷᠠᠭᠤᠯᠬᠤ ᠰᠠᠨᠠᠯ ᠳᠤᠷᠠᠳᠴᠤ᠂ ᠠᠶᠤᠯᠭᠦᠢ ᠦᠢᠯᠡᠳᠪᠦᠷᠢᠯᠡᠯ ᠤᠨ ᠭᠤᠤᠯ ᠴᠣᠭᠴᠠ ᠶᠢᠨ ᠬᠠᠷᠢᠭᠤᠴᠠᠯᠭ᠎ᠠ ᠶᠢ ᠢᠳᠡᠪᠬᠢᠲᠡᠶ ᠨᠠᠶᠢᠳᠠᠪᠤᠷᠢᠵᠢᠭᠤᠯᠤᠨ᠂ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠪᠥᠬᠦ ᠬᠦᠴᠦᠨ ᠢᠶᠠᠷ ᠢᠶᠠᠨ ᠪᠠᠲᠤᠯᠠᠬᠤ ᠬᠡᠷᠡᠭᠲᠡᠶ ᠭᠡᠵᠦ ᠱᠠᠭᠠᠷᠳᠠᠪᠠ᠃
 
ᠢᠷᠡᠯᠲᠡ᠄ ᠣᠩᠨᠢᠭᠤᠳ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号