| | ᠳᠤᠮᠳᠠᠳᠤ ᠤᠯᠤᠰ ᠤᠨ ᠠᠷᠠᠳ ᠤᠨ ᠤᠯᠤᠰ ᠲᠥᠷᠥ ᠶᠢᠨ ᠵᠥᠪᠯᠡᠯᠭᠡᠨ ᠤ ᠠᠷᠪᠠᠨ ᠲᠠᠪᠤᠳᠤᠭᠠᠷ | ᠬᠤᠭᠤᠴᠠᠭᠠᠨ ᠤ ᠣᠩᠨᠢᠭᠤᠳ ᠬᠤᠰᠢᠭᠤᠨ ᠤ ᠵᠦᠪᠯᠡᠯ ᠤᠨ ᠳᠥᠷᠪᠡᠳᠦᠭᠡᠷ ᠬᠤᠷᠠᠯᠳᠤᠭᠠᠨ 1 ᠰᠠᠷ᠎ᠠ ᠶᠢᠨ 19 ᠤ | ᠡᠳᠦᠷ ᠤᠨ ᠦᠳᠡ ᠶᠢᠨ ᠡᠮᠦᠨ᠎ᠡ ᠬᠤᠰᠢᠭᠤᠨ ᠤ ᠵᠠᠰᠠᠭ ᠤᠨ ᠣᠷᠳᠣᠨ ᠤ ᠶᠣᠰᠣᠯᠠᠯ ᠤᠨ ᠲᠠᠩᠬᠢᠮ ᠳᠤ ᠬᠤᠷᠠᠯᠳᠤᠨ | ᠡᠬᠢᠯᠡᠪᠡ᠃ | ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠠᠷᠪᠠᠨ ᠲᠠᠪᠤᠳᠤᠭᠠᠷ ᠬᠤᠭᠤᠴᠠᠭᠠᠨ ᠤ ᠳᠥᠷᠪᠡᠳᠦᠭᠡᠷ | ᠬᠤᠷᠠᠯᠳᠤᠭᠠᠨ ᠳᠤ ᠣᠷᠣᠯᠴᠠᠬᠤ ᠶᠣᠰᠣᠲᠠᠶ ᠭᠡᠰᠢᠭᠦᠨ 224 ᠬᠦᠮᠥᠨ᠂ ᠪᠣᠳᠠᠲᠠᠶ ᠣᠷᠣᠯᠴᠠᠭᠰᠠᠨ ᠨᠢ 189 | ᠬᠥᠮᠦᠨ ᠪᠠᠶᠢᠵᠤ᠂ ᠬᠤᠷᠠᠯ ᠡᠬᠢᠯᠡᠬᠦ ᠲᠣᠭᠲᠠᠭᠰᠠᠨ ᠬᠥᠮᠦᠨ ᠤ ᠲᠤᠭ᠎ᠠ ᠳᠤ ᠨᠡᠶᠢᠴᠡᠭᠰᠡᠨ ᠪᠠᠶᠢᠨ᠎ᠠ᠃ | ᠬᠤᠰᠢᠭᠤᠨ ᠤ ᠨᠠᠮ ᠤᠨ ᠬᠤᠷᠢᠶᠠᠨ ᠤ ᠱᠦᠵᠢ ᠮᠥᠩᠬᠡ᠂ ᠬᠤᠰᠢᠭᠤᠨ ᠤ ᠨᠠᠮ ᠤᠨ ᠬᠤᠷᠢᠶᠠᠨ ᠤ ᠳᠡᠳ᠋ | ᠱᠦᠵᠢ᠂ ᠣᠷᠣᠯᠠᠭᠴᠢ ᠬᠤᠰᠢᠭᠤᠨ ᠳᠠᠷᠤᠭ᠎ᠠ ᠮᠠ ᠶᠦᠩ ᠭᠠᠩ᠂ ᠬᠤᠰᠢᠭᠤᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠯᠢ ᠢᠦᠶ ᠲᠢᠩ | ᠲᠡᠷᠢᠭᠦᠯᠡᠭᠴᠢ ᠶᠢᠨ ᠲᠠᠶᠢᠰᠠᠨ ᠳᠤ ᠰᠠᠭᠤᠯᠴᠠᠪᠠ᠃ | ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠬᠥᠭᠵᠢᠯᠲᠦ᠂ ᠳᠡᠳ᠋ ᠲᠡᠷᠢᠭᠦᠯᠡᠭᠴᠢ ᠯᠢ | ᠶᠠᠨ᠂ ᠰᠠᠶᠢᠨᠪᠠᠲᠤ᠂ ᠶᠠᠩ ᠪᠦᠦ ᠰᠧᠨ᠂ ᠨᠠᠷᠢᠨ ᠪᠢᠴᠢᠭ ᠤᠨ ᠳᠠᠷᠤᠭ᠎ᠠ ᠸᠠᠩ ᠽᠢ ᠪᠥᠸᠧ ᠲᠡᠷᠢᠭᠦᠯᠡᠭᠴᠢ ᠶᠢᠨ | ᠲᠠᠶᠢᠰᠠᠨ ᠤ ᠡᠮᠦᠨ᠎ᠡ ᠮᠥᠷ ᠲᠤ ᠰᠠᠭᠤᠵᠤ᠂ ᠰᠦᠨ ᠮᠢᠩ ᠲᠤᠤ᠂ ᠾᠧᠦ ᠭᠦᠸᠧ ᠵᠢᠩ᠂ ᠭᠤᠤ ᠶᠦᠩ ᠡᠤ᠂ | ᠸᠠᠩ ᠵᠢᠶᠦ᠋ᠨ ᠵᠢᠶᠦ᠋ᠨ᠂ ᠬᠤ᠋ ᠹᠧᠩ ᠶᠠᠨ᠂ ᠭᠧᠩ ᠸᠧᠢ ᠳ᠋ᠦᠩ᠂ ᠵᠦ ᠴᠦᠨ ᠶᠦᠩ᠂ ᠸᠠᠩ ᠶᠢᠩ᠂ ᠳ᠋ᠦᠩ ᠵᠢᠦ | ᠪᠢᠩ ᠨᠠᠷ ᠲᠡᠷᠢᠭᠦᠯᠡᠭᠴᠢ ᠶᠢᠨ ᠲᠠᠶᠢᠰᠠᠨ ᠳᠤ ᠰᠠᠭᠤᠯᠴᠠᠭᠰᠠᠨ ᠪᠠᠶᠢᠨ᠎ᠠ᠃ | ᠦᠳᠡ ᠶᠢᠨ ᠡᠮᠦᠨᠡᠬᠢ 9 ᠴᠠᠭ ᠲᠤ᠂ ᠶᠠᠩ ᠪᠦᠦ ᠰᠧᠨ ᠶᠡᠭᠡ ᠬᠤᠷᠠᠯ ᠡᠬᠢᠯᠡᠭᠰᠡᠨ ᠢ ᠵᠠᠷᠯᠠᠵᠤ᠂ | ᠪᠦᠭᠦᠳᠡᠭᠡᠷ ᠢᠶᠠᠨ ᠪᠣᠰᠴᠤ ᠵᠣᠭᠰᠣᠨ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠯᠤᠰ ᠤᠨ ᠰᠦᠯᠳᠡ | ᠳᠠᠭᠤᠤ ᠶᠢ ᠬᠠᠩᠭᠢᠨᠠᠲᠠᠯ᠎ᠠ ᠳᠠᠭᠤᠯᠠᠪᠠ᠃ | ᠶᠡᠭᠡ ᠬᠤᠷᠠᠯ ᠠᠴᠠ ᠡᠩ ᠲᠡᠷᠢᠭᠦᠨ ᠳᠤ ᠤᠯᠤᠰ ᠲᠦᠷᠦ ᠶᠢᠨ ᠵᠥᠪᠯᠡᠯᠭᠡᠨ ᠤ ᠠᠷᠪᠠᠨ ᠲᠠᠪᠤᠳᠤᠭᠠᠷ ᠬᠤᠭᠤᠴᠠᠭᠠᠨ ᠤ | ᠣᠩᠨᠢᠭᠤᠳ ᠬᠤᠰᠢᠭᠤᠨ ᠤ ᠵᠦᠪᠯᠡᠯ ᠤᠨ ᠳᠥᠷᠪᠡᠳᠦᠭᠡᠷ ᠬᠤᠷᠠᠯᠳᠤᠭᠠᠨ ᠤ ᠵᠥᠪᠯᠡᠬᠦ ᠵᠦᠢᠯ ᠢ ᠬᠢᠨᠠᠨ ᠵᠥᠪᠯᠡᠵᠦ | ᠪᠠᠲᠤᠯᠠᠪᠠ᠃ | ᠬᠥᠭᠵᠢᠯᠲᠦ ᠤᠯᠤᠰ ᠲᠦᠷᠦ ᠶᠢᠨ ᠵᠥᠪᠯᠡᠯᠭᠡᠨ ᠤ ᠠᠷᠪᠠᠨ ᠲᠠᠪᠤᠳᠤᠭᠠᠷ ᠬᠤᠭᠤᠴᠠᠭᠠᠨ ᠤ ᠣᠩᠨᠢᠭᠤᠳ | ᠬᠤᠰᠢᠭᠤᠨ ᠤ ᠵᠦᠪᠯᠡᠯ ᠤᠨ ᠪᠠᠶᠢᠩᠭᠤ ᠶᠢᠨ ᠵᠦᠪᠯᠡᠯ ᠢ ᠲᠥᠯᠥᠭᠡᠯᠡᠨ ᠶᠡᠭᠡ ᠬᠤᠷᠠᠯ ᠳᠤ ᠠᠵᠢᠯ ᠤᠨ ᠮᠡᠳᠡᠭᠦᠯᠦᠯᠲᠡ | ᠬᠢᠪᠡ᠃ | ᠬᠥᠭᠵᠢᠯᠲᠦ ᠮᠡᠳᠡᠭᠦᠯᠥᠯᠳᠡ ᠳᠡᠭᠡᠨ᠂ 2024 ᠤᠨ ᠪᠣᠯ ᠰᠢᠨ᠎ᠡ ᠳᠤᠮᠳᠠᠳᠤ ᠤᠯᠤᠰ ᠪᠠ ᠠᠷᠠᠳ ᠤᠨ | ᠤᠯᠤᠰ ᠲᠥᠷᠥ ᠶᠢᠨ ᠵᠥᠪᠯᠡᠯᠭᠡᠨ ᠪᠠᠶᠢᠭᠤᠯᠤᠭᠳᠠᠭᠰᠠᠨ 75 ᠵᠢᠯ ᠤᠨ ᠣᠶ ᠪᠤᠯᠬᠤ ᠶᠤᠮ᠃ ᠪᠠᠰᠠ ᠴᠤ ︽ᠠᠷᠪᠠᠨ | ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠠᠷᠠᠯᠲᠠ ᠡᠭᠦᠷᠭᠡ ᠶᠢ ᠪᠡᠶᠡᠯᠡᠭᠦᠯᠬᠦ ᠵᠠᠩᠭᠢᠯᠠᠭ᠎ᠠ ᠶᠢᠨ | ᠨᠢᠭᠡ ᠵᠢᠯ ᠪᠤᠯᠬᠤ ᠶᠤᠮ᠃ ᠨᠢᠭᠡ ᠵᠢᠯ ᠤᠨ ᠲᠤᠷᠰᠢ᠂ ᠬᠤᠰᠢᠭᠤᠨ ᠤ ᠨᠠᠮ ᠤᠨ ᠬᠤᠷᠢᠶ᠎ᠠ ᠪᠥᠬᠦ ᠬᠤᠰᠢᠭᠤᠨ ᠤ | ᠦᠨᠳᠦᠰᠦᠲᠡᠨ ᠨᠦᠭᠦᠳ ᠤᠨ ᠺᠠᠳ᠋ᠷ ᠣᠯᠠᠨ ᠲᠦᠮᠡᠨ ᠢ ᠪᠦᠯᠬᠦᠮᠳᠡᠭᠦᠯᠦᠨ ᠳᠠᠭᠠᠭᠤᠯᠵᠤ᠂ ᠭᠤᠤᠯ ᠱᠤᠭᠤᠮ ᠤᠨ | ᠱᠠᠭᠠᠷᠳᠠᠯᠭ᠎ᠠ ᠶᠢ ᠡᠷᠡᠰ ᠭᠤᠶᠢᠪᠢᠰᠢ ᠥᠬᠡᠶ ᠲᠤᠭᠤᠰᠢᠯᠠᠭᠤᠯᠵᠤ᠂ ᠰᠡᠳᠬᠢᠯ ᠨᠢᠭᠡᠳᠬᠡᠨ ᠬᠦᠴᠦ ᠪᠠᠨ ᠬᠠᠮᠲᠤᠳᠬᠠᠵᠤ | ᠬᠤᠶᠠᠷ ᠶᠡᠭᠡ ᠶᠠᠪᠤᠳᠠᠯ ᠢ ᠰᠠᠶᠢᠲᠤᠷ ᠬᠢᠵᠦ᠂ ︽ᠵᠢᠷᠭᠤᠭᠠᠨ ᠢᠨᠵᠧᠨᠧᠷᠢᠩ︾ ᠢ ᠪᠥᠬᠦ ᠬᠦᠴᠦᠨ ᠢᠶᠠᠷ ᠢᠶᠠᠨ | ᠬᠡᠷᠡᠭᠵᠢᠭᠦᠯᠵᠦ᠂ ᠲᠣᠭᠲᠠᠭᠤᠨ ᠤ ᠳᠤᠮᠳᠠ ᠤᠷᠤᠭᠰᠢᠯᠠᠨ ᠳᠠᠪᠰᠢᠬᠤ ᠶᠢ ᠪᠠᠷᠢᠮᠲᠠᠯᠠᠵᠤ᠂ ᠴᠢᠨᠠᠷ ᠰᠠᠶᠢᠲᠠᠶ | ᠬᠥᠭᠵᠢᠯᠲᠡ ᠶᠢ ᠠᠬᠢᠭᠤᠯᠤᠨ᠂ ᠥᠭᠡᠷᠡᠴᠢᠯᠡᠯᠲᠡ ᠶᠢ ᠪᠥᠬᠦ ᠲᠠᠯ᠎ᠠ ᠪᠠᠷ ᠭᠦᠨᠵᠡᠭᠡᠶᠢᠷᠡᠭᠦᠯᠦᠨ ᠶᠡᠭᠡ ᠠᠯᠬᠤᠮ ᠢᠶᠠᠷ | ᠤᠷᠤᠭᠰᠢᠯᠠᠵᠤ᠂ ᠨᠡᠶᠢᠭᠡᠮ ᠠᠷᠠᠳ ᠤᠨ ᠠᠮᠢᠳᠤᠷᠠᠯ ᠤᠨ ᠪᠠᠲᠤᠯᠠᠭ᠎ᠠ ᠨᠡᠩ ᠪᠦᠲᠦᠮᠵᠢᠲᠡᠶ ᠪᠣᠯᠵᠣ᠂ ᠠᠮᠤᠷ ᠲᠦᠪᠰᠢᠨ | ᠬᠥᠭᠵᠢᠯᠲᠡ ᠶᠢᠨ ᠰᠠᠭᠤᠷᠢ ᠪᠠᠬᠢᠵᠢᠨ᠂ ᠠᠵᠤ ᠠᠬᠤᠶ ᠶᠢᠨ ᠬᠥᠭᠵᠢᠯᠲᠡ ᠶᠢᠨ ᠭᠤᠤᠯ ᠬᠠᠷᠠᠯᠲᠠ ᠡᠭᠦᠷᠭᠡ ᠢᠶᠠᠨ | ᠲᠡᠭᠦᠰ ᠠᠮᠵᠢᠯᠲᠠ ᠲᠠᠢ ᠪᠡᠶᠡᠯᠡᠭᠦᠯᠵᠦ᠂ ᠠᠷᠠᠳ ᠢ ᠪᠠᠶᠠᠵᠢᠭᠤᠯᠤᠨ ᠬᠤᠰᠢᠭᠤ ᠪᠠᠨ ᠬᠦᠴᠦᠷᠬᠡᠭᠵᠢᠭᠦᠯᠬᠦ | ᠣᠳᠣᠬᠢᠴᠢᠯᠠᠯᠲᠠ ᠶᠢᠨ ᠪᠥᠲᠥᠭᠡᠨ ᠪᠠᠶᠢᠭᠤᠯᠤᠯᠲᠠ ᠯᠠᠪᠳᠠᠭᠤᠨ ᠪᠠᠲᠤᠲᠠᠶ ᠠᠬᠢᠵᠤ᠂ ᠤᠩᠨᠢᠭᠤᠳ ᠨᠤᠲᠤᠭ ᠤᠨ | ᠬᠦᠮᠥᠨ ᠠᠷᠠᠳ ᠤᠨ ᠰᠢᠨ᠎ᠡ ᠠᠶᠠᠨ ᠵᠠᠮ ᠳᠤ ᠡᠷᠡᠯᠬᠡᠭᠯᠡᠨ ᠤᠷᠤᠭᠰᠢᠯᠠᠬᠤ ᠢᠲᠡᠭᠡᠯ ᠵᠣᠷᠢᠭ ᠢ ᠲᠦᠢᠯ ᠤᠨ ᠶᠡᠭᠡ ᠪᠠᠷ | ᠡᠷᠴᠢᠯᠡᠭᠰᠡᠨ ᠪᠠᠶᠢᠨ᠎ᠠ ᠭᠡᠪᠡ᠃ | ᠬᠥᠭᠵᠢᠯᠲᠦ ᠮᠡᠳᠡᠭᠦᠯᠥᠯᠳᠡ ᠳᠡᠭᠡᠨ ᠥᠩᠭᠡᠷᠡᠭᠰᠡᠨ ᠨᠢᠭᠡ ᠵᠢᠯ ᠤᠨ ᠲᠤᠷᠰᠢ᠂ ᠬᠤᠰᠢᠭᠤᠨ ᠤ ᠤᠯᠤᠰ | ᠲᠦᠷᠦ ᠶᠢᠨ ᠵᠥᠪᠯᠡᠯᠭᠡᠨ ᠵᠢᠴᠢ ᠪᠠᠶᠢᠩᠭᠤ ᠶᠢᠨ ᠵᠦᠪᠯᠡᠯ ᠨᠢ ᠬᠤᠰᠢᠭᠤᠨ ᠤ ᠨᠠᠮ ᠤᠨ ᠬᠤᠷᠢᠶᠠᠨ ᠤ ᠪᠠᠲᠤ ᠴᠢᠩᠭ᠎ᠠ | ᠤᠳᠤᠷᠢᠳᠤᠯᠭ᠎ᠠ ᠳᠣᠣᠷ᠎ᠠ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ | ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠨᠠᠮ ᠤᠨ ᠬᠤᠷᠢᠳᠤᠭᠠᠷ | ᠶᠡᠭᠡ ᠬᠤᠷᠠᠯ ᠪᠣᠯᠤᠨ ᠬᠤᠷᠢᠳᠤᠭᠠᠷ ᠬᠤᠭᠤᠴᠠᠭᠠᠨ ᠤ ᠬᠤᠶᠠᠳᠤᠭᠠᠷ᠂ ᠭᠤᠷᠪᠠᠳᠤᠭᠠᠷ ᠪᠦᠬᠦᠳᠡ ᠬᠤᠷᠠᠯ ᠤᠨ ᠵᠣᠷᠢᠭ | ᠰᠠᠨᠠᠭ᠎ᠠ ᠶᠢ ᠭᠦᠨᠵᠡᠭᠡᠢ ᠰᠤᠷᠤᠯᠴᠠᠨ ᠳᠤᠭᠤᠰᠢᠯᠠᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠳᠤᠮᠳᠠᠳᠤ | ᠤᠯᠤᠰ ᠤᠨ ᠠᠷᠠᠳ ᠤᠨ ᠤᠯᠤᠰ ᠲᠦᠷᠦ ᠶᠢᠨ ᠵᠥᠪᠯᠡᠯᠭᠡᠨ ᠪᠠᠶᠢᠭᠤᠯᠤᠭᠳᠠᠭᠰᠠᠨ 75 ᠵᠢᠯ ᠤᠨ ᠤᠢ ᠶᠢ ᠪᠡᠯᠭᠡᠯᠡᠬᠦ | ᠶᠡᠭᠡ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠳᠤᠭᠤᠰᠢᠯᠠᠭᠤᠯᠤᠨ | ᠨᠠᠶᠢᠳᠠᠪᠤᠷᠢᠵᠢᠭᠤᠯᠵᠤ᠂ ᠳᠤᠮᠳᠠᠳᠤ ᠶᠢᠨ ᠦᠨᠳᠥᠰᠥᠳᠡᠨ ᠤ ᠬᠠᠮᠲᠤ ᠶᠢᠨ ᠴᠤᠭᠴᠠ ᠶᠢᠨ ᠤᠬᠠᠮᠰᠠᠷ ᠢ ᠪᠠᠬᠢᠵᠡᠭᠦᠯᠬᠦ | ᠭᠤᠤᠯ ᠰᠢᠵᠢᠮ ᠢ ᠪᠠᠷᠢᠮᠲᠠᠯᠠᠨ᠂ ᠠᠷᠠᠳᠴᠢᠯᠠᠯ ᠢ ᠪᠠᠳᠠᠷᠠᠭᠤᠯᠬᠤ ᠪᠠ ᠪᠦᠯᠬᠦᠮᠳᠡᠯ ᠢ ᠴᠢᠩᠭᠠᠳᠬᠠᠬᠤ ᠶᠢ ᠬᠠᠷᠢᠯᠴᠠᠨ | ᠬᠤᠯᠪᠤᠯᠳᠤᠭᠤᠯᠬᠤ᠂ ᠰᠠᠨᠠᠯ ᠵᠥᠪᠯᠡᠯᠭᠡ ᠳᠤᠷᠠᠳᠤᠨ ᠵᠠᠰᠠᠭ ᠲᠤ ᠲᠤᠰᠠᠯᠠᠬᠤ ᠪᠠ ᠬᠠᠮᠲᠤ ᠶᠢᠨ ᠲᠠᠨᠢᠯᠲᠠ ᠶᠢ | ᠨᠢᠭᠲᠠᠷᠠᠭᠤᠯᠤᠨ ᠶᠢ ᠪᠠᠷᠢᠮᠲᠠᠯᠠᠵᠤ᠂ ᠲᠥᠪ ᠶᠣᠰᠣ ᠶᠢ ᠪᠠᠷᠢᠮᠲᠠᠯᠠᠨ ᠰᠢᠨ᠎ᠡ ᠶᠢ ᠡᠭᠦᠳᠴᠦ᠂ ᠵᠠᠮ ᠨᠡᠭᠡᠭᠡᠨ | ᠤᠷᠤᠭᠰᠢᠯᠠᠵᠤ᠂ ᠪᠦᠬᠦ ᠬᠤᠰᠢᠭᠤᠨ ᠤ ᠥᠭᠡᠷᠡᠴᠢᠯᠡᠯᠲᠡ ᠬᠥᠭᠵᠢᠯᠲᠡ ᠶᠢᠨ ᠶᠡᠭᠡ ᠲᠠᠯ᠎ᠠ ᠳᠤ ᠤᠯᠤᠰ ᠲᠦᠷᠦ ᠶᠢᠨ | ᠵᠥᠪᠯᠡᠯᠭᠡᠨ ᠤ ᠬᠦᠴᠥ ᠬᠦᠯᠥᠰᠥ ᠶᠢ ᠨᠡᠮᠡᠷᠢᠯᠡᠭᠰᠡᠨ ᠪᠠᠶᠢᠨ᠎ᠠ ᠭᠡᠪᠡ᠃ | ᠬᠥᠭᠵᠢᠯᠲᠦ ᠮᠡᠳᠡᠭᠦᠯᠥᠯᠳᠡ ᠳᠡᠭᠡᠨ 2025 ᠤᠨ ᠪᠣᠯ ︽ᠠᠷᠪᠠᠨ ᠳᠥᠷᠪᠡᠳᠦᠭᠡᠷ ᠲᠠᠪᠤᠨ ᠵᠢᠯ︾ ᠤᠨ | ᠲᠥᠯᠥᠪᠵᠢᠭᠦᠯᠭᠡ ᠶᠢᠨ ᠰᠡᠭᠦᠯ ᠬᠤᠷᠢᠶᠠᠬᠤ ᠵᠢᠯ ᠪᠣᠯᠤᠨ᠎ᠠ ᠃ ᠮᠥᠨᠴᠦ ︽ᠠᠷᠪᠠᠨ ᠲᠠᠪᠤᠳᠤᠭᠠᠷ ᠲᠠᠪᠤᠨ ᠵᠢᠯ︾ ᠤᠨ | ᠲᠥᠯᠥᠪᠵᠢᠭᠦᠯᠭᠡ ᠶᠢ ᠲᠦᠯᠥᠪᠵᠢᠭᠦᠯᠥᠨ ᠪᠠᠶᠢᠷᠢᠯᠠᠭᠤᠯᠬᠤ ᠵᠢᠯ ᠪᠣᠯᠤᠨ᠎ᠠ᠃ ᠬᠤᠰᠢᠭᠤᠨ ᠤ ᠤᠯᠤᠰ ᠲᠥᠷᠥ ᠶᠢᠨ | ᠵᠥᠪᠯᠡᠯᠭᠡᠨ ᠤ ᠪᠠᠶᠢᠩᠭᠤ ᠵᠦᠪᠯᠡᠯ ᠤᠨ ᠠᠵᠢᠯ ᠤᠨ ᠶᠡᠷᠦᠩᠬᠡᠶ ᠱᠠᠭᠠᠷᠳᠠᠯᠭ᠎ᠠ ᠪᠣᠯ᠄ ᠰᠢ ᠶᠢᠨ ᠫᠢᠩ ᠤᠨ ᠰᠢᠨ᠎ᠡ ᠴᠠᠭ | ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ | ᠪᠣᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠪᠣᠯᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ | ᠬᠤᠶᠠᠳᠤᠭᠠᠷ᠂ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠳᠤᠭᠤᠰᠢᠯᠠᠭᠤᠯᠵᠤ᠂ | ᠰᠢ ᠶᠢᠨ ᠫᠢᠩ ᠶᠡᠷᠦᠩᠬᠡᠶ ᠱᠦᠵᠢ ᠶᠢᠨ ᠥᠪᠥᠷ ᠮᠣᠩᠭᠤᠯ ᠳᠤ ᠦᠭᠭᠦᠭᠰᠡᠨ ᠴᠢᠬᠤᠯᠠ ᠵᠢᠭᠠᠪᠤᠷᠢ ᠶᠢᠨ ᠵᠣᠷᠢᠭ | ᠰᠠᠨᠠᠭ᠎ᠠ ᠶᠢ ᠭᠦᠨᠵᠡᠭᠡᠶ ᠰᠤᠷᠤᠯᠴᠠᠨ ᠳᠤᠭᠤᠰᠢᠯᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | ᠴᠣᠭᠴᠠ ᠶᠢᠨ ᠤᠬᠠᠮᠰᠠᠷ ᠢ ᠪᠠᠬᠢᠵᠡᠭᠦᠯᠬᠦ ᠪᠠᠷ ᠭᠤᠤᠯ ᠰᠢᠵᠢᠮ ᠪᠣᠯᠭᠠᠬᠤ ᠶᠢ ᠪᠠᠷᠢᠮᠲᠠᠯᠠᠨ᠂ ᠨᠠᠮ ᠤᠨ | ᠤᠳᠤᠷᠢᠳᠤᠯᠭ᠎ᠠ᠂ ᠨᠢᠭᠡᠳᠦᠮᠡᠯ ᠹᠷᠣᠨᠲ᠂ ᠠᠷᠠᠳᠴᠢᠯᠠᠯ ᠢᠶᠠᠷ ᠵᠥᠪᠯᠡᠬᠦ ᠶᠢ ᠣᠷᠭᠠᠨᠢᠭ ᠢᠶᠠᠷ ᠤᠶᠠᠯᠳᠤᠭᠤᠯᠬᠤ ᠶᠢ | ᠪᠠᠷᠢᠮᠲᠠᠯᠠᠵᠤ᠂ ᠭᠤᠤᠯᠳᠠᠯᠭ᠎ᠠ ᠶᠢᠨ ᠲᠣᠭᠤᠷᠢᠨ ᠳᠤ ᠶᠡᠭᠡ ᠲᠠᠯ᠎ᠠ ᠳᠤ ᠦᠢᠯᠡᠴᠢᠯᠡᠬᠦ ᠶᠢ ᠪᠠᠷᠢᠮᠲᠠᠯᠠᠨ᠂ | ᠬᠤᠰᠢᠭᠤᠨ ᠤ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠤᠷ᠎ᠠ᠂ ᠲᠤᠰᠬᠠᠶ ᠵᠥᠪᠯᠡᠬᠦ | ᠪᠠᠶᠢᠭᠤᠯᠤᠮᠵᠢ ᠶᠢᠨ ᠦᠢᠯᠡᠳᠥᠯ ᠢ ᠭᠦᠢᠴᠡᠳ ᠪᠠᠳᠠᠷᠠᠭᠤᠯᠵᠤ᠂ ᠪᠥᠬᠦ ᠬᠤᠰᠢᠭᠤᠨ ᠤ ᠠᠵᠤ ᠠᠬᠤᠶ ᠨᠡᠶᠢᠭᠡᠮ ᠤᠨ | ᠴᠢᠨᠠᠷ ᠰᠠᠶᠢᠲᠠᠶ ᠬᠥᠭᠵᠢᠯᠲᠡ ᠳᠤ ᠬᠥᠮᠦᠰ ᠤᠨ ᠰᠡᠳᠬᠢᠯ᠂ ᠬᠠᠮᠲᠤ ᠶᠢᠨ ᠲᠠᠨᠢᠯᠲᠠ ᠂ ᠣᠶᠤᠨ ᠤᠬᠠᠭᠠᠨ ᠂ | ᠬᠦᠴᠦᠨ ᠴᠢᠳᠠᠯ ᠢ ᠭᠦᠢᠴᠡᠳ ᠨᠢᠭᠲᠠᠷᠠᠭᠤᠯᠤᠨ᠎ᠠ ᠭᠡᠵᠡᠢ᠃ | ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠰᠠᠶᠢᠨᠪᠠᠲᠤ ᠤᠯᠤᠰ ᠲᠥᠷᠥ ᠶᠢᠨ | ᠵᠥᠪᠯᠡᠯᠭᠡᠨ ᠤ ᠠᠷᠪᠠᠨ ᠲᠠᠪᠤᠳᠤᠭᠠᠷ ᠬᠤᠭᠤᠴᠠᠭᠠᠨ ᠤ ᠣᠩᠨᠢᠭᠤᠳ ᠬᠤᠰᠢᠭᠤᠨ ᠤ ᠵᠦᠪᠯᠡᠯ ᠤᠨ ᠪᠠᠶᠢᠩᠭᠤ ᠶᠢᠨ | ᠵᠦᠪᠯᠡᠯ ᠢ ᠲᠥᠯᠥᠭᠡᠯᠡᠨ ᠶᠡᠭᠡ ᠬᠤᠷᠠᠯ ᠳᠤ ᠤᠯᠤᠰ ᠲᠥᠷᠥ ᠶᠢᠨ ᠵᠥᠪᠯᠡᠯᠭᠡᠨ ᠤ ᠠᠷᠪᠠᠨ ᠲᠠᠪᠤᠳᠤᠭᠠᠷ | ᠬᠤᠭᠤᠴᠠᠭᠠᠨ ᠤ ᠭᠤᠷᠪᠠᠳᠤᠭᠠᠷ ᠬᠤᠷᠠᠯᠳᠤᠭᠠᠨ ᠠᠴᠠ ᠨᠠᠭᠠᠰᠢᠬᠢ ᠰᠠᠨᠠᠯ ᠳᠤᠷᠠᠳᠤᠯᠭ᠎ᠠ ᠶᠢᠨ ᠠᠵᠢᠯ ᠤᠨ ᠪᠠᠶᠢᠳᠠᠯ ᠢ | ᠮᠡᠳᠡᠭᠦᠯᠪᠡ᠃ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠠᠷᠪᠠᠨ ᠲᠠᠪᠤᠳᠤᠭᠠᠷ ᠬᠤᠭᠤᠴᠠᠭᠠᠨ ᠤ | ᠭᠤᠷᠪᠠᠳᠤᠭᠠᠷ ᠬᠤᠷᠠᠯᠳᠤᠭᠠᠨ ᠠᠴᠠ ᠨᠠᠰᠢ᠂ ᠥᠷᠭᠡᠨ ᠣᠯᠠᠨ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ ᠪᠠ | ᠤᠯᠤᠰ ᠲᠥᠷᠥ ᠶᠢᠨ ᠵᠥᠪᠯᠡᠯᠭᠡᠨ ᠤ ᠡᠯ᠎ᠡ ᠣᠷᠣᠯᠴᠠᠭᠰᠠᠨ ᠨᠢᠭᠡᠴᠡ ᠨᠡᠶᠢᠲᠡ 210 ᠬᠤᠪᠢ ᠰᠠᠨᠠᠯ ᠳᠤᠷᠠᠳᠤᠯᠭ᠎ᠠ | ᠳᠤᠷᠠᠳᠴᠤ᠂ ᠬᠢᠨᠠᠨ ᠪᠠᠶᠢᠴᠠᠭᠠᠬᠤ ᠪᠠᠷ ᠳᠡᠮᠵᠢᠨ 199 ᠬᠤᠪᠢ ᠰᠠᠨᠠᠯ ᠳᠤᠷᠠᠳᠤᠯᠭ᠎ᠠ ᠶᠢ ᠳᠡᠩᠰᠡᠯᠡᠵᠦ᠂ 59 | ᠨᠢᠭᠡᠴᠡ ᠳᠤ ᠲᠤᠰᠢᠶᠠᠨ ᠳᠠᠭᠠᠯᠭᠠᠨ ᠰᠢᠢᠳᠪᠦᠷᠢᠯᠡᠭᠦᠯᠵᠦ᠂ ᠪᠦᠬᠦᠨ ᠢ ᠴᠠᠭ ᠲᠤᠬᠠᠶ ᠳᠤᠨᠢ ᠰᠢᠢᠳᠪᠥᠷᠢᠯᠡᠭᠦᠯᠪᠡ᠃ | ᠡᠯ᠎ᠡ ᠳᠠᠭᠠᠭᠠᠨ ᠠᠪᠴᠤ ᠰᠢᠢᠳᠪᠥᠷᠢᠯᠡᠭᠰᠡᠨ ᠨᠢᠭᠡᠴᠡ ᠰᠠᠨᠠᠯ ᠳᠤᠷᠠᠳᠤᠯᠭ᠎ᠠ ᠶᠢ ᠨᠠᠷᠢᠨ ᠬᠢᠨᠠᠮᠠᠭᠠᠢ ᠰᠢᠢᠳᠪᠦᠷᠢᠯᠡᠵᠦ᠂ | ᠰᠠᠨᠠᠯ ᠳᠤᠷᠠᠳᠤᠯᠭ᠎ᠠ ᠳᠤ ᠳᠤᠷᠠᠳᠤᠭᠰᠠᠨ ᠮᠠᠰᠢ ᠣᠯᠠᠨ ᠰᠠᠨᠠᠯ ᠰᠠᠨᠠᠭᠤᠯᠭ᠎ᠠ ᠶᠢ ᠨᠠᠮ ᠵᠠᠰᠠᠭ ᠤᠨ ᠰᠠᠯᠠᠭ᠎ᠠ | ᠮᠥᠴᠢᠷ ᠤᠨ ᠰᠢᠨᠵᠢᠯᠡᠬᠦ ᠤᠬᠠᠭᠠᠨᠴᠢ ᠪᠠᠷ ᠰᠢᠢᠳᠪᠦᠷᠢᠲᠦ ᠪᠣᠳᠣᠯᠭ᠎ᠠ ᠲᠣᠭᠲᠠᠭᠠᠬᠤ᠂ ᠥᠨᠳᠥᠷ ᠪᠦᠲᠦᠮᠵᠢᠲᠡᠶ ᠪᠠᠷ | ᠠᠷᠭ᠎ᠠ ᠪᠣᠳᠣᠯᠭ᠎ᠠ ᠬᠡᠷᠡᠭᠵᠢᠭᠦᠯᠬᠦ ᠪᠠ ᠠᠵᠢᠯ ᠢᠶᠠᠨ ᠰᠠᠶᠢᠵᠢᠷᠠᠭᠤᠯᠬᠤ᠂ ᠨᠠᠶᠢᠳᠠᠪᠤᠷᠢᠵᠢᠭᠤᠯᠤᠯᠲᠠ ᠶᠢ ᠠᠬᠢᠭᠤᠯᠬᠤ | ᠪᠣᠳᠠᠲᠠᠶ ᠠᠷᠭ᠎ᠠ ᠬᠡᠮᠵᠢᠶ᠎ᠡ ᠪᠣᠯᠭᠠᠨ ᠬᠤᠪᠢᠷᠠᠭᠤᠯᠵᠤ᠂ ᠪᠥᠬᠦ ᠬᠤᠰᠢᠭᠤᠨ ᠤ ᠠᠵᠤ ᠠᠬᠤᠶ ᠨᠡᠶᠢᠭᠡᠮ ᠤᠨ ᠴᠢᠨᠠᠷ | ᠰᠠᠶᠢᠲᠠᠶ ᠬᠥᠭᠵᠢᠯᠲᠡ ᠶᠢ ᠠᠬᠢᠭᠤᠯᠬᠤ ᠳᠤ ᠢᠳᠡᠪᠬᠢᠲᠡᠶ ᠦᠢᠯᠡᠳᠦᠯ ᠦᠵᠡᠭᠦᠯᠪᠡ᠃ | ᠴᠢᠤᠢ ᠷᠦᠢ ᠯᠢ᠂ ᠸᠠᠩ ᠸᠧᠨ ᠵᠢᠶᠧ᠂ ᠸᠠᠩ ᠵᠢᠩ᠂ ᠤᠤᠭᠠᠨᠪᠠᠶᠠᠷ᠂ ᠵᠤᠤ ᠶᠠᠨ ᠰᠢᠨ᠂ ᠴᠤ ᠰᠢᠶᠤᠤ | ᠵᠢᠩ᠂ ᠲᠢᠶᠠᠨ ᠮᠢᠨ᠂ ᠫᠦ᠋ ᠲᠤᠤ᠂ ᠵᠤᠤ ᠭᠦᠸᠧ ᠰᠢᠩ᠂ ᠭᠦᠸᠧ ᠵᠢᠶᠠᠨ ᠬᠤᠸᠠ ᠵᠡᠷᠭᠡ ᠠᠷᠪᠠᠨ ᠭᠡᠰᠢᠭᠦᠨ ᠶᠡᠭᠡ | ᠬᠤᠷᠠᠯ ᠳᠡᠭᠡᠷ᠎ᠡ ᠦᠭᠡ ᠬᠡᠯᠡᠪᠡ᠃ | ᠬᠤᠰᠢᠭᠤᠨ ᠤ ᠬᠡᠳᠦᠨ ᠶᠡᠭᠡ ᠤᠳᠤᠷᠢᠳᠬᠤ ᠪᠠᠭ ᠤᠨ ᠤᠳᠤᠷᠢᠳᠬᠤ ᠨᠥᠬᠦᠳ᠂ ᠬᠤᠰᠢᠭᠤᠨ ᠤ ᠤᠯᠤᠰ | ᠲᠥᠷᠥ ᠶᠢᠨ ᠵᠥᠪᠯᠡᠯᠭᠡᠨ ᠤ ᠠᠵᠢᠯ ᠠᠴᠠ ᠪᠠᠨ ᠠᠮᠠᠷᠠᠭᠰᠠᠨ ᠠᠬᠠᠮᠠᠳ ᠤᠳᠤᠷᠢᠳᠤᠯᠭ᠎ᠠ ᠤᠷᠢᠯᠭ᠎ᠠ ᠪᠠᠷ ᠶᠡᠭᠡ | ᠬᠤᠷᠠᠯ ᠳᠤ ᠤᠷᠤᠯᠴᠠᠪᠠ᠃ ᠮᠠᠨ ᠤ ᠬᠤᠰᠢᠭᠤᠨ ᠳᠤ ᠪᠠᠶᠢᠭ᠎ᠠ ᠤᠷᠤᠨ᠂ ᠬᠤᠲᠠ ᠶᠢᠨ ᠤᠯᠤᠰ ᠲᠥᠷᠥ ᠶᠢᠨ | ᠵᠥᠪᠯᠡᠯᠭᠡᠨ ᠤ ᠭᠡᠰᠢᠭᠦᠨ᠂ ᠬᠠᠮᠢᠶ᠎ᠠ ᠪᠥᠬᠦᠶ ᠰᠠᠯᠠᠭ᠎ᠠ ᠮᠥᠴᠢᠷ᠂ ᠬᠠᠮᠢᠶ᠎ᠠ ᠪᠥᠬᠦᠶ ᠲᠠᠯ᠎ᠠ ᠶᠢᠨ ᠬᠠᠷᠢᠭᠤᠴᠠᠯᠭᠠᠲᠠᠨ | ᠶᠡᠭᠡ ᠬᠤᠷᠠᠯ ᠳᠤ ᠰᠤᠯᠠ ᠣᠷᠣᠯᠴᠠᠪᠠ᠃ | |