| | 2 ᠰᠠᠷ᠎ᠠ ᠶᠢᠨ 20 ᠤ ᠡᠳᠦᠷ᠂ ᠬᠤᠰᠢᠭᠤᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠰᠢᠭᠤᠨ | ᠳᠠᠷᠤᠭ᠎ᠠ ᠮᠠ ᠶᠦᠩ ᠭᠠᠩ ᠬᠤᠰᠢᠭᠤᠨ ᠤ ᠵᠠᠰᠠᠭ ᠤᠨ ᠣᠷᠳᠣᠨ ᠤ 2025 ᠣᠨ ᠤ ᠬᠤᠶᠠᠳᠤᠭᠠᠷ ᠤᠳᠠᠭᠠᠨ ᠤ | ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠪᠠ ᠃ ᠭᠤᠤ ᠶᠦᠩ ᠡᠤ᠂ ᠳ᠋ᠦᠩ ᠵᠢᠦ ᠪᠢᠩ᠂ ᠴᠠᠭᠠᠨᠪᠠᠭᠠᠲᠤᠷ | ᠂ ᠯᠢ ᠬᠤᠶ᠂ ᠸᠠᠩ ᠶᠦᠩ ᠯᠢ᠂ ᠳᠤᠪᠳᠤᠨᠰᠡᠩᠭᠡ᠂ ᠵᠠᠩ ᠴᠢᠶᠠᠩ ᠵᠡᠷᠭᠡ ᠤᠳᠤᠷᠢᠳᠤᠯᠭ᠎ᠠ ᠬᠤᠷᠠᠯ ᠳᠤ ᠣᠷᠣᠯᠴᠠᠵᠠᠶ | ᠃ | ᠬᠤᠷᠠᠯ ᠳᠡᠭᠡᠷ᠎ᠡ ᠰᠢ ᠶᠢᠨ ᠫᠢᠩ ᠶᠠᠷᠥᠩᠬᠡᠢ ᠱᠦᠵᠢ ᠶᠢᠨ ᠠᠷᠠᠳ ᠤᠨ ᠡᠵᠡᠩᠨᠡᠯᠳᠥ ᠠᠵᠤ ᠠᠬᠤᠶᠢᠯᠠᠯ ᠤᠨ | ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠤᠷᠢᠭ ᠰᠠᠨᠠᠭ᠎ᠠ ᠪᠤᠯᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ | ᠣᠷᠣᠨ᠂ ᠤᠯᠠᠭᠠᠨᠬᠠᠳᠠ ᠬᠤᠲᠠ ᠶᠢᠨ ᠬᠤᠯᠪᠣᠭᠳᠠᠯ ᠪᠥᠬᠦᠶ ᠬᠤᠷᠠᠯ ᠪᠠ ᠮᠡᠳᠡᠭᠳᠡᠯ ᠤᠨ ᠵᠣᠷᠢᠭ ᠰᠠᠨᠠᠭ᠎ᠠ ᠶᠢ | ᠤᠯᠠᠮᠵᠢᠯᠠᠨ ᠰᠤᠷᠤᠯᠴᠠᠵᠤ᠂ ᠣᠩᠨᠢᠭᠤᠳ ᠬᠤᠰᠢᠭᠤᠨ ᠤ ᠤᠯᠠᠭᠠᠨᠬᠠᠳᠠ ᠬᠤᠲᠠ ᠶᠢᠨ ︽ᠠᠷᠪᠠᠨ ᠶᠡᠭᠡ ᠠᠵᠢᠯᠯᠠᠭ᠎ᠠ︾ | ᠶᠢ ᠬᠡᠷᠡᠭᠵᠢᠭᠦᠯᠬᠦ ᠲᠥᠰᠦᠯ ᠵᠢᠴᠢ ᠡᠭᠦᠷᠭᠡ ᠶᠢᠨ ᠨᠠᠷᠢᠨ ᠲᠠᠩᠰᠠ ᠶᠢ ᠰᠤᠳᠤᠯᠵᠤ᠂ ︽ᠣᠩᠨᠢᠭᠤᠳ ᠬᠤᠰᠢᠭᠤᠨ ᠤ | ᠠᠮᠢᠳᠤᠷᠠᠯ ᠤᠨ ᠳᠤᠤᠷ᠎ᠠ ᠪᠠᠲᠤᠯᠠᠭ᠎ᠠ ᠬᠦᠷᠲᠡᠬᠦ ᠡᠲᠡᠭᠡᠳ ᠢ ᠶᠡᠷᠦᠩᠬᠡᠶᠢᠯᠡᠨ ᠮᠠᠭᠠᠳᠯᠠᠨ ᠲᠣᠭᠲᠠᠭᠠᠬᠤ ᠲᠥᠰᠦᠯ︾ ᠂ | ︽ᠣᠩᠨᠢᠭᠤᠳ ᠬᠤᠰᠢᠭᠤᠨ ᠤ ᠲᠦᠷ ᠴᠠᠭ ᠤᠨ ᠠᠪᠤᠷᠠᠨ ᠲᠤᠰᠠᠯᠠᠬᠤ ᠬᠠᠮᠢᠶᠠᠷᠤᠯᠲᠠ ᠶᠢᠨ ᠠᠷᠭ᠎ᠠ︾ ᠵᠡᠷᠭᠡ ᠵᠦᠢᠯ | ᠢ ᠰᠣᠳᠣᠯᠣᠨ ᠶᠠᠷᠢᠯᠴᠠᠪᠠ᠃ | ᠬᠤᠷᠠᠯ ᠠᠴᠠ ᠴᠢᠬᠤᠯᠠᠴᠢᠯᠠᠭᠰᠠᠨ ᠨᠢ᠂ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ ᠤᠨ ᠬᠢᠨ ︽ᠠᠷᠪᠠᠨ | ᠶᠡᠭᠡ ᠠᠵᠢᠯᠯᠠᠭ᠎ᠠ︾ ᠶᠢᠨ ᠴᠢᠬᠤᠯᠠ ᠠᠴᠢ ᠬᠤᠯᠪᠣᠭᠳᠠᠯ ᠢ ᠭᠦᠢᠴᠡᠳ ᠲᠠᠨᠢᠵᠤ᠂ ᠬᠤᠲᠠ ᠶᠢᠨ ᠨᠠᠮ ᠤᠨ ᠬᠤᠷᠢᠶ᠎ᠠ | ᠵᠠᠰᠠᠭ ᠤᠨ ᠣᠷᠳᠣᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂ | ︽ᠬᠡᠷᠡᠭᠵᠢᠭᠦᠯᠬᠦ ᠲᠥᠰᠦᠯ︾ ᠪᠠ ︽ᠡᠭᠦᠷᠭᠡ ᠶᠢᠨ ᠨᠠᠷᠢᠨ ᠲᠠᠩᠰᠠ︾ ᠶᠣᠰᠣᠭᠠᠷ᠂ ᠠᠷᠭ᠎ᠠ ᠬᠡᠮᠵᠢᠶ᠎ᠡ ᠪᠠᠨ | ᠨᠠᠷᠢᠯᠢᠭᠵᠢᠭᠤᠯᠤᠨ᠂ ᠬᠠᠷᠢᠭᠤᠴᠠᠯᠭ᠎ᠠ ᠪᠠᠨ ᠪᠣᠳᠠᠲᠠᠶᠢᠵᠢᠭᠤᠯᠵᠤ᠂ ᠬᠤᠷᠳᠤᠨ ᠲᠦᠷᠭᠡᠨ ᠠᠵᠢᠯᠯᠠᠨ᠂ ︽ᠠᠷᠪᠠᠨ | ᠶᠡᠭᠡ ᠠᠵᠢᠯᠯᠠᠭ᠎ᠠ︾ ᠶᠢᠨ ᠯᠠᠪᠳᠠᠭᠤᠨ ᠪᠠᠲᠤᠲᠠᠶ ᠦᠷ᠎ᠡ ᠪᠦᠲᠦᠮᠵᠢ ᠤᠯᠬᠤ ᠶᠢ ᠪᠠᠲᠤᠯᠠᠬᠤ ᠬᠡᠷᠡᠭᠲᠡᠶ ᠭᠡᠵᠡᠢ᠃ | ᠬᠤᠷᠠᠯ ᠠᠴᠠ᠂ ︽ᠠᠷᠪᠠᠨ ᠶᠡᠭᠡ ᠠᠵᠢᠯᠯᠠᠭ᠎ᠠ︾ ᠶᠢ ᠪᠣᠳᠠᠲᠠᠢ ᠲᠦᠷᠦᠯ ᠵᠦᠢᠯ ᠨᠢᠭᠡᠪᠦᠷᠢ ᠳᠤ ᠢᠯᠡᠷᠡᠭᠦᠯᠬᠦ | ᠪᠠ ᠨᠠᠶᠢᠳᠠᠪᠤᠷᠢᠵᠢᠭᠤᠯᠵᠤ᠂ ᠪᠦᠬᠦ ᠵᠢᠯ ᠳᠤ ᠬᠡᠷᠡᠭᠵᠢᠭᠦᠯᠥᠭᠳᠡᠬᠦ 60 ᠭᠤᠣᠯᠳᠠᠯᠭ᠎ᠠ ᠲᠠᠢ ᠲᠦᠷᠦᠯ ᠵᠦᠢᠯ ᠤᠨ | ᠪᠠᠲᠤᠯᠠᠭ᠎ᠠ ᠶᠢᠨ ᠲᠣᠭᠲᠠᠴᠠ ᠶᠢ ᠲᠡᠭᠦᠯᠳᠡᠷᠵᠢᠭᠦᠯᠵᠦ᠂ ᠭᠠᠷ ᠭᠦᠢᠴᠡᠳᠬᠡᠯ ᠢ ᠲᠦᠷᠭᠡᠨ ᠭᠦᠢᠴᠡᠳᠬᠡᠵᠦ᠂ ᠮᠦᠷᠳᠡᠬᠦ | ᠂ ᠵᠤᠬᠢᠴᠠᠭᠤᠯᠬᠤ᠂ ᠲᠤᠬᠢᠷᠠᠭᠤᠯᠬᠤ᠂ ᠬᠢᠨᠠᠯᠲᠠ ᠲᠠᠯᠪᠢᠬᠤ᠂ ᠦᠢᠯᠡᠴᠢᠯᠡᠬᠦ ᠠᠵᠢᠯ ᠢ ᠪᠦᠬᠦ ᠶᠠᠪᠤᠴᠠ ᠳᠤ | ᠳᠤᠭᠤᠰᠢᠯᠠᠭᠤᠯᠤᠨ᠂ ᠭᠤᠣᠯᠳᠠᠯᠭ᠎ᠠ ᠲᠠᠢ ᠲᠦᠷᠦᠯ ᠵᠦᠢᠯ ᠢ ᠨᠠᠶᠢᠳᠠᠪᠤᠷᠢᠵᠢᠭᠤᠯᠤᠨ ᠠᠵᠢᠯ ᠡᠬᠢᠯᠡᠭᠦᠯᠵᠦ᠂ | ᠠᠰᠢᠭᠯᠠᠯᠲᠠ ᠳᠤ ᠣᠷᠣᠭᠤᠯᠤᠨ ᠦᠷ᠎ᠡ ᠪᠦᠲᠦᠮᠵᠢ ᠤᠯᠬᠤ ᠶᠢ ᠲᠦᠷᠭᠡᠳᠬᠡᠨ ᠠᠬᠢᠭᠤᠯᠬᠤ ᠬᠡᠷᠡᠭᠲᠡᠢ᠃ ᠲᠦᠷᠦᠯ | ᠵᠦᠢᠯ ᠢ ᠲᠥᠰᠦᠪᠯᠡᠨ ᠨᠥᠭᠡᠴᠡᠯᠡᠬᠦ ᠶᠢ ᠪᠣᠳᠠᠲᠠᠢ ᠨᠠᠷᠢᠯᠢᠭ ᠬᠢᠵᠦ᠂ ᠲᠠᠷᠢᠶᠠᠯᠠᠩ ᠮᠠᠯ ᠠᠵᠤ ᠠᠬᠤᠢ᠂ ᠰᠢᠨ᠎ᠡ | ᠡᠨᠧᠷᠭᠢ ᠶᠢ ᠨᠡᠭᠡᠭᠡᠨ ᠬᠥᠭᠵᠢᠭᠦᠯᠬᠦ ᠪᠠ ᠰᠢᠩᠭᠡᠭᠡᠨ ᠠᠪᠴᠤ ᠠᠰᠢᠭᠯᠠᠬᠤ᠂ ᠲᠡᠮᠦᠷᠯᠢᠭ ᠪᠣᠯᠪᠠᠰᠤᠷᠠᠭᠤᠯᠬᠤ᠂ ᠰᠢᠨ᠎ᠡ | ᠮᠠᠲ᠋ᠧᠷᠢᠶᠠᠯ ᠢ ᠦᠢᠯᠡᠳᠬᠦ᠂ ᠲᠣᠨᠣᠭᠯᠠᠯ ᠦᠢᠯᠡᠳᠬᠦ᠂ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠢ ᠨᠡᠶᠢᠳᠬᠡᠨ | ᠨᠡᠭᠡᠭᠡᠨ ᠬᠥᠭᠵᠢᠭᠦᠯᠬᠦ᠂ ᠲᠠᠷᠢᠶᠠᠯᠠᠩ ᠮᠠᠯᠵᠢᠯ ᠤᠨ ᠠᠰᠢᠭ ᠰᠢᠮ᠎ᠡ ᠶᠢᠨ ᠪᠦᠲᠥᠭᠡᠭᠳᠡᠬᠦᠨ ᠢ ᠨᠠᠷᠢᠯᠢᠭ ᠡᠳ᠋ᠰᠢᠭᠦᠯᠬᠦ᠂ | ᠰᠣᠶᠣᠯ ᠵᠢᠭᠤᠯᠴᠢᠯᠠᠯ᠂ ᠠᠷᠠᠯᠵᠢᠶ᠎ᠠ ᠬᠤᠳᠠᠯᠳᠤᠭ᠎ᠠ ᠪᠠᠷᠠᠭᠠᠨ ᠤ ᠭᠦᠢᠯᠭᠡᠭᠡ ᠵᠡᠷᠭᠡ ᠬᠦᠷᠢᠶᠡᠨ ᠤ ᠲᠣᠭᠤᠷᠢᠨ ᠳᠤ᠂ | ᠨᠢᠭᠡ ᠪᠦᠯᠦᠭ ᠰᠠᠭᠤᠷᠢᠯᠠᠬᠤ ᠴᠢᠨᠠᠷᠳᠠᠢ᠂ ᠠᠯᠤᠰ ᠬᠡᠳᠦ ᠳᠤ ᠠᠰᠢᠭᠲᠠᠢ ᠲᠤᠮᠤ ᠲᠦᠷᠦᠯ ᠵᠦᠢᠯ᠂ ᠰᠠᠶᠢᠨ ᠲᠦᠷᠦᠯ | ᠵᠦᠢᠯ ᠢ ᠰᠢᠨᠵᠢᠯᠡᠬᠦ ᠤᠬᠠᠭᠠᠨᠴᠢ ᠪᠠᠷ ᠰᠢᠰᠲ᠋ᠧᠮ ᠲᠠᠢ ᠲᠥᠯᠥᠪᠵᠢᠭᠦᠯᠬᠦ ᠬᠡᠷᠡᠭᠲᠡᠢ᠃ ᠲᠦᠷᠦ ᠶᠢᠨ ᠪᠤᠳᠤᠯᠭ᠎ᠠ ᠶᠢᠨ | ᠤᠳᠤᠷᠢᠳᠤᠮᠵᠢ ᠪᠠ ᠪᠡᠯᠡ ᠮᠥᠩᠭᠦᠨ ᠤ ᠣᠷᠣᠭᠤᠯᠤᠯᠲᠠ ᠶᠢᠨ ᠬᠠᠨᠳᠤᠰᠢ ᠶᠢ ᠴᠢᠩᠭ᠎ᠠ ᠠᠩᠬᠠᠷᠴᠤ᠂ ᠨᠡᠩ ᠤᠯᠠᠨ | ᠲᠦᠷᠦᠯ ᠵᠦᠢᠯ ᠤᠨ ᠪᠡᠯᠡ ᠮᠥᠩᠭᠦᠨ ᠤ ᠳᠡᠮᠵᠢᠯᠭᠡ ᠶᠢ ᠤᠯᠬᠤ ᠪᠠᠷ ᠢᠳᠡᠪᠬᠢᠲᠡᠢ ᠴᠢᠷᠮᠠᠶᠢᠵᠤ᠂ ︽ᠠᠷᠪᠠᠨ ᠶᠡᠭᠡ | ᠠᠵᠢᠯᠯᠠᠭ᠎ᠠ︾ ᠶᠢ ᠰᠠᠶᠢᠲᠤᠷ ᠨᠠᠶᠢᠳᠠᠪᠤᠷᠢᠵᠢᠭᠤᠯᠬᠤ ᠳᠤ ᠰᠢᠨ᠎ᠡ ᠬᠥᠳᠡᠯᠭᠡᠬᠦ ᠬᠦᠴᠦᠨ ᠨᠡᠮᠡᠷᠢᠯᠡᠬᠦ ᠬᠡᠷᠡᠭᠲᠡᠢ ᠭᠡᠵᠡᠢ᠃ | ᠬᠤᠷᠠᠯ ᠠᠴᠠ ᠵᠢᠭᠠᠵᠤ ᠭᠠᠷᠭᠠᠭᠰᠠᠨ ᠨᠢ᠂ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ ᠤᠳ ᠪᠠᠷᠢᠮᠵᠢᠶ᠎ᠠ | ᠱᠤᠭᠤᠮ ᠢ ᠴᠢᠩᠭ᠎ᠠ ᠡᠵᠡᠮᠳᠡᠵᠦ᠂ ᠳᠤᠤᠷ᠎ᠠ ᠪᠠᠲᠤᠯᠠᠭ᠎ᠠ ᠶᠢᠨ ᠡᠲᠡᠭᠡᠳ ᠤᠨ ᠬᠥᠳᠡᠯᠦᠩᠭᠦᠶ ᠬᠠᠮᠢᠶᠠᠷᠤᠯᠲᠠ ᠶᠢ | ᠴᠢᠩᠭᠠᠳᠬᠠᠵᠤ᠂ ᠨᠠᠷᠢᠯᠢᠭ ᠣᠨᠣᠴᠠᠲᠠᠶ ᠪᠠᠷ ᠢᠯᠭᠠᠨ ᠲᠠᠨᠢᠬᠤ᠂ ᠢᠯᠡ ᠲᠣᠳᠣ ᠲᠥᠪ ᠭᠤᠤᠯᠴᠢ ᠪᠠᠶᠢᠬᠤ᠂ | ᠲᠣᠭᠲᠠᠮᠠᠯ ᠬᠤᠭᠤᠴᠠᠭ᠎ᠠ ᠲᠠᠢ ᠪᠠᠷ ᠳᠠᠬᠢᠨ ᠬᠢᠨᠠᠬᠤ ᠶᠢ ᠪᠠᠷᠢᠮᠲᠠᠯᠠᠵᠤ᠂ ᠳᠠᠪᠬᠤᠴᠠᠬᠤ᠂ ᠭᠡᠭᠡᠭᠳᠡᠬᠦ᠂ | ᠪᠤᠷᠤᠭᠤᠳᠠᠬᠤ ᠶᠢ ᠰᠡᠷᠭᠡᠶᠢᠯᠡᠵᠦ᠂ ᠨᠥᠬᠦᠴᠡᠯ ᠳᠤ ᠨᠡᠶᠢᠴᠡᠬᠦ ᠳᠤᠤᠷ᠎ᠠ ᠪᠠᠲᠤᠯᠠᠭ᠎ᠠ ᠬᠦᠷᠲᠡᠬᠦ ᠡᠲᠡᠭᠡᠳ ᠢ ᠪᠠᠲᠤᠯᠠᠬᠤ | ᠶᠣᠰᠣᠲᠠᠶ ᠶᠢ ᠨᠢ ᠪᠦᠬᠦᠨ ᠢ ᠪᠠᠲᠤᠯᠠᠬᠤ ᠬᠡᠷᠡᠭᠳᠡᠢ ᠭᠡᠵᠡᠢ᠃ | ᠬᠤᠷᠠᠯ ᠠᠴᠠ ᠪᠠᠰᠠ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠢᠨ ᠲᠠᠰ ᠳᠠᠷᠠᠭᠠᠯᠠᠯ ᠶᠣᠰᠣᠭᠠᠷ | ᠡᠮᠴᠢᠯᠡᠭᠡᠨ ᠤ ᠲᠥᠷᠥᠯ ᠵᠦᠢᠯ ᠪᠠᠶᠢᠭᠤᠯᠬᠤ᠂ ᠬᠢᠨᠠᠨ ᠦᠨᠡᠯᠡᠬᠦ᠂ ᠳᠠᠭᠠᠭᠠᠴᠢᠯᠠᠯᠲᠠ ᠵᠠᠷᠯᠠᠬᠤ᠂ ᠬᠡᠷᠡᠭᠵᠢᠭᠦᠯᠬᠦ | ᠵᠡᠷᠭᠡ ᠠᠵᠢᠯ ᠢ ᠲᠦᠷᠭᠡᠳᠬᠡᠨ ᠰᠠᠶᠢᠲᠤᠷ ᠬᠢᠵᠦ᠂ ᠡᠮᠴᠢᠯᠡᠭᠡᠨ ᠤ ᠬᠠᠮᠲᠤ ᠶᠢᠨ ᠴᠣᠭᠴᠠ ᠶᠢᠨ ᠮᠡᠳᠡᠭᠡ | ᠵᠠᠩᠭᠢᠵᠢᠯᠲᠠ ᠶᠢᠨ ᠲᠥᠷᠥᠯ ᠵᠦᠶ᠋ᠯ ᠢ ᠡᠷᠲᠡᠬᠡᠨ ᠪᠠᠶᠢᠭᠤᠯᠤᠨ ᠠᠰᠢᠭᠯᠠᠯᠲᠠ ᠳᠤ ᠣᠷᠣᠭᠤᠯᠬᠤ ᠶᠢ ᠪᠠᠲᠤᠯᠠᠵᠤ᠂ | ᠡᠮᠴᠢᠯᠡᠭᠡᠨ ᠤ ᠡᠬᠢ ᠪᠠᠶᠠᠯᠢᠭ ᠢ ᠡᠮᠬᠢᠯᠡᠨ ᠨᠡᠶᠢᠯᠡᠭᠦᠯᠬᠦ ᠶᠢ ᠠᠬᠢᠭᠤᠯᠬᠤ᠂ ᠦᠢᠯᠡᠴᠢᠯᠡᠭᠡᠨ ᠤ ᠶᠠᠰᠤ ᠴᠢᠨᠠᠷ ᠦᠷ᠎ᠡ | ᠪᠦᠲᠦᠮᠵᠢ ᠶᠢ ᠳᠡᠭᠡᠭᠰᠢᠯᠡᠭᠦᠯᠬᠦ᠂ ᠣᠯᠠᠨ ᠲᠦᠮᠡᠨ ᠤ ᠡᠪᠡᠳᠴᠢᠨ ᠦᠵᠡᠭᠦᠯᠬᠦ ᠳᠤ ᠲᠥᠬᠦᠮ ᠦᠵᠡᠭᠦᠯᠬᠦ ᠵᠡᠷᠭᠡ | ᠲᠠᠯ᠎ᠠ ᠪᠠᠷ ᠪᠠᠶᠢᠪᠠᠰᠤ ᠵᠣᠬᠢᠬᠤ ᠦᠷ᠎ᠡ ᠠᠰᠢᠭ ᠢ ᠪᠠᠳᠠᠷᠠᠭᠤᠯᠬᠤ ᠬᠡᠷᠡᠭᠳᠡᠢ ᠭᠡᠰᠡᠨ ᠪᠠᠶᠢᠨ᠎ᠠ᠃ | | |