| | ︽ᠵᠠᠰᠠᠭ ᠤᠨ ᠣᠷᠳᠣᠨ ᠤ ᠠᠵᠢᠯ ᠤᠨ ᠢᠯᠡᠳᠬᠡᠯ︾ ᠳᠤ ᠳᠤᠷᠠᠳᠤᠭᠰᠠᠨ ᠨᠢ᠂ 2025 ᠣᠨ ᠳᠤ᠂ | ᠬᠤᠰᠢᠭᠤᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠣᠷᠣᠨ ᠪᠦᠰᠡ ᠶᠢᠨ ᠬᠤᠯᠪᠣᠭᠠᠯᠠᠨ ᠬᠥᠳᠡᠯᠦᠯᠴᠡᠬᠦ ᠶᠢ | ᠪᠠᠷᠢᠮᠲᠠᠯᠠᠵᠤ᠂ ᠠᠷᠠᠳ ᠤᠨ ᠠᠮᠢᠳᠤᠷᠠᠯ ᠤᠨ ᠬᠦᠷᠥᠯᠴᠡᠬᠦ ᠦᠭᠡᠢ ᠵᠦᠢᠯ ᠢ ᠲᠦᠷᠭᠡᠨ ᠨᠥᠬᠦᠪᠥᠷᠢᠯᠡᠵᠦ᠂ ᠬᠤᠲᠠ | ᠬᠥᠳᠡᠭᠡ ᠶᠢᠨ ᠠᠭᠤᠰᠤᠯᠴᠠᠨ ᠬᠥᠭᠵᠢᠬᠦ ᠶᠢ ᠨᠢᠭᠡᠳᠦᠯᠲᠡᠶ ᠲᠥᠯᠥᠪᠯᠡᠨ ᠠᠬᠢᠭᠤᠯᠵᠤ᠂ ᠨᠠᠩ ᠵᠣᠯ ᠵᠢᠷᠭᠠᠯ ᠲᠠᠢ | ᠦᠵᠡᠰᠬᠦᠯᠡᠩᠲᠦ ᠰᠠᠶᠢᠬᠠᠨ ᠣᠷᠣᠰᠢᠨ ᠰᠠᠭᠤᠬᠤ ᠳᠤ ᠲᠣᠬᠢᠷᠠᠮᠵᠢᠲᠠᠶ ᠣᠩᠨᠢᠭᠤᠳ ᠬᠤᠰᠢᠭᠤ ᠶᠢ ᠪᠥᠬᠦ | ᠬᠦᠴᠦᠨ ᠢᠶᠠᠷ ᠢᠶᠠᠨ ᠪᠥᠲᠥᠭᠡᠨ ᠪᠠᠶᠢᠭᠤᠯᠤᠨ᠎ᠠ ᠭᠡᠵᠡᠢ᠃ | ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠨ | ᠥᠷᠭᠡᠳᠬᠡᠬᠦ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠠᠢ ᠪᠦᠲᠦᠮᠵᠢᠲᠡᠢ ᠵᠣᠯᠭᠠᠭᠤᠯᠬᠤ ᠶᠢ | ᠦᠷᠭᠦᠯᠵᠢᠯᠡᠨ ᠴᠢᠩᠭᠠᠳᠬᠠᠵᠤ᠂ ᠡᠯ᠎ᠡ ᠵᠦᠢᠯ ᠤᠨ ᠬᠥᠳᠡᠯᠦᠩᠭᠦᠢ ᠬᠢᠨᠠᠨ ᠬᠡᠮᠵᠢᠬᠦ ᠪᠠ ᠬᠠᠪᠰᠤᠷᠤᠨ ᠲᠡᠳᠬᠦᠬᠦ ᠠᠷᠭ᠎ᠠ | ᠬᠡᠮᠵᠢᠶ᠎ᠡ ᠶᠢ ᠨᠠᠷᠢᠨ ᠨᠢᠮᠪᠠᠢ ᠨᠠᠶᠢᠳᠠᠪᠤᠷᠢᠵᠢᠭᠤᠯᠵᠤ᠂ ᠬᠡᠪᠴᠢᠶᠡᠵᠢᠯ ᠤᠨ ᠴᠢᠨᠠᠷᠲᠠᠢ ᠲᠠᠬᠢᠨ ᠶᠠᠳᠠᠭᠤᠷᠠᠬᠤ ᠪᠠ | ᠶᠠᠳᠠᠭᠤᠷᠠᠯ ᠤᠨ ᠬᠤᠷᠢᠭ᠎ᠠ ᠱᠤᠭᠤᠮ ᠢ ᠡᠷᠡᠰ ᠰᠠᠬᠢᠨ᠎ᠠ᠃ ᠬᠥᠮᠦᠨ ᠢᠶᠠᠷ ᠭᠤᠣᠯ ᠪᠣᠯᠭᠠᠭᠰᠠᠨ ᠰᠢᠨ᠎ᠡ ᠬᠡᠯᠪᠡᠷᠢ ᠶᠢᠨ | ᠬᠤᠲᠠ ᠪᠠᠯᠭᠠᠰᠤᠵᠢᠯᠲᠠ ᠶᠢ ᠯᠠᠪᠳᠠᠭᠤᠨ ᠪᠠᠲᠤᠲᠠᠶ ᠠᠬᠢᠭᠤᠯᠵᠤ᠂ ᠬᠤᠲᠠ ᠶᠢᠨ ᠴᠢᠳᠠᠮᠵᠢ ᠶᠢ ᠲᠠᠰ ᠳᠡᠪᠰᠢᠭᠦᠯᠬᠦ | ᠠᠵᠢᠯᠯᠠᠭ᠎ᠠ ᠶᠢ ᠭᠦᠨᠵᠡᠭᠡᠶ ᠬᠡᠷᠡᠭᠵᠢᠭᠦᠯᠦᠨ᠂ ᠪᠣᠷᠣᠬᠤᠲᠠ ᠶᠢᠨ ᠬᠤᠲᠠ ᠲᠣᠭᠤᠷᠢᠭ ᠤᠨ ᠡᠵᠡᠮᠳᠡᠯ ᠤᠨ ᠴᠢᠨᠠᠷᠲᠠᠶ | ᠨᠠᠷᠢᠨ ᠲᠥᠯᠥᠪᠵᠢᠭᠦᠯᠭᠡ ᠶᠢ ᠲᠡᠭᠦᠯᠳᠡᠷᠵᠢᠭᠦᠯᠵᠦ᠂ ᠬᠤᠶᠢᠲᠤ ᠬᠡᠰᠡᠭ ᠤᠨ ᠬᠡᠰᠡᠭ ᠲᠣᠭᠤᠷᠢᠭ ᠤᠨ ᠲᠥᠯᠥᠪᠵᠢᠭᠦᠯᠭᠡ | ᠪᠥᠲᠥᠭᠡᠨ ᠪᠠᠶᠢᠭᠤᠯᠤᠯᠲᠠ ᠶᠢ ᠡᠮᠬᠢ ᠵᠢᠷᠤᠮ ᠲᠠᠢ ᠪᠠᠷ ᠠᠬᠢᠭᠤᠯᠤᠨ᠎ᠠ᠃ ᠬᠠᠭᠤᠴᠢᠨ ᠰᠠᠭᠤᠭᠠᠯᠢ ᠲᠣᠭᠤᠷᠢᠭ ᠢ 26. | 4 ᠲᠦᠮᠡᠨ ᠲᠡᠭᠰᠢ ᠳᠥᠷᠪᠡᠯᠵᠢᠨ ᠮᠧᠲᠷ ᠥᠭᠡᠷᠡᠴᠢᠯᠡᠨ ᠪᠠᠶᠢᠭᠤᠯᠬᠤ ᠶᠢ ᠬᠡᠷᠡᠭᠵᠢᠭᠦᠯᠵᠦ᠂ ᠬᠤᠩᠱᠠᠨ ᠵᠠᠮ᠂ ᠴᠢᠩ | ᠴᠢᠤᠸᠠᠨ ᠵᠠᠮ ᠤᠨ ᠶᠠᠪᠠᠭᠠᠨ ᠵᠠᠮ ᠢ ᠰᠡᠯᠪᠢᠨ ᠵᠠᠰᠠᠵᠤ ᠠᠷᠠᠴᠢᠯᠠᠨ ᠬᠠᠮᠠᠭᠠᠯᠠᠬᠤ᠂ ᠲᠦᠩ ᠰᠢᠨ ᠵᠠᠮ ᠤᠨ ᠤᠰᠤ | ᠲᠠᠳᠠᠷᠠᠭᠤᠯᠬᠤ ᠬᠤᠭᠤᠯᠠᠶ ᠶᠢᠨ ᠲᠤᠤᠷᠵᠢᠯ ᠵᠡᠷᠭᠡ ᠲᠥᠷᠥᠯ ᠵᠦᠢᠯ ᠢ ᠪᠠᠶᠢᠭᠤᠯᠤᠨ ᠠᠰᠢᠭᠯᠠᠯᠲᠠ ᠳᠤ | ᠣᠷᠣᠭᠤᠯᠬᠤ ᠶᠢ ᠲᠦᠷᠭᠡᠳᠬᠡᠨ ᠠᠬᠢᠭᠤᠯᠵᠤ᠂ ᠬᠤᠲᠠ ᠲᠣᠭᠤᠷᠢᠭ ᠤᠨ ᠣᠷᠣᠰᠢᠨ ᠰᠠᠭᠤᠬᠤ ᠳᠤ ᠲᠣᠬᠢᠷᠠᠮᠵᠢᠲᠠᠶ | ᠬᠢᠷᠢ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃ | ᠮᠤᠵᠢ ᠶᠢᠨ ᠵᠠᠮ 210 ᠱᠤᠭᠤᠮ ᠤᠨ ᠣᠩᠨᠢᠭᠤᠳ ᠬᠤᠰᠢᠭᠤᠨ ᠤ ᠬᠡᠰᠡᠭ᠂ ᠤᠯᠤᠰ ᠤᠨ ᠵᠠᠮ 306 | ᠱᠤᠭᠤᠮ ᠤᠨ ᠴᠢᠶᠣᠤ ᠳᠧᠦ ᠪᠠᠯᠭᠠᠰᠤᠨ ᠤ ᠪᠠᠯᠭᠠᠰᠤ ᠲᠣᠭᠤᠷᠢᠭ ᠤᠨ ᠬᠤᠲᠠ ᠲᠣᠭᠤᠷᠢᠭᠰᠠᠨ ᠵᠠᠰᠠᠮᠠᠯ ᠵᠠᠮ ᠵᠡᠷᠭᠡ | ᠲᠥᠷᠥᠯ ᠵᠦᠢᠯ ᠢ ᠵᠢᠯ ᠤᠨ ᠳᠣᠲᠣᠷ᠎ᠠ ᠳᠠᠭᠤᠰᠬᠠᠨ᠎ᠠ᠃ ᠮᠤᠵᠢ ᠶᠢᠨ ᠵᠠᠮ 28 ᠱᠤᠭᠤᠮ ᠤᠨ ᠪᠣᠷᠣᠬᠤᠲᠠ ᠠᠴᠠ | ᠴᠢᠪᠠᠭ᠎ᠠ ᠬᠦᠷᠬᠦ ᠦᠨᠳᠥᠷ ᠬᠤᠷᠳᠤᠴᠠᠳᠤ ᠵᠠᠰᠠᠮᠠᠯ ᠵᠠᠮ ᠤᠨ ᠪᠦᠲᠥᠭᠡᠨ ᠪᠠᠶᠢᠭᠤᠯᠤᠯᠳᠠ ᠶᠢ ᠬᠠᠮᠵᠢᠯᠴᠠᠨ | ᠠᠬᠢᠭᠤᠯᠵᠤ᠂ ᠤᠯᠠᠭᠠᠨᠬᠠᠳᠠ ᠠᠴᠠ ᠶᠡᠭᠡ ᠪᠠᠶᠢᠰᠢᠩᠳᠤ ᠪᠠᠶ᠋ᠬᠤᠪᠤᠭ᠎ᠠ ᠬᠦᠷᠬᠦ ᠲᠡᠮᠦᠷ ᠵᠠᠮ ᠤᠨ ᠪᠣᠷᠣᠬᠤᠲᠠ ᠶᠢᠨ | ᠠᠶᠠᠨᠴᠢᠳ ᠤᠨ ᠲᠡᠭᠡᠭᠡᠪᠦᠷᠢ ᠶᠢᠨ ᠥᠷᠲᠡᠭᠡ ᠶᠢᠨ ᠲᠡᠷᠭᠡ ᠨᠡᠪᠲᠡᠷᠡᠬᠦ ᠶᠢ ᠪᠠᠲᠤᠯᠠᠨ᠂ ᠤᠯᠤᠰ ᠤᠨ ᠲᠠᠰ ᠤᠨ ︽ | ᠳᠥᠷᠪᠡᠨ ᠰᠠᠶᠢᠨ ᠲᠠᠢ ᠬᠥᠳᠡᠭᠡ ᠲᠣᠰᠬᠤᠨ ᠤ ᠵᠠᠮ︾ ᠤᠨ ᠵᠢᠱᠢᠶ᠎ᠡ ᠦᠵᠡᠭᠦᠯᠬᠦ ᠬᠤᠰᠢᠭᠤ ᠶᠢ ᠢᠳᠡᠪᠬᠢᠲᠡᠶ ᠪᠠᠷ | ᠴᠢᠷᠮᠠᠶᠢᠨ ᠪᠠᠶᠢᠭᠤᠯᠤᠨ᠎ᠠ᠃ 10 ᠺᠢᠯᠤᠸᠤᠯᠲ ᠵᠢᠴᠢ ᠲᠡᠭᠦᠨ ᠠᠴᠠ ᠲᠤᠷᠤᠭᠰᠢ ᠬᠦᠳᠡᠭᠡ ᠲᠤᠰᠬᠤᠨ ᠤ ᠴᠠᠬᠢᠯᠭᠠᠨ | ᠲᠤᠤᠷᠵᠢᠯ ᠤᠨ ᠢᠨᠵᠧᠨᠧᠷᠢᠩ ᠢ ᠲᠦᠷᠭᠡᠳᠭᠡᠨ ᠪᠠᠶᠢᠭᠤᠯᠵᠤ᠂ ᠰᠢᠷᠠᠮᠦ᠋ᠷᠡᠨ ᠤ 220 ᠺᠢᠯᠤᠸᠤᠯᠲ ᠤᠨ ᠴᠠᠬᠢᠯᠭᠠᠨ | ᠦᠭᠡᠷᠡᠴᠢᠯᠡᠬᠦ ᠥᠷᠲᠡᠭᠡ ᠶᠢ ᠪᠠᠶᠢᠭᠤᠯᠤᠨ ᠳᠠᠭᠤᠰᠬᠠᠵᠤ ᠠᠰᠢᠭᠯᠠᠯᠲᠠ ᠳᠤ ᠣᠷᠣᠭᠤᠯᠬᠤ ᠪᠠᠷ ᠴᠢᠷᠮᠠᠶᠢᠵᠤ᠂ | ᠴᠢᠥᠸᠠᠨ ᠨᠢᠩ᠂ ᠰᠢᠶᠠᠩ ᠱᠦᠢ ᠶᠢᠨ 66 ᠺᠢᠯᠤᠸᠤᠯᠲ ᠤᠨ ᠴᠠᠬᠢᠯᠭᠠᠨ ᠬᠦᠷᠭᠡᠨ ᠦᠭᠡᠷᠡᠴᠢᠯᠡᠬᠦ ᠲᠥᠷᠥᠯ | ᠵᠦᠢᠯ ᠢ ᠠᠵᠢᠯ ᠡᠬᠢᠯᠡᠭᠦᠯᠦᠨ ᠪᠦᠲᠦᠭᠡᠨ ᠪᠠᠶᠢᠭᠤᠯᠬᠤ ᠶᠢ ᠠᠬᠢᠭᠤᠯᠤᠨ᠎ᠠ᠃ ᠰᠢᠷᠠᠮᠦ᠋ᠷᠡᠨ ᠤ ᠦᠶᠡᠷ ᠢ ᠰᠡᠷᠭᠡᠶᠢᠯᠡᠨ | ᠵᠠᠰᠠᠬᠤ᠂ ᠬᠠᠶᠢᠯᠠᠰᠤ ᠶᠢᠨ ᠤᠰᠤᠨ ᠠᠰᠢᠬᠯᠠᠯᠲᠠ ᠶᠢᠨ ᠭᠤᠤᠯ ᠬᠥᠢᠰᠥᠨ ᠪᠠᠷᠢᠯᠭ᠎ᠠ ᠶᠢᠨ ᠠᠶᠤᠯ ᠢ ᠠᠷᠢᠯᠭᠠᠨ | ᠪᠠᠬᠢᠵᠡᠭᠦᠯᠬᠦ᠂ ᠭᠤᠤᠯ ᠭᠤᠷᠤᠬ᠎ᠠ ᠶᠢ ᠴᠡᠪᠡᠷᠯᠡᠨ ᠵᠠᠰᠠᠬᠤ ᠵᠡᠷᠭᠡ ᠲᠦᠷᠦᠯ ᠵᠦᠢᠯ ᠢ ᠰᠠᠶᠢᠲᠤᠷ ᠬᠡᠷᠡᠭᠵᠢᠭᠦᠯᠦᠨ᠎ᠡ | ᠭᠡᠵᠡᠢ᠃ | | |