ᠣᠩᠨᠢᠭᠤᠳ ᠬᠤᠰᠢᠭᠤ ᠣᠷᠣᠨ ᠨᠤᠲᠤᠭ ᠤᠨ ᠡᠬᠢ ᠪᠠᠶᠠᠯᠢᠭ ᠲᠠᠭᠠᠨ ᠰᠠᠭᠤᠷᠢᠯᠠᠨ ᠤᠩᠨᠢᠭᠤᠳ ᠨᠤᠳᠤᠭ ᠤᠨ ᠢᠶᠠᠨ ᠤᠨᠴᠠᠯᠢᠭᠲᠤ ᠠᠵᠤ ᠦᠢᠯᠡᠰ ᠢ ᠬᠥᠭᠵᠢᠭᠦᠯᠵᠦ ᠪᠠᠶᠢᠨ᠎ᠠ
ᠨᠡᠶᠢᠲᠡᠯᠡᠭᠰᠡᠨ ᠴᠠᠭ᠄
2025/2/25
     ᠣᠶᠢᠷ᠎ᠠ ᠳᠤ᠂ ᠮᠠᠨ ᠤ ᠬᠤᠰᠢᠭᠤ ︽ᠳᠡᠯᠡᠬᠡᠶ ᠳᠡᠭᠡᠷᠡᠬᠢ ᠣᠶᠢᠵᠢᠭᠤᠯᠤᠯᠲᠠ ᠶᠢᠨ ᠲᠠᠯᠠᠪᠠᠶ ᠪᠠᠷ ᠬᠠᠮᠤᠭ ᠤᠨ ᠶᠡᠭᠡ ᠰᠧᠨᠳᠡᠩ ᠮᠤᠳᠤᠨ ᠰᠠᠭᠤᠷᠢᠨ ᠭᠠᠵᠠᠷ︾ ᠭᠡᠰᠡᠨ ᠨᠡᠷ᠎ᠡ ᠳᠤ ᠪᠠᠨ ᠲᠦᠰᠢᠭᠯᠡᠨ᠂ ︽ᠰᠧᠨᠳᠡᠩ ᠮᠤᠳᠤᠨ︾ ᠰᠣᠶᠣᠯ ᠤᠨ ᠨᠠᠷᠠᠲᠤ ᠲᠡᠮᠳᠡᠭᠲᠦ ᠶᠢ ᠭᠦᠨ ᠠᠭᠤᠳᠠᠯᠵᠤ᠂ ᠡᠬᠡ ᠪᠠᠶᠢᠭᠠᠯᠢ᠂ ᠰᠤᠶᠤᠯ ᠵᠢᠭᠤᠯᠴᠢᠯᠠᠯ᠂ ᠰᠤᠷᠭᠠᠨ ᠬᠥᠮᠦᠵᠢᠯ᠂ ᠰᠢᠨᠵᠢᠯᠡᠬᠦ ᠮᠡᠷᠭᠡᠵᠢᠯ ᠤᠨ ᠲᠦᠭᠡᠮᠡᠯᠵᠢᠯ ᠵᠡᠷᠭᠡ ᠶᠢᠨ ᠠᠭᠤᠰᠤᠯᠴᠠᠨ ᠬᠥᠭᠵᠢᠬᠦ ᠶᠢ ᠠᠬᠢᠭᠤᠯᠵᠤ᠂ ᠣᠨᠴᠠᠯᠢᠭᠲᠤ ᠣᠶ ᠶᠢᠨ ᠵᠢᠮᠢᠰ ᠤᠨ ᠠᠵᠤ ᠦᠢᠯᠡᠰ ᠤᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠪᠡ᠃      ᠣᠶᠢᠷ᠎ᠠ ᠶᠢᠨ ᠵᠢᠯ ᠳᠤ᠂ ᠣᠩᠨᠢᠭᠤᠳ ᠬᠤᠰᠢᠭᠤ ᠣᠷᠣᠨ ᠨᠤᠲᠤᠭ ᠤᠨ ᠡᠬᠢ ᠪᠠᠶᠠᠯᠢᠭ ᠲᠠᠭᠠᠨ ᠰᠠᠭᠤᠷᠢᠯᠠᠨ᠂ ᠤᠯᠠᠮᠵᠢᠯᠠᠯᠲᠤ ᠣᠶ ᠰᠢᠭᠤᠶ ᠡᠪᠡᠰᠦ ᠪᠡᠯᠴᠢᠭᠡᠷ ᠤᠨ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠶᠢ ᠲᠦᠷᠭᠡᠳᠬᠡᠵᠦ᠂ ᠰᠡᠩᠳᠡᠩ ᠮᠣᠳᠤᠨ ᠠᠮᠢ ᠠᠬᠤᠶ ᠶᠢᠨ ᠠᠵᠤ ᠦᠢᠯᠡᠰ ᠤᠨ ᠵᠢᠱᠢᠶ᠎ᠡ ᠦᠵᠡᠭᠦᠯᠬᠦ ᠰᠠᠭᠤᠷᠢᠨ ᠭᠠᠵᠠᠷ᠂ ᠠᠵᠤ ᠦᠢᠯᠡᠳᠪᠦᠷᠢᠵᠢᠭᠰᠡᠨ ᠴᠢᠬᠢ ᠪᠤᠶᠢᠵᠢᠭᠤᠯᠬᠤ ᠵᠢᠱᠢᠶ᠎ᠡ ᠦᠵᠡᠭᠦᠯᠬᠦ ᠰᠠᠭᠤᠷᠢᠨ ᠭᠠᠵᠠᠷ ᠪᠤᠯᠤᠨ ᠥᠨᠳᠥᠷ ᠪᠠᠷᠢᠮᠵᠢᠶᠠᠲᠤ ᠳᠠᠷᠢᠵᠤ ᠪᠤᠶᠢᠵᠢᠭᠤᠯᠬᠤ ᠵᠢᠱᠢᠶ᠎ᠡ ᠦᠵᠡᠭᠦᠯᠬᠦ ᠰᠠᠭᠤᠷᠢᠨ ᠭᠠᠵᠠᠷ ᠢ ᠲᠥᠪᠯᠡᠷᠡᠭᠦᠯᠦᠨ ᠬᠥᠭᠵᠢᠭᠦᠯᠵᠦ᠂ ᠤᠳᠤᠬᠠᠨ ᠳᠤ ᠪᠥᠬᠦ ᠬᠤᠰᠢᠭᠤᠨ ᠤ ᠰᠧᠨᠳᠡᠩ ᠮᠤᠳᠤᠨ ᠲᠠᠷᠢᠮᠠᠯ ᠤᠨ ᠲᠠᠯᠠᠪᠠᠶ 20 ᠲᠦᠮᠡᠨ ᠮᠥ ᠳᠤ ᠬᠦᠷᠴᠦ᠂ ᠰᠧᠨᠳᠡᠩ ᠮᠤᠳᠤᠨ ᠦᠷ᠎ᠡ ᠶᠢᠨ ᠵᠢᠯ ᠤᠨ ᠭᠠᠷᠤᠯᠲᠠ 15 ᠲᠦᠮᠡᠨ ᠺᠢᠯᠣᠭ᠍ᠷᠠᠮ ᠳᠤ ᠬᠦᠷᠦᠭᠰᠡᠨ ᠪᠠᠶᠢᠨ᠎ᠠ᠃       2024 ᠣᠨ ᠤ 12 ᠰᠠᠷ᠎ᠠ ᠳᠤ ᠤᠯᠠᠭᠠᠨᠬᠠᠳᠠ ᠶᠢᠨ ᠪᠧᠢ ᠹᠠᠩ ᠯᠢᠶᠠᠩ ᠽᠠᠩ ᠲᠠᠷᠢᠶᠠᠯᠠᠩ ᠤᠨ ᠰᠢᠨᠵᠢᠯᠡᠭᠡ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠦᠢᠯᠡᠳᠪᠦᠷᠢᠯᠡᠭᠰᠡᠨ ᠰᠧᠨᠳᠡᠩ ᠮᠤᠳᠤᠨ ᠴᠡᠴᠡᠭ ᠤᠨ ᠴᠠᠢ 2024 ᠣᠨ ᠤ ᠳᠡᠯᠡᠬᠡᠶ ᠶᠢᠨ ᠣᠶ ᠮᠤᠳᠤᠨ ᠤ ᠪᠦᠲᠦᠭᠡᠭᠳᠡᠬᠦᠨ ᠤ ᠦᠵᠡᠭᠦᠯᠭᠡ ᠶᠢᠨ ᠠᠯᠲᠠᠨ ᠮᠧᠳᠠᠯ ᠢ ᠭᠥᠷᠳᠡᠪᠡ᠃ ᠡᠨᠡ ᠬᠦ ᠣᠨᠴᠠᠯᠢᠭᠲᠤ ᠡᠬᠢ ᠪᠠᠶᠠᠯᠢᠭ ᠤᠨ ᠳᠠᠪᠠᠭᠤᠯᠢᠭ ᠲᠤ ᠪᠠᠨ ᠰᠠᠭᠤᠷᠢᠯᠠᠨ᠂ ᠬᠤᠰᠢᠭᠤᠨ ᠨᠠᠮ ᠤᠨ ᠬᠤᠷᠢᠶ᠎ᠠ ᠵᠠᠰᠠᠭ ᠤᠨ ᠣᠷᠳᠣᠨ ᠰᠧᠨᠳᠡᠩ ᠮᠤᠳᠤᠨ ᠠᠵᠤ ᠦᠢᠯᠡᠰ ᠤᠨ ᠬᠥᠭᠵᠢᠯᠲᠡ ᠶᠢ ᠦᠷᠭᠦᠯᠵᠢᠯᠡᠨ ᠠᠬᠢᠭᠤᠯᠵᠤ᠂ ᠰᠧᠨᠳᠡᠩ ᠮᠤᠳᠤᠨ ᠴᠡᠴᠡᠭ ᠤᠨ ᠰᠣᠶᠣᠯ ᠵᠢᠭᠤᠯᠴᠢᠯᠠᠯ ᠢ ᠶᠡᠬᠡᠪᠡᠷ ᠬᠦᠭᠵᠢᠭᠦᠯᠦᠭᠰᠡᠨ ᠤ ᠬᠠᠮᠲᠤ ᠰᠧᠨᠳᠡᠩ ᠮᠤᠳᠤᠨ ᠴᠡᠴᠡᠭ ᠤᠨ ᠴᠠᠢ᠂ ᠰᠧᠨᠳᠡᠩ ᠮᠤᠳᠤᠨ ᠦᠷ᠎ᠡ ᠶᠢᠨ ᠲᠣᠰᠣ ᠵᠡᠷᠭᠡ ᠰᠢᠷᠢᠰ ᠪᠦᠲᠦᠭᠡᠭᠳᠡᠬᠦᠨ ᠢ ᠨᠡᠭᠡᠭᠡᠨ᠂ ᠣᠩᠨᠢᠭᠤᠳ ᠨᠤᠳᠤᠭ ᠤᠨ ᠪᠠᠰᠠ ᠨᠢᠭᠡᠨ ᠰᠣᠶᠣᠯ ᠵᠢᠭᠤᠯᠴᠢᠯᠠᠯ ᠤᠨ ᠨᠡᠷᠡᠲᠤ ᠲᠡᠮᠲᠡᠭ ᠢ ᠡᠭᠦᠳᠦᠭᠰᠡᠨ ᠪᠠᠶᠢᠨ᠎ᠠ᠃
 
ᠢᠷᠡᠯᠲᠡ᠄ ᠣᠩᠨᠢᠭᠤᠳ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号