| | 1 ᠰᠠᠷ᠎ᠠ ᠶᠢᠨ 20 ᠤ ᠡᠳᠦᠷ ᠤᠨ ᠦᠳᠡ ᠶᠢᠨ ᠡᠮᠦᠨ᠎ᠡ᠂ ᠣᠩᠨᠢᠭᠤᠳ ᠬᠤᠰᠢᠭᠤᠨ ᠤ ᠠᠷᠪᠠᠨ ᠨᠠᠢᠮᠠᠳᠤᠭᠠᠷ | ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ ᠬᠤᠷᠠᠯᠳᠤᠭᠠᠨ | ᠬᠤᠰᠢᠭᠤᠨ ᠤ ᠵᠠᠰᠠᠭ ᠤᠨ ᠣᠷᠳᠣᠨ ᠤ ᠶᠣᠰᠣᠯᠠᠯ ᠤᠨ ᠲᠠᠩᠬᠢᠮ ᠳᠤ ᠦᠪᠡᠳᠡᠭᠰᠢ ᠶᠡᠭᠡ ᠪᠠᠷ ᠬᠤᠷᠠᠯᠳᠤᠨ ᠡᠬᠢᠯᠡᠪᠡ᠃ | | ᠶᠡᠭᠡ ᠬᠤᠷᠠᠯ ᠤᠨ ᠭᠦᠢᠴᠡᠳᠬᠡᠭᠴᠢ ᠲᠡᠷᠢᠭᠦᠯᠡᠭᠴᠢ ᠮᠦᠩᠬᠡ᠂ ᠯᠢ ᠢᠦᠢ ᠲᠢᠩ᠂ ᠮᠠ ᠶᠦᠩ ᠭᠠᠩ᠂ | ᠬᠥᠭᠵᠢᠯᠲᠦ᠂ ᠰᠦᠨ ᠮᠢᠩ ᠲᠤᠤ᠂ ᠤᠳᠤᠨᠴᠢᠮᠡᠭ᠂ ᠵᠧᠩ ᠱᠸᠦ ᠰᠢᠤᠸᠠᠢ᠂ ᠯᠢᠨ ᠬᠤ᠋᠂ ᠸᠧᠨ ᡁᠢ ᠭᠠᠩ | ᠲᠡᠷᠢᠭᠦᠯᠡᠭᠴᠢ ᠶᠢᠨ ᠲᠠᠶᠢᠰᠠᠨ ᠤ ᠡᠮᠦᠨ᠎ᠡ ᠮᠥᠷ ᠲᠤ ᠰᠠᠭᠤᠯᠴᠠᠵᠠᠢ᠃ ᠶᠡᠭᠡ ᠬᠤᠷᠠᠯ ᠤᠨ ᠲᠡᠷᠢᠭᠦᠯᠡᠭᠴᠢᠳ ᠤᠨ | ᠪᠦᠯᠬᠦᠮ ᠤᠨ ᠪᠦᠷᠢᠯᠳᠦᠬᠦᠨ ᠲᠡᠷᠢᠭᠦᠯᠡᠭᠴᠢ ᠶᠢᠨ ᠲᠠᠶᠢᠰᠠᠨ ᠳᠤ ᠰᠠᠭᠤᠵᠠᠭᠠᠪᠠ᠃ | ᠣᠩᠨᠢᠭᠤᠳ ᠬᠤᠰᠢᠭᠤᠨ ᠤ ᠠᠷᠪᠠᠨ ᠨᠠᠢᠮᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠳᠥᠷᠪᠡᠳᠦᠭᠡᠷ ᠬᠤᠷᠠᠯᠳᠤᠭᠠᠨ ᠤ ᠵᠥᠪᠯᠡᠬᠦ ᠵᠦᠢᠯ ︵2025 ᠣᠨ ᠤ 1 ᠰᠠᠷ᠎ᠠ ᠶᠢᠨ 19 ᠤ ᠡᠳᠦᠷ | ᠣᠩᠨᠢᠭᠤᠳ ᠬᠤᠰᠢᠭᠤᠨ ᠤ ᠠᠷᠪᠠᠨ ᠨᠠᠢᠮᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠳᠥᠷᠪᠡᠳᠦᠭᠡᠷ ᠬᠤᠷᠠᠯᠳᠤᠭᠠᠨ ᠤ ᠪᠡᠯᠡᠳᠬᠡᠯ ᠬᠤᠷᠠᠯ ᠠᠴᠠ ᠪᠠᠲᠤᠯᠠᠪᠠ︶ ᠪᠤᠯ᠄ | ᠨᠢᠭᠡ᠂ ᠣᠩᠨᠢᠭᠤᠳ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠢ | ᠰᠣᠨᠣᠰᠴᠤ ᠬᠢᠨᠠᠨ ᠵᠦᠪᠯᠡᠨ᠎ᠡ | ᠬᠤᠶᠠᠷ᠂ ᠣᠩᠨᠢᠭᠤᠳ ᠬᠤᠰᠢᠭᠤᠨ ᠤ 2024 ᠣᠨ ᠤ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ | ᠬᠥᠭᠵᠢᠯᠲᠡ ᠶᠢᠨ ᠲᠥᠯᠥᠪᠯᠡᠭᠡ ᠶᠢ ᠬᠡᠷᠡᠭᠵᠢᠭᠦᠯᠦᠭᠰᠡᠨ ᠪᠠᠶᠢᠳᠠᠯ ᠬᠢᠭᠡᠳ 2025 ᠣᠨ ᠤ ᠤᠯᠤᠰ ᠠᠷᠠᠳ ᠤᠨ | ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ ᠶᠢᠨ ᠲᠥᠰᠥᠯ ᠤᠨ ᠲᠤᠬᠠᠢ ᠣᠩᠨᠢᠭᠤᠳ | ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠮᠡᠳᠡᠭᠦᠯᠦᠯᠲᠡ ᠶᠢ ᠬᠢᠨᠠᠨ ᠪᠠᠶᠢᠴᠠᠭᠠᠵᠤ ᠵᠥᠪᠰᠢᠶᠡᠷᠡᠨ᠎ᠡ ᠃ | ᠣᠩᠨᠢᠭᠤᠳ ᠬᠤᠰᠢᠭᠤᠨ ᠤ 2025 ᠣᠨ ᠤ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ | ᠬᠥᠭᠵᠢᠯᠲᠡ ᠶᠢᠨ ᠲᠥᠯᠥᠪᠯᠡᠭᠡ ᠶᠢ ᠵᠥᠪᠰᠢᠶᠡᠷᠡᠨ᠎ᠡ ᠃ | ᠭᠤᠷᠪᠠ᠂ ᠣᠩᠨᠢᠭᠤᠳ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠣᠩᠨᠢᠭᠤᠳ ᠬᠤᠰᠢᠭᠤᠨ ᠤ | 2024 ᠣᠨ ᠤ ᠡᠳ᠋ ᠤᠨ ᠵᠠᠰᠠᠭ ᠤᠨ ᠲᠥᠰᠥᠪ ᠢ ᠭᠦᠢᠴᠡᠳᠬᠡᠭᠰᠡᠨ ᠪᠠᠶᠢᠳᠠᠯ ᠪᠣᠯᠣᠨ 2025 ᠣᠨ ᠤ ᠡᠳ᠋ ᠤᠨ | ᠵᠠᠰᠠᠭ ᠤᠨ ᠲᠥᠰᠥᠪ ᠤᠨ ᠲᠥᠰᠥᠯ ᠤᠨ ᠲᠤᠬᠠᠢ ᠮᠡᠳᠡᠭᠦᠯᠦᠯᠲᠡ ᠶᠢ ᠬᠢᠨᠠᠨ ᠪᠠᠶᠢᠴᠠᠭᠠᠬᠤ ᠪᠠ ᠵᠥᠪᠰᠢᠶᠡᠷᠡᠵᠦ᠂ | ᠣᠩᠨᠢᠭᠤᠳ ᠬᠤᠰᠢᠭᠤᠨ ᠤ 2025 ᠣᠨ ᠤ ᠡᠳ᠋ ᠤᠨ ᠵᠠᠰᠠᠭ ᠤᠨ ᠲᠥᠰᠥᠪ ᠢ ᠵᠥᠪᠰᠢᠶᠡᠷᠡᠨ᠎ᠡ ᠃ | ᠲᠦᠷᠪᠡ᠂ ᠣᠩᠨᠢᠭᠤᠳ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ | ᠬᠤᠷᠢᠶᠠᠨ ᠤ ᠠᠵᠢᠯ ᠤᠨ ᠮᠡᠳᠡᠭᠦᠯᠦᠯᠲᠡ ᠶᠢ ᠰᠣᠨᠣᠰᠴᠤ ᠬᠢᠨᠠᠨ ᠵᠦᠪᠯᠡᠨ᠎ᠡ ᠃ | ᠲᠠᠪᠤ᠂ ᠣᠩᠨᠢᠭᠤᠳ ᠬᠤᠰᠢᠭᠤᠨ ᠤ ᠠᠷᠠᠳ ᠤᠨ ᠰᠢᠭᠦᠬᠦ ᠬᠤᠷᠢᠶᠠᠨ ᠤ ᠠᠵᠢᠯ ᠤᠨ ᠮᠡᠳᠡᠭᠦᠯᠦᠯᠲᠡ ᠶᠢ | ᠰᠣᠨᠣᠰᠴᠤ ᠬᠢᠨᠠᠨ ᠵᠦᠪᠯᠡᠨ᠎ᠡ ᠃ | ᠵᠢᠷᠭᠤᠭ᠎ᠠ᠂ ᠣᠩᠨᠢᠭᠤᠳ ᠬᠤᠰᠢᠭᠤᠨ ᠤ ᠠᠷᠠᠳ ᠤᠨ ᠪᠠᠶᠢᠴᠠᠭᠠᠬᠤ ᠬᠤᠷᠢᠶᠠᠨ ᠤ ᠠᠵᠢᠯ ᠤᠨ | ᠮᠡᠳᠡᠭᠦᠯᠦᠯᠲᠡ ᠶᠢ ᠰᠣᠨᠣᠰᠴᠤ ᠬᠢᠨᠠᠨ ᠵᠦᠪᠯᠡᠨ᠎ᠡ ᠃ | ᠳᠤᠯᠤᠭ᠎ᠠ᠂ᠣᠩᠨᠢᠭᠤᠳ ᠬᠤᠰᠢᠭᠤᠨ ᠤ ᠠᠷᠪᠠᠨ ᠨᠠᠢᠮᠠᠳᠤᠭᠠᠷ ᠬᠤᠭᠤᠴᠠᠭᠠᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ᠂ ᠭᠡᠰᠢᠭᠦᠨ ᠢ ᠨᠥᠬᠦᠨ | ᠰᠤᠩᠭᠤᠨ᠎ᠠ ᠃ | ᠨᠠᠢᠮᠠ᠂ ᠣᠩᠨᠢᠭᠤᠳ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠬᠤᠰᠢᠭᠤᠨ ᠳᠠᠷᠤᠭ᠎ᠠ ᠶᠢ ᠨᠥᠬᠦᠨ | ᠰᠤᠩᠭᠤᠨ᠎ᠠ ᠃ | ᠶᠢᠰᠦ᠂ ᠣᠩᠨᠢᠭᠤᠳ ᠬᠤᠰᠢᠭᠤᠨ ᠤ ᠠᠷᠠᠳ ᠤᠨ ᠰᠢᠭᠦᠬᠦ ᠬᠤᠷᠢᠶᠠᠨ ᠤ ᠬᠤᠷᠢᠶᠠᠨ ᠳᠠᠷᠤᠭ᠎ᠠ ᠶᠢ ᠨᠥᠬᠦᠨ | ᠰᠤᠩᠭᠤᠨ᠎ᠠ᠃ | ᠠᠷᠪᠠ᠂ ᠣᠩᠨᠢᠭᠤᠳ ᠬᠤᠰᠢᠭᠤᠨ ᠤ 2025 ᠣᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ | ᠲᠥᠷᠥᠯ ᠵᠦᠢᠯ ᠢ ᠬᠢᠨᠠᠨ ᠵᠦᠪᠯᠡᠵᠥ ᠪᠢᠯᠧᠲ ᠦᠭᠭᠦᠨ ᠲᠣᠭᠲᠠᠭᠠᠵᠤ᠂ 2024 ᠣᠨ ᠤ ᠨᠢᠭᠡᠨᠲᠡ | ᠪᠡᠶᠡᠯᠡᠭᠦᠯᠦᠭᠰᠡᠨ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠢᠯ ᠳᠤ ᠬᠠᠨᠤᠮᠵᠢ ᠶᠢᠨ | ᠬᠡᠮᠵᠢᠶ᠎ᠡ ᠶᠢᠨ ᠦᠨᠡᠯᠡᠯᠲᠡ ᠬᠢᠨ᠎ᠡ ᠃ | ᠠᠷᠪᠠᠨ ᠨᠢᠭᠡ᠂ ᠣᠩᠨᠢᠭᠤᠳ ᠬᠤᠰᠢᠭᠤᠨ ᠤ ᠠᠷᠪᠠᠨ ᠨᠠᠢᠮᠠᠳᠤᠭᠠᠷ ᠬᠤᠭᠤᠴᠠᠭᠠᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠬᠡᠰᠡᠭ ᠲᠤᠰᠬᠠᠢ ᠵᠥᠪᠯᠡᠯ ᠤᠨ ᠨᠡᠷᠡᠶᠢᠳᠦᠯ ᠢ ᠬᠤᠪᠢᠷᠠᠭᠤᠯᠬᠤ ᠵᠢᠴᠢ | ᠡᠷᠬᠢᠯᠡᠭᠴᠢ ᠭᠡᠰᠢᠭᠦᠨ ᠤ ᠵᠢᠱᠢᠭᠳᠡᠭᠴᠢ ᠶᠢ ᠲᠣᠬᠢᠷᠠᠭᠤᠯᠬᠤ ᠲᠤᠬᠠᠢ ᠲᠣᠭᠲᠠᠭᠠᠯ ︵ᠲᠥᠰᠥᠯ︶ ᠢ ᠬᠢᠨᠠᠨ ᠵᠦᠪᠯᠡᠵᠥ | ᠳᠤᠭᠳᠠᠭᠠᠨ᠎ᠠ᠃ | | |