ᠬᠤᠲᠠ ᠶᠢᠨ ᠳᠡᠳ᠋ ᠳᠠᠷᠤᠭ᠎ᠠ ᠵᠠᠩ ᠭᠦᠸᠧ  ᠬᠤᠸᠠ ᠮᠠᠨ ᠤ ᠬᠤᠰᠢᠭᠤᠨ ᠳᠤ ᠢᠷᠡᠵᠦ ᠴᠠᠭᠠᠨ ᠰᠠᠷ᠎ᠠ ᠠᠴᠠ ᠡᠮᠦᠨᠡᠬᠢ ᠲᠤᠬᠤᠨᠢᠭᠤᠯᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2025/2/5
    1 ᠰᠠᠷ᠎ᠠ ᠶᠢᠨ 17 ᠤ ᠡᠳᠦᠷ᠂ ᠬᠤᠲᠠ ᠶᠢᠨ ᠳᠡᠳ᠋ ᠳᠠᠷᠤᠭ᠎ᠠ ᠵᠠᠩ ᠭᠦᠸᠧ ᠬᠤᠸᠠ ᠮᠠᠨ ᠤ ᠬᠤᠰᠢᠭᠤᠨ ᠳᠤ ᠢᠷᠡᠵᠦ ᠴᠠᠭᠠᠨ ᠰᠠᠷ᠎ᠠ ᠠᠴᠠ ᠡᠮᠦᠨᠡᠬᠢ ᠪᠣᠯᠭᠤᠭᠠᠨ ᠲᠣᠬᠤᠨᠢᠭᠤᠯᠬᠤ ᠠᠵᠢᠯᠯᠠᠭ᠎ᠠ ᠥᠷᠨᠢᠭᠦᠯᠵᠦ᠂ ᠥᠷᠭᠡᠨ ᠣᠯᠠᠨ ᠴᠡᠷᠢᠭ ᠠᠴᠠ ᠬᠠᠯᠠᠭᠳᠠᠭᠰᠠᠳ ᠲᠤ ᠴᠠᠭᠠᠨ ᠰᠠᠷ᠎ᠠ ᠶᠢᠨ ᠮᠡᠨᠳᠦᠴᠢᠯᠡᠯ ᠳᠡᠪᠰᠢᠭᠦᠯᠪᠡ᠃     ᠵᠠᠩ ᠭᠦᠸᠧ ᠬᠤᠸᠠ ᠤᠷᠢᠳ ᠬᠤᠵᠢᠳ ᠵᠡᠮᠳᠡᠭ ᠴᠡᠷᠢᠭ ᠪᠤᠯᠤᠨ ᠡᠪᠡᠳᠴᠢᠨ ᠠᠴᠠ ᠪᠤᠯᠵᠤ ᠨᠤᠲᠤᠭ ᠲᠠᠭᠠᠨ ᠪᠤᠴᠠᠭᠰᠠᠨ ᠴᠡᠷᠢᠭ ᠠᠴᠠ ᠬᠠᠯᠠᠭᠳᠠᠭᠰᠠᠳ ᠤᠨ ᠭᠡᠷ ᠪᠦᠯᠢ ᠳᠤ ᠬᠦᠷᠴᠦ᠂ ᠲᠡᠳᠡᠨᠦᠰ ᠤᠨ ᠪᠡᠶ᠎ᠡ ᠶᠢᠨ ᠪᠠᠶᠢᠳᠠᠯ ᠪᠠ ᠠᠮᠢᠳᠤᠷᠠᠯ ᠤᠨ ᠪᠠᠶᠢᠳᠠᠯ ᠢ ᠨᠠᠷᠢᠯᠢᠭ ᠠᠰᠠᠭᠤᠨ ᠤᠶᠢᠯᠠᠭᠠᠭᠰᠠᠨ ᠤ ᠬᠠᠮᠲᠤ ᠤᠯᠤᠰ ᠤᠨ ᠪᠠᠲᠤᠯᠠᠨ ᠬᠠᠮᠠᠭᠠᠯᠠᠯᠲᠠ ᠪᠤᠯᠤᠨ ᠴᠡᠷᠢᠭ ᠠᠩᠭᠢ ᠶᠢᠨ ᠪᠥᠲᠥᠭᠡᠨ ᠪᠠᠶᠢᠭᠤᠯᠤᠯᠲᠠ ᠳᠤ ᠦᠵᠡᠭᠦᠯᠦᠭᠰᠡᠨ ᠬᠤᠪᠢ ᠨᠡᠮᠡᠷᠢ ᠳᠤ ᠭᠦᠨ ᠲᠠᠯᠠᠷᠬᠠᠵᠤ ᠪᠠᠶᠢᠬᠤ ᠪᠠᠨ ᠢᠯᠡᠳᠭᠡᠵᠡᠢ᠃ ᠵᠠᠩ ᠭᠦᠸᠧ ᠬᠤᠸᠠ ᠴᠢᠬᠤᠯᠠᠴᠢᠯᠠᠭᠰᠠᠨ ᠨᠢ ᠴᠡᠷᠢᠭ ᠠᠴᠠ ᠬᠠᠯᠠᠭᠳᠠᠭᠰᠠᠳ ᠢ ᠦᠷᠭᠦᠯᠵᠢ ᠬᠠᠶᠢᠷᠠᠯᠠᠨ ᠬᠠᠯᠠᠮᠵᠢᠯᠠᠵᠤ᠂ ᠡᠯ᠎ᠡ ᠵᠦᠢᠯ ᠤᠨ ᠠᠰᠠᠷᠠᠨ ᠬᠠᠷᠠᠭᠠᠯᠵᠠᠬᠤ ᠲᠥᠷᠥ ᠶᠢᠨ ᠪᠣᠳᠣᠯᠭ᠎ᠠ ᠶᠢ ᠰᠠᠶᠢᠲᠤᠷ ᠨᠠᠶᠢᠳᠠᠪᠤᠷᠢᠵᠢᠭᠤᠯᠤᠨ᠂ ᠨᠠᠮ ᠵᠠᠰᠠᠭ ᠤᠨ ᠬᠠᠶᠢᠷ᠎ᠠ ᠬᠠᠯᠠᠮᠵᠢ ᠶᠢ ᠬᠦᠷᠲᠡᠭᠡᠵᠦ᠂ ᠪᠦᠬᠦ ᠨᠡᠶᠢᠭᠡᠮ ᠢᠶᠠᠷ ᠢᠶᠠᠨ ᠴᠡᠷᠢᠭ ᠢ ᠬᠦᠨᠳᠦᠳᠬᠡᠨ ᠬᠠᠶᠢᠷᠠᠯᠠᠬᠤ ᠬᠡᠷᠡᠭᠲᠡᠶ ᠭᠡᠵᠡᠢ᠃     ᠬᠤᠲᠠ ᠶᠢᠨ ᠴᠡᠷᠢᠭ ᠠᠴᠠ ᠬᠠᠯᠠᠭᠳᠠᠭᠰᠠᠳ ᠤᠨ ᠶᠠᠪᠤᠳᠠᠯ ᠤᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠸᠠᠩ ᠪᠢᠩ ᠪᠤᠯᠤᠨ ᠮᠠ ᠶᠦᠩ ᠭᠠᠩ᠂ ᠵᠦ ᠴᠦᠨ ᠶᠦᠩ ᠵᠡᠷᠭᠡ ᠬᠤᠰᠢᠭᠤᠨ ᠤ ᠤᠳᠤᠷᠢᠳᠤᠯᠭ᠎ᠠ ᠲᠣᠬᠤᠨᠢᠭᠤᠯᠬᠤ ᠠᠵᠢᠯᠯᠠᠭ᠎ᠠ ᠳᠤ ᠣᠷᠣᠯᠴᠠᠵᠠᠶ᠃
 
ᠢᠷᠡᠯᠲᠡ᠄ ᠣᠩᠨᠢᠭᠤᠳ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号