ᠮᠥᠩᠬᠡ ᠵᠠᠮ ᠬᠠᠷᠢᠯᠴᠠᠭ᠎ᠠ  ᠪᠤᠯᠤᠨ ᠲᠠᠷᠢᠶᠠᠯᠠᠩ ᠮᠠᠯ ᠠᠵᠤ ᠠᠬᠤᠶ ᠶᠢᠨ ᠭᠤᠤᠯᠳᠠᠯᠭ᠎ᠠ ᠲᠠᠢ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠠᠵᠢᠯ ᠳᠤ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2025/2/21
       2 ᠰᠠᠷ᠎ᠠ ᠶᠢᠨ 18 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠮᠥᠩᠬᠡ ᠵᠡᠭᠦᠨ  ᠪᠦᠯᠥᠭ ᠤᠨ ᠭᠠᠵᠠᠷ ᠣᠷᠣᠨ ᠳᠤ ᠭᠦᠨᠵᠡᠭᠡᠶᠢᠷᠡᠵᠦ᠂ ᠵᠠᠮ ᠬᠠᠷᠢᠯᠴᠠᠭ᠎ᠠ᠂ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠡᠷᠭᠡ ᠭᠤᠤᠯᠳᠠᠯᠭ᠎ᠠ ᠲᠠᠢ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠠᠵᠢᠯ ᠤᠨ   ᠳᠤ ᠪᠠᠶᠢᠴᠠᠭᠠᠨ ᠰᠤᠳᠤᠯᠤᠯᠲᠠ ᠬᠢᠪᠠ᠃       ᠮᠤᠵᠢ ᠶᠢᠨ ᠵᠠᠮ  210  ᠳ᠋ᠤᠭᠠᠷ ᠱᠤᠭᠤᠮ ᠤᠨ ᠣᠩᠨᠢᠭᠤᠳ ᠬᠤᠰᠢᠭᠤᠨ ᠤ ᠬᠡᠰᠡᠭ ᠲᠤ᠂ ᠮᠥᠩᠬᠡ ᠪᠠᠷᠢᠯᠭ᠎ᠠ ᠶᠢᠨ ᠠᠵᠢᠯ ᠢ ᠡᠬᠢᠯᠡᠭᠦᠯᠦᠭᠰᠡᠨ ᠪᠠ ᠰᠡᠷᠭᠦᠭᠡᠭᠰᠡᠨ ᠪᠠᠶᠢᠳᠠᠯ᠂ ᠪᠣᠳᠠᠰ ᠤᠨ ᠮᠠᠲ᠋ᠧᠷᠢᠶᠠᠯ ᠤᠨ ᠨᠥᠭᠡᠴᠡ ᠬᠠᠩᠭᠠᠯᠭ᠎ᠠ ᠪᠠ ᠪᠠᠯᠠ ᠮᠥᠩᠭᠦ ᠶᠢᠨ ᠪᠠᠲᠤᠯᠠᠭ᠎ᠠ ᠵᠡᠷᠭᠡ ᠪᠠᠶᠢᠳᠠᠯ ᠢ ᠨᠠᠷᠢᠨ  ᠤᠶᠢᠯᠠᠭᠠᠭᠰᠠᠨ ᠤ ᠳᠠᠷᠠᠭ᠎ᠠ  ᠮᠦᠩᠬᠡ  ᠵᠢᠭᠠᠵᠤ ᠭᠠᠷᠭᠠᠭᠰᠠᠨ ᠨᠢ᠂ ᠮᠤᠵᠢ ᠶᠢᠨ ᠵᠠᠮ 210  ᠳ᠋ᠤᠭᠠᠷ ᠱᠤᠭᠤᠮ ᠪᠣᠯ ᠥᠪᠡᠷᠲᠡᠭᠡᠨ ᠵᠠᠰᠠᠬᠤ ᠣᠷᠣᠨ ᠤ ᠵᠠᠰᠠᠮᠠᠯ ᠵᠠᠮ ᠤᠨ ᠲᠣᠤᠷ ᠤᠨ ᠴᠢᠬᠤᠯᠠ ᠪᠦᠷᠢᠯᠳᠦᠬᠦᠨ ᠬᠡᠰᠡᠭ ᠮᠥᠨ᠃ ᠡᠨᠡ ᠨᠢ ᠣᠷᠣᠨ ᠨᠤᠲᠤᠭ ᠤᠨ ᠠᠵᠤ ᠠᠬᠤᠶ ᠶᠢ ᠳᠠᠶᠢᠴᠢᠯᠠᠬᠤ᠂ ᠣᠷᠣᠨ ᠪᠦᠰᠡ ᠶᠢᠨ ᠵᠣᠬᠢᠴᠠᠩᠭᠤᠶ ᠬᠥᠭᠵᠢᠯᠲᠡ ᠶᠢ ᠠᠬᠢᠭᠤᠯᠬᠤ ᠳᠤ ᠴᠢᠬᠤᠯᠠ ᠶᠡᠭᠡ ᠠᠴᠢ ᠬᠤᠯᠪᠣᠭᠳᠠᠯ ᠲᠠᠢ ᠶᠤᠮ᠃ ᠵᠠᠮ ᠳᠠᠭᠠᠤ  ᠰᠤᠮᠤ ᠰᠢᠶᠠᠩ ᠪᠠᠯᠭᠠᠰᠤ ᠪᠣᠯᠤᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ  ᠶᠢ ᠰᠠᠶᠢᠲᠤᠷ  ᠨᠠᠷᠢᠯᠢᠭᠵᠢᠭᠤᠯᠵᠤ᠂ ᠤᠯᠤᠰ ᠤᠨ ᠪᠠᠶᠠᠷ ᠠᠴᠠ ᠡᠮᠦᠨ᠎ᠡ ᠪᠠᠷᠢᠯᠭ᠎ᠠ ᠳᠠᠭᠤᠰᠴᠤ ᠲᠡᠷᠭᠡ ᠨᠡᠪᠲᠡᠷᠡᠬᠦ ᠶᠢ  ᠪᠠᠲᠤᠯᠠᠬᠤ ᠬᠡᠷᠡᠭᠲᠡᠶ᠃ ᠵᠠᠮ ᠬᠠᠷᠢᠯᠴᠠᠭ᠎ᠠ  ᠠᠴᠢᠶ᠎ᠠ ᠲᠡᠭᠡᠭᠡᠪᠦᠷᠢ ᠶᠢᠨ ᠰᠠᠯᠠᠭ᠎ᠠ ᠮᠥᠴᠢᠷ ᠤᠳ ᠭᠤᠤᠯᠳᠠᠯᠭ᠎ᠠ ᠲᠠᠢ ᠵᠠᠮ ᠬᠠᠷᠢᠯᠴᠠᠭᠠᠨ ᠤ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠥᠨᠳᠥᠷ ᠪᠠᠷᠢᠮᠵᠢᠶ᠎ᠠ ᠲᠠᠢ᠂ ᠴᠢᠨᠠᠷ ᠰᠠᠶᠢᠲᠠᠶ᠂ ᠥᠨᠳᠥᠷ ᠦᠷ᠎ᠡ ᠪᠦᠲᠦᠮᠵᠢᠲᠡᠶ ᠪᠠᠷ ᠠᠬᠢᠭᠤᠯᠵᠤ᠂ ᠠᠷᠠᠳ ᠲᠦᠮᠡᠨ ᠤ ᠰᠡᠳᠬᠢᠯ ᠬᠠᠨᠤᠮᠵᠢᠲᠠᠶ ᠰᠣᠳᠣᠨ ᠢᠨᠵᠧᠨᠧᠷᠢᠩ᠂ ᠰᠠᠨᠠᠭ᠎ᠠ ᠠᠮᠤᠷ ᠢᠨᠵᠧᠨᠧᠷᠢᠩ ᠢ ᠪᠣᠶ  ᠪᠤᠯᠭᠠᠨ᠂ ᠪᠥᠬᠦ ᠬᠤᠰᠢᠭᠤᠨ ᠤ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠳᠤ ᠬᠦᠴᠦᠲᠡᠶ ᠲᠤᠯᠭᠠᠭᠤᠷᠢᠯᠠᠯ ᠬᠠᠩᠭᠠᠬᠤ ᠬᠡᠷᠡᠭᠲᠡᠶ  ᠭᠡᠵᠡᠢ᠃       ᠰᠢᠨᠡᠰᠦ᠋ᠮ᠎ᠡ ᠰᠤᠮᠤ  ᠂ ᠬᠡᠷᠰᠡᠩ ᠰᠤᠮᠤ   ᠶᠢᠨ ᠤᠳᠤ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰ ᠤᠨ ᠬᠦᠷᠢᠶᠡᠯᠡᠩ ᠲᠣᠭᠤᠷᠢᠭ ᠤᠨ ᠲᠥᠯᠥᠪᠵᠢᠭᠦᠯᠭᠡ   ᠶᠢᠨ ᠪᠦᠳᠦᠭᠡᠨ ᠪᠠᠶᠢᠭᠤᠯᠤᠯᠲᠠ᠂   ᠲᠠᠷᠢᠶᠠᠯᠠᠩ ᠮᠠᠯᠵᠢᠯ ᠤᠨ ᠠᠰᠢᠭ ᠰᠢᠮ᠎ᠡ   ᠶᠢᠨ ᠪᠦᠲᠦᠭᠡᠭᠳᠡᠬᠦᠨ ᠢ ᠡᠳ᠋ᠰᠢᠭᠦᠯᠬᠦ ᠠᠵᠤ ᠠᠬᠤᠶᠢᠯᠠᠯ ᠤᠨ ᠲᠠᠷᠢᠶᠠᠯᠠᠩ ᠲᠠᠷᠢᠶᠠᠴᠢᠳ ᠲᠠᠢ  ᠬᠤᠯᠪᠤᠭᠠᠯᠠᠬᠤ  ᠪᠤᠯᠤᠨ  ᠠᠯᠠᠰᠢᠨ ᠬᠤᠨᠢᠨ ᠤ ᠡᠭᠦᠯᠳᠡᠷ ᠢ ᠰᠠᠶᠢᠵᠢᠷᠠᠭᠤᠯᠬᠤ ᠵᠡᠷᠭᠡ ᠪᠠᠶᠢᠳᠠᠯ ᠢ ᠪᠠᠶᠢᠴᠠᠭᠠᠨ  ᠦᠵᠡᠭᠰᠡᠨ ᠤ ᠳᠠᠷᠠᠭ᠎ᠠ  ᠂  ᠮᠦᠩᠬᠡ ᠶᠠᠷᠢᠶᠠᠨ ᠳᠠᠭᠠᠨ᠂ ᠣᠲᠣ ᠦᠶ᠎ᠡ ᠶᠢᠨ  ᠲᠠᠷᠢᠶᠠᠯᠠᠩ ᠢᠶᠠᠷ ᠬᠤᠰᠢᠭᠤ ᠪᠠᠨ ᠬᠦᠴᠦᠷᠬᠡᠭᠵᠢᠭᠦᠯᠬᠦ ᠬᠠᠷᠠᠯᠲᠠ ᠶᠢᠨ ᠲᠣᠭᠤᠷᠢᠨ ᠳᠤ᠂ ᠰᠠᠶᠢᠨ  ᠲᠠᠷᠢᠶ᠎ᠠ ᠰᠠᠶᠢᠨ ᠦᠷ᠎ᠡ ᠡᠭᠦᠯᠳᠡᠷ  ᠰᠠᠶᠢᠨ ᠠᠷᠭ᠎ᠠ  ᠬᠢᠳᠡᠯ ᠢ ᠢᠳᠡᠪᠬᠢᠲᠡᠶ ᠳᠡᠯᠭᠡᠷᠡᠭᠦᠯᠵᠦ᠂ ︽ᠠᠮᠤ ᠪᠤᠳᠠᠭᠠᠨ ᠤ ᠲᠦᠷᠥᠯ ᠢᠶᠠᠷ ᠡᠬᠢᠯᠡᠭᠦᠯᠵᠥ ᠢᠳᠡᠭᠡᠨ  ᠤ ᠲᠦᠷᠥᠯ ᠢᠶᠠᠷ ᠰᠡᠭᠦᠯ ᠬᠤᠷᠢᠶᠠᠬᠤ᠂ ᠲᠠᠷᠢᠶᠠᠯᠠᠩ ᠢᠶᠠᠷ ᠬᠤᠰᠢᠭᠤᠴᠢᠯᠠᠭᠤᠯᠵᠤ᠂ ᠠᠵᠤ  ᠦᠢᠯᠡᠳᠪᠥᠷᠢ ᠪᠠᠷ ᠰᠡᠭᠦᠯ ᠬᠤᠷᠢᠶᠠᠬᠤ᠂  ᠮᠠᠯᠵᠢᠯ ᠢᠶᠠᠷ ᠡᠬᠢᠯᠡᠭᠦᠯᠵᠥ ᠮᠢᠬᠠᠨ ᠤ  ᠲᠦᠷᠥᠯ ᠢᠶᠠᠷ ᠰᠡᠭᠦᠯ ᠬᠤᠷᠢᠶᠠᠬᠤ︾  ᠥᠷᠲᠡᠭ ᠤᠨ ᠨᠡᠮᠡᠭᠳᠡᠯ  ᠢ ᠰᠠᠶᠢᠲᠤᠷ  ᠠᠳᠬᠤᠵᠤ᠂ ᠨᠢᠭᠡᠳᠦᠭᠡᠷ ᠬᠤᠶᠠᠳᠤᠭᠠᠷ ᠭᠤᠷᠪᠠᠳᠤᠭᠠᠷ ᠠᠵᠤ ᠦᠢᠯᠡᠰ ᠤᠨ ᠠᠭᠤᠰᠤᠯᠴᠠᠨ ᠬᠥᠭᠵᠢᠬᠦ ᠶᠢ ᠲᠦᠷᠭᠡᠳᠬᠡᠵᠦ᠂ ᠲᠠᠷᠢᠶᠠᠯᠠᠩ ᠮᠠᠯ ᠠᠵᠤ ᠠᠬᠤᠶ ᠶᠢᠨ ᠶᠡᠷᠦᠩᠬᠡᠶᠢᠯᠡᠭᠰᠡᠨ  ᠦᠢᠯᠡᠳᠪᠥᠷᠢᠯᠡᠯ ᠤᠨ ᠴᠢᠳᠠᠪᠤᠷᠢ ᠶᠢ ᠦᠷᠭᠦᠯᠵᠢᠯᠡᠨ ᠳᠡᠭᠡᠭᠰᠢᠯᠡᠭᠦᠯᠬᠦ ᠬᠡᠷᠡᠭᠲᠡᠶ᠃ ᠠᠵᠤ ᠦᠢᠯᠡᠰ ᠢᠶᠠᠷ ᠲᠠᠷᠢᠶᠠᠯᠠᠩ ᠢ ᠬᠥᠭᠵᠢᠭᠦᠯᠬᠦ᠂ ᠶᠠᠰᠤ ᠴᠢᠨᠠᠷ ᠢᠶᠠᠷ ᠲᠠᠷᠢᠶᠠᠯᠠᠩ ᠢ ᠬᠥᠭᠵᠢᠭᠦᠯᠬᠦ᠂  ᠪᠠᠶᠢᠭᠠᠯᠢᠯᠢᠭ ᠢᠶᠠᠷ  ᠲᠠᠷᠢᠶᠠᠯᠠᠩ ᠢ ᠬᠥᠭᠵᠢᠭᠦᠯᠬᠦ ᠶᠢ ᠪᠠᠷᠢᠮᠲᠠᠯᠠᠵᠤ᠂ ᠭᠠᠵᠠᠷ ᠣᠷᠣᠨ ᠤ ᠪᠠᠶᠢᠳᠠᠯ ᠳᠠᠭᠠᠨ ᠲᠤᠬᠢᠷᠠᠭᠤᠯᠤᠨ ᠤᠨᠴᠠᠯᠢᠬᠳᠤ ᠠᠵᠤ ᠦᠢᠯᠡᠰ ᠢ ᠶᠡᠬᠡᠪᠡᠷ ᠬᠥᠭᠵᠢᠭᠦᠯᠵᠦ᠂ ᠨᠤᠲᠤᠭ ᠤᠨ ᠤᠨᠴᠠᠯᠢᠭᠳᠤ ᠲᠦᠷᠦᠯ ᠲᠡᠮᠳᠡᠭ ᠢ ᠡᠭᠦᠳᠬᠦ ᠶᠢ ᠳᠡᠮᠵᠢᠬᠦ ᠬᠡᠷᠡᠭᠲᠡᠢ᠃ ᠰᠢᠨ᠎ᠡ ᠬᠡᠯᠪᠡᠷᠢ ᠶᠢᠨ ᠲᠠᠷᠢᠶᠠᠯᠠᠩ ᠤᠨ ᠡᠵᠡᠩᠨᠡᠯᠲᠡ ᠶᠢᠨ ᠭᠤᠣᠯ ᠴᠣᠭᠴᠠ ᠶᠢ ᠬᠥᠭᠵᠢᠭᠦᠯᠬᠦ ᠪᠠᠷ ᠭᠤᠣᠯᠳᠠᠯᠭ᠎ᠠ ᠪᠣᠯᠭᠠᠵᠤ᠂ ᠨᠡᠶᠢᠭᠡᠮᠴᠢᠯᠡᠭᠰᠡᠨ ᠦᠢᠯᠡᠴᠢᠯᠡᠭᠡ ᠪᠠᠷ ᠲᠤᠯᠭᠠᠭᠤᠷᠢᠯᠠᠭᠤᠯᠵᠤ᠂ ᠤᠳᠤ ᠦᠶ᠎ᠡ ᠶᠢᠨ ᠲᠠᠷᠢᠶᠠᠯᠠᠩ ᠤᠨ ᠬᠥᠭᠵᠢᠯᠲᠡ ᠳᠤ ᠵᠣᠬᠢᠴᠠᠬᠤ ᠥᠨᠳᠥᠷ ᠬᠡᠪ ᠪᠣᠯᠪᠠᠰᠤᠷᠠᠯ ᠲᠠᠢ ᠦᠢᠯᠡᠳᠪᠦᠷᠢᠯᠡᠯ ᠡᠵᠡᠩᠨᠡᠯᠲᠡ ᠶᠢᠨ ᠡᠩᠨᠡᠭᠡ ᠶᠢ ᠲᠦᠷᠭᠡᠨ ᠪᠠᠶᠢᠭᠤᠯᠬᠤ ᠬᠡᠷᠡᠭᠲᠡᠢ ᠭᠡᠵᠡᠢ᠃       ᠮᠦᠩᠬᠡ  ᠪᠠᠰᠠ ᠶᠠᠷᠢᠶᠠᠨ ᠳᠠᠭᠠᠨ ᠵᠢᠭᠠᠵᠤ ᠭᠠᠷᠭᠠᠭᠰᠠᠨ ᠨᠢ᠂ ᠲᠠᠷᠢᠶᠠᠯᠠᠩ ᠢᠶᠠᠷ ᠭᠤᠣᠯᠳᠠᠯᠭ᠎ᠠ ᠪᠣᠯᠭᠠᠬᠤ ᠶᠢ ᠪᠠᠷᠢᠮᠲᠠᠯᠠᠵᠤ᠂ ᠲᠠᠷᠢᠶᠠᠯᠠᠩ ᠤᠨ ᠨᠡᠶᠢᠭᠡᠮᠴᠢᠯᠡᠭᠰᠡᠨ ᠦᠢᠯᠡᠴᠢᠯᠡᠭᠡᠨ ᠤ ᠲᠠᠪᠴᠠᠩ ᠪᠣᠯᠤᠨ ᠪᠠᠷᠢᠮᠵᠢᠶ᠎ᠠ ᠶᠢᠨ ᠰᠢᠰᠲ᠋ᠧᠮ ᠤᠨ ᠪᠠᠶᠢᠭᠤᠯᠤᠯᠲᠠ ᠶᠢ ᠶᠡᠬᠡᠪᠡᠷ ᠴᠢᠩᠭᠠᠳᠬᠠᠵᠤ᠂ ᠲᠠᠷᠢᠶᠠᠯᠠᠩ ᠤᠨ ᠦᠢᠯᠡᠳᠪᠦᠷᠢᠯᠡᠯ ᠤᠨ  ᠪᠠᠭᠤᠷᠠᠢ ᠭᠤᠭᠴᠤᠭ᠎ᠠ ᠪᠣᠯᠤᠨ ᠵᠢᠵᠢᠭ ᠲᠠᠷᠢᠶᠠᠴᠢᠨ ᠡᠷᠦᠬᠡ ᠳᠤ ᠠᠩᠬᠠᠷᠤᠯ ᠢᠶᠠᠨ ᠲᠥᠪᠯᠡᠷᠡᠭᠦᠯᠵᠦ᠂ ᠦᠢᠯᠡᠴᠢᠯᠡᠭᠡᠨ ᠤ ᠬᠦᠷᠢᠶ᠎ᠡ ᠪᠣᠯᠤᠨ ᠵᠠᠭᠪᠤᠷ ᠢ ᠦᠷᠭᠡᠳᠬᠡᠨ᠂ ᠲᠠᠷᠢᠶᠠᠯᠠᠩ ᠤᠨ ᠦᠢᠯᠡᠳᠪᠦᠷᠢᠯᠡᠯ ᠤᠨ ᠶᠠᠪᠤᠴᠠ ᠶᠢᠨ ᠲᠤᠰᠬᠠᠶᠢᠵᠢᠯᠲᠠ᠂ ᠪᠠᠷᠢᠮᠵᠢᠶᠠᠵᠢᠯᠲᠠ᠂ ᠡᠷᠴᠢᠮᠵᠢᠯᠲᠡ ᠶᠢ ᠠᠬᠢᠭᠤᠯᠬᠤ ᠬᠡᠷᠡᠭᠲᠡᠢ ᠭᠡᠪᠡ᠃      ᠮᠥᠩᠬᠡ ᠴᠢᠬᠤᠯᠠᠴᠢᠯᠠᠭᠰᠠᠨ ᠨᠢ᠂ ᠡᠯ᠎ᠡ ᠭᠠᠵᠠᠷ ᠤᠷᠤᠨ ᠡᠯ᠎ᠡ ᠰᠠᠯᠠᠭ᠎ᠠ ᠮᠦᠴᠢᠷ ᠨᠢ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ  ᠠᠵᠢᠯ ᠢ ᠡᠷᠲᠡ ᠠᠴᠠ ᠠᠳᠬᠤᠵᠤ᠂  ᠭᠠᠵᠠᠷ ᠰᠢᠷᠣᠢ ᠶᠢ ᠡᠷᠭᠢᠯᠲᠡ ᠳᠤ ᠣᠷᠣᠭᠤᠯᠬᠤ ᠂ ᠤᠰᠤ ᠠᠷᠪᠢᠯᠠᠵᠤ ᠤᠰᠤᠯᠠᠬᠤ ᠶᠢ ᠪᠠᠲᠤᠯᠠᠬᠤ ᠪᠠ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠬᠠᠩᠭᠠᠯᠭ᠎ᠠ ᠵᠡᠷᠭᠡ ᠠᠵᠢᠯ ᠢ ᠰᠠᠶᠢᠲᠤᠷ ᠬᠢᠵᠦ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠳᠦᠭᠡᠨ ᠪᠠᠶᠢᠭᠤᠯᠤᠯᠲᠠ ᠶᠢ ᠯᠠᠪᠳᠠᠭᠤᠨ ᠪᠠᠲᠤᠲᠠᠢ ᠠᠬᠢᠭᠤᠯᠵᠤ᠂ ᠪᠦᠬᠦ ᠵᠢᠯ ᠤᠨ ᠠᠮᠤ ᠪᠤᠳᠠᠭᠠᠨ ᠤ ᠡᠯᠪᠡᠭ ᠬᠤᠷᠢᠶᠠᠯᠲᠠ ᠤᠯᠬᠤ ᠳᠤ ᠪᠠᠲᠤ ᠪᠠᠬᠢ ᠰᠠᠭᠤᠷᠢ ᠲᠠᠯᠪᠢᠬᠤ ᠬᠡᠷᠡᠭᠲᠡᠢ  ᠭᠡᠵᠡᠢ  ᠃ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠰᠢᠭᠤᠨ ᠤ ᠨᠠᠮ ᠤᠨ ᠬᠤᠷᠢᠶᠠᠨ ᠤ ᠠᠯᠪᠠᠨ ᠬᠡᠷ ᠤᠨ ᠡᠷᠬᠢᠯᠡᠭᠴᠢ ᠵᠦ ᠴᠦᠨ ᠶᠦᠩ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃
 
ᠢᠷᠡᠯᠲᠡ᠄ ᠣᠩᠨᠢᠭᠤᠳ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号