ᠬᠤᠰᠢᠭᠤᠨ ᠤ ᠠᠷᠪᠠᠨ ᠨᠠᠢᠮᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ ᠤᠳᠠᠭ᠎ᠠ ᠶᠢᠨ ᠬᠤᠷᠠᠯ ᠬᠤᠷᠠᠯᠳᠤᠵᠤ ᠡᠬᠢᠯᠡᠪᠡ
ᠨᠡᠶᠢᠲᠡᠯᠡᠭᠰᠡᠨ ᠴᠠᠭ᠄
2025/2/5
     1 ᠰᠠᠷ᠎ᠠ ᠶᠢᠨ 20 ᠤ ᠦᠳᠡ ᠶᠢᠨ ᠡᠮᠦᠨ᠎ᠡ᠂ ᠣᠩᠨᠢᠭᠤᠳ ᠬᠤᠰᠢᠭᠤᠨ ᠤ ᠠᠷᠪᠠᠨ ᠨᠠᠢᠮᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ ᠬᠤᠷᠠᠯᠳᠤᠭᠠᠨ ᠬᠤᠰᠢᠭᠤᠨ ᠤ ᠵᠠᠰᠠᠭ ᠤᠨ ᠣᠷᠳᠣᠨ ᠤ ᠶᠣᠰᠣᠯᠠᠯ ᠤᠨ ᠲᠠᠩᠬᠢᠮ ᠳᠤ ᠡᠬᠢᠯᠡᠪᠡ᠃ ᠪᠥᠬᠦ ᠬᠤᠰᠢᠭᠤᠨ ᠤ ᠡᠯ᠎ᠡ ᠭᠠᠵᠠᠷ ᠂ ᠡᠯ᠎ᠡ ᠹᠷᠣᠨᠲ ᠠᠴᠠ ᠢᠷᠡᠭᠰᠡᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠠᠷᠠᠳ ᠲᠦᠮᠡᠨ ᠤ ᠬᠦᠰᠡᠯ ᠨᠠᠶᠢᠳᠠᠯᠭ᠎ᠠ ᠶᠢ ᠡᠭᠦᠷᠭᠡᠯᠡᠨ ᠶᠡᠭᠡ ᠬᠤᠷᠠᠯ ᠳᠤ ᠤᠷᠤᠯᠴᠠᠵᠠᠢ᠃      ᠶᠡᠭᠡ ᠬᠤᠷᠠᠯ ᠤᠨ ᠭᠦᠢᠴᠡᠳᠬᠡᠭᠴᠢ ᠲᠡᠷᠢᠭᠦᠯᠡᠭᠴᠢ ᠮᠦᠩᠬᠡ᠂ ᠯᠢ ᠢᠦᠢ ᠲᠢᠩ᠂ ᠮᠠ ᠶᠦᠩ ᠭᠠᠩ᠂ ᠬᠥᠭᠵᠢᠯᠲᠦ᠂ ᠰᠦᠨ ᠮᠢᠩ ᠲᠤᠤ᠂ ᠤᠳᠤᠨᠴᠢᠮᠡᠭ᠂ ᠵᠧᠩ ᠱᠸᠦ ᠰᠢᠤᠸᠠᠢ᠂ ᠯᠢᠨ ᠬᠤ᠋᠂ ᠸᠧᠨ ᡁᠢ ᠭᠠᠩ ᠲᠡᠷᠢᠭᠦᠯᠡᠭᠴᠢ ᠶᠢᠨ ᠲᠠᠶᠢᠰᠠᠨ ᠤ ᠡᠮᠦᠨ᠎ᠡ ᠮᠥᠷ ᠲᠤ ᠰᠠᠭᠠᠲᠠᠵᠤ᠂ ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠬᠦᠮ ᠤᠨ ᠬᠡᠰᠢᠭᠦᠳ ᠲᠡᠷᠢᠭᠦᠯᠡᠭᠴᠢ ᠶᠢᠨ ᠲᠠᠶᠢᠰᠠᠨ ᠳᠤ ᠰᠠᠭᠠᠲᠠᠪᠠ᠃ᠬᠤᠰᠢᠭᠤᠨ ᠤ ᠠᠷᠪᠠᠨ ᠨᠠᠢᠮᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ ᠬᠤᠷᠠᠯ ᠳᠤ ᠣᠷᠣᠯᠴᠠᠬᠤ ᠶᠣᠰᠣᠲᠠᠶ ᠲᠥᠯᠥᠭᠡᠯᠡᠭᠴᠢ 228 ᠬᠥᠮᠦᠨ᠂ 198 ᠬᠥᠮᠦᠨ ᠣᠷᠣᠯᠴᠠᠵᠤ ᠂ ᠬᠤᠷᠠᠯ ᠳᠤ ᠣᠷᠣᠯᠴᠠᠭᠰᠠᠨ ᠬᠥᠮᠦᠨ ᠤ ᠲᠤᠭ᠎ᠠ ᠬᠠᠤᠯᠢ ᠳᠤ ᠲᠣᠭᠲᠠᠭᠠᠭᠰᠠᠨ ᠬᠥᠮᠦᠨ ᠤ ᠲᠤᠭ᠎ᠠ ᠳᠤ ᠨᠡᠶᠢᠴᠡᠨ᠎ᠡ᠃     ᠦᠳᠡ ᠶᠢᠨ ᠡᠮᠦᠨᠡᠬᠢ 8 ᠴᠠᠭ ᠲᠤ᠂ ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠬᠦᠮ ᠤᠨ ᠪᠠᠶᠢᠩᠭᠤ ᠶᠢᠨ ᠲᠡᠷᠢᠭᠦᠯᠡᠭᠴᠢ᠂ ᠭᠦᠢᠴᠡᠳᠬᠡᠭᠴᠢ ᠲᠡᠷᠢᠭᠦᠯᠡᠭᠴᠢ ᠯᠢ ᠢᠦᠢ ᠲᠢᠩ ᠶᠡᠭᠡ ᠬᠤᠷᠠᠯ ᠢ ᠡᠷᠬᠢᠯᠡᠭᠰᠡᠨ ᠪᠥᠭᠡᠳ ᠶᠡᠭᠡ ᠬᠤᠷᠠᠯ ᠡᠬᠢᠯᠡᠭᠰᠡᠨ ᠢ ᠵᠠᠷᠯᠠᠪᠠ᠃     ᠬᠤᠷᠠᠯ ᠤᠨ ᠵᠥᠪᠯᠡᠬᠦ ᠵᠦᠢᠯ ᠢ ᠦᠨᠳᠦᠰᠦᠯᠡᠨ᠂ ᠬᠤᠰᠢᠭᠤᠨ ᠨᠠᠮ ᠤᠨ ᠬᠤᠷᠢᠶᠠᠨ ᠤ ᠳᠡᠳ᠋ ᠱᠦᠵᠢ᠂ ᠣᠷᠣᠯᠠᠭᠴᠢ ᠬᠤᠰᠢᠭᠤᠨ ᠳᠠᠷᠤᠭ᠎ᠠ ᠮᠠ ᠶᠦᠩ ᠭᠠᠩ ᠶᠡᠭᠡ ᠬᠤᠷᠠᠯ ᠳᠤ ᠬᠤᠰᠢᠭᠤᠨ ᠤ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠬᠢᠪᠠ᠃ ᠮᠡᠳᠡᠭᠦᠯᠦᠯᠲᠡ ᠨᠢ 2024 ᠣᠨ ᠤ ᠠᠵᠢᠯ ᠤᠨ ᠡᠷᠭᠢᠴᠡᠭᠦᠯᠦᠯ ᠪᠤᠯᠤᠨ 2025 ᠣᠨ ᠤ ᠭᠤᠣᠯᠳᠠᠯᠭ᠎ᠠ ᠲᠠᠢ ᠠᠵᠢᠯ ᠵᠡᠷᠭᠡ ᠬᠤᠶᠠᠷ ᠬᠡᠰᠡᠭ ᠢᠶᠠᠷ ᠪᠦᠷᠢᠯᠳᠦᠵᠡᠢ᠃     ᠮᠠ ᠶᠦᠩ ᠭᠠᠩ ᠬᠡᠯᠡᠭᠰᠡᠨ ᠨᠢ᠂ 2024 ᠤᠨ ᠪᠣᠯ ᠪᠥᠬᠦ ᠬᠤᠰᠢᠭᠤᠨ ᠤ ᠬᠥᠭᠵᠢᠯᠲᠡ ᠶᠢᠨ ᠰᠠᠭᠤᠷᠢ ᠶᠢ ᠪᠠᠬᠢᠵᠢᠭᠦᠯᠬᠦ ᠵᠠᠩᠭᠢᠯᠠᠭ᠎ᠠ ᠶᠢᠨ ᠵᠢᠯ ᠮᠥᠨ᠃ ᠨᠢᠭᠡ ᠵᠢᠯ ᠤᠨ ᠲᠤᠷᠰᠢ᠂ ᠬᠤᠰᠢᠭᠤᠨ ᠵᠠᠰᠠᠭ ᠤᠨ ᠣᠷᠳᠣᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠬᠤ ᠶᠢ ᠪᠠᠷᠢᠮᠲᠠᠯᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠠᠵᠢᠯ ᠤᠨ ᠭᠤᠤᠯ ᠰᠢᠵᠢᠮ ᠪᠤᠯᠭᠠᠨ᠂ ᠳᠡᠭᠡᠳᠦ ᠱᠠᠲᠤᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠪᠣᠯᠤᠨ ᠬᠤᠰᠢᠭᠤᠨ ᠨᠠᠮ ᠤᠨ ᠬᠤᠷᠢᠶ᠎ᠠ ᠶᠢᠨ ᠪᠠᠲᠤ ᠴᠢᠩᠭ᠎ᠠ ᠤᠳᠤᠷᠢᠳᠤᠯᠭ᠎ᠠ ᠳᠣᠤᠷ᠎ᠠ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠬᠢᠨᠠᠯᠲᠠ ᠳᠡᠮᠵᠢᠯᠭᠡ ᠳᠣᠤᠷ᠎ᠠ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠵᠦ᠂ ︽ᠵᠢᠷᠭᠤᠭᠠᠨ ᠢᠨᠵᠧᠨᠧᠷᠢᠩ︾ ᠢ ᠪᠥᠬᠦ ᠬᠦᠴᠦᠨ ᠢᠶᠠᠷ ᠢᠶᠠᠨ ᠠᠬᠢᠭᠤᠯᠤᠨ᠂ ᠪᠥᠬᠦ ᠬᠤᠰᠢᠭᠤᠨ ᠤ ᠠᠵᠤ ᠠᠬᠤᠶ ᠨᠡᠶᠢᠭᠡᠮ ᠤᠨ ᠬᠥᠭᠵᠢᠯᠲᠡ ᠯᠠᠪᠳᠠᠭᠤᠨ ᠪᠠᠲᠤᠲᠠᠶ ᠠᠬᠢᠭᠤᠯᠤᠭᠰᠠᠨ ᠪᠠᠶᠢᠨ᠎ᠠ ᠭᠡᠵᠡᠢ᠃     ᠮᠠ ᠶᠦᠩ ᠭᠠᠩ ᠨᠠᠢᠮᠠᠨ ᠲᠠᠯ᠎ᠠ ᠪᠠᠷ ᠥᠩᠭᠡᠷᠡᠭᠰᠡᠨ ᠨᠢᠭᠡ ᠵᠢᠯ ᠤᠨ ᠠᠵᠢᠯ ᠢᠶᠠᠨ ᠡᠷᠭᠢᠴᠡᠭᠦᠯᠪᠡ᠄ ᠨᠢᠭᠡ ᠳᠤ᠂ ᠤᠯᠠᠨ ᠤᠯᠠᠨ ᠬᠦᠴᠢᠷ ᠢ ᠢᠯᠠᠨ ᠳᠠᠪᠠᠵᠤ᠂ ᠠᠵᠤ ᠠᠬᠤᠢ ᠶᠢᠨ ᠬᠥᠭᠵᠢᠯᠲᠡ ᠪᠠᠶᠠᠷᠯᠠᠭᠤᠰᠢᠲᠠᠢ ᠠᠮᠵᠢᠯᠲᠠ ᠤᠯᠪᠠ᠃ ᠬᠤᠶᠠᠷ ᠲᠤ᠂ ᠬᠡᠯᠪᠡᠷᠢ ᠪᠠᠨ ᠬᠤᠪᠢᠷᠠᠭᠤᠯᠤᠨ ᠲᠡᠰ ᠳᠡᠪᠰᠢᠭᠦᠯᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠪᠦᠬᠦ ᠬᠦᠴᠦᠨ ᠢᠶᠠᠷ ᠢᠶᠠᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠵᠦ᠂ ᠤᠳᠤᠬᠢᠴᠢᠯᠠᠭᠰᠠᠨ ᠠᠵᠤ ᠦᠢᠯᠡᠰ ᠤᠨ ᠰᠢᠰᠲ᠋ᠧᠮ ᠢ ᠲᠦᠷᠭᠡᠳᠬᠡᠨ ᠪᠠᠶᠢᠭᠤᠯᠪᠠ᠃ ᠭᠤᠷᠪᠠ ᠳᠤ᠂ ᠵᠠᠰᠠᠯᠲᠠ ᠶᠢᠨ ᠰᠢᠨ᠎ᠡ ᠵᠠᠭᠪᠤᠷ ᠢ ᠡᠭᠦᠳᠴᠦ ᠂ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠦᠷᠭᠦᠯᠵᠢᠯᠡᠨ ᠪᠠᠬᠢᠵᠢᠭᠦᠯᠪᠡ᠃ ᠲᠦᠷᠪᠡ ᠳᠤ᠂ ᠰᠠᠭᠤᠷᠢ ᠪᠦᠳᠦᠭᠡᠨ ᠪᠠᠶᠢᠭᠤᠯᠤᠯᠲᠠ ᠶᠢ ᠴᠢᠩᠭᠠᠳᠬᠠᠵᠤ᠂ ᠴᠢᠳᠠᠮᠵᠢ ᠶᠢ ᠢᠵᠢ ᠪᠦᠷᠢᠳᠦᠭᠦᠯᠦᠨ᠂ ᠬᠤᠳᠠ ᠬᠥᠳᠡᠭᠡ ᠶᠢᠨ ᠳᠦᠷᠰᠦ ᠪᠠᠶᠢᠳᠠᠯ ᠢ ᠪᠦᠲᠦᠮᠵᠢᠲᠡᠢ ᠰᠠᠶᠢᠵᠢᠷᠠᠭᠤᠯᠪᠠ᠃ ᠲᠠᠪᠤ ᠳᠤ᠂ ᠪᠠᠲᠤᠯᠠᠭ᠎ᠠ ᠶᠢᠨ ᠲᠦᠪᠰᠢᠨ ᠢ ᠳᠡᠭᠡᠭᠰᠢᠯᠡᠭᠦᠯᠵᠦ ᠂ ᠠᠷᠠᠳ ᠤᠨ ᠠᠮᠢᠳᠤᠷᠠᠯ ᠢ ᠨᠡᠩ ᠪᠠᠶᠠᠨ ᠴᠢᠨᠡᠭᠡᠯᠢᠭ ᠪᠤᠯᠭᠠᠪᠠ᠃ ᠵᠢᠷᠭᠤᠭ᠎ᠠ ᠳᠤ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ ᠭᠦᠨᠵᠡᠭᠡᠶᠢᠷᠡᠭᠦᠯᠵᠦ᠂ ᠠᠷᠠᠯᠵᠢᠶ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠦᠨ᠂ ᠬᠥᠭᠵᠢᠯᠲᠡ ᠶᠢᠨ ᠠᠮᠢᠵᠢᠷᠠᠯ ᠤᠨ ᠬᠦᠴᠦᠨ ᠢ ᠨᠡᠩ ᠰᠠᠶᠢᠨ ᠳᠡᠭᠡᠭᠰᠢᠯᠡᠭᠦᠯᠪᠡ᠃ ᠲᠤᠯᠤᠭ᠎ᠠ ᠳᠤ᠂ ᠠᠶᠤᠯ ᠲᠦᠭᠰᠢᠭᠦᠷᠢ ᠶᠢᠨ ᠭᠡᠮ ᠰᠣᠭᠤᠭ ᠢ ᠠᠷᠢᠯᠭᠠᠵᠤ᠂ ᠨᠡᠶᠢᠭᠡᠮ ᠤᠨ ᠡᠶ᠎ᠡ ᠵᠣᠬᠢᠴᠠᠩᠭᠤᠢ ᠲᠣᠭᠲᠠᠭᠤᠨ ᠪᠠᠶᠢᠬᠤ ᠶᠢ ᠪᠠᠲᠤᠯᠠᠪᠠ᠃ ᠨᠠᠢᠮᠠ ᠳᠤ᠂᠂ ᠤᠯᠠᠨ ᠲᠦᠮᠡᠨ ᠤ ᠬᠦᠰᠡᠯ ᠨᠠᠶᠢᠳᠠᠯᠭ᠎ᠠ ᠶᠢ ᠪᠠᠲᠤ ᠴᠡᠭᠡᠵᠢᠯᠡᠵᠦ᠂ ᠵᠠᠰᠠᠭ ᠵᠠᠬᠢᠷᠭᠠᠨ ᠤ ᠴᠢᠳᠠᠮᠵᠢ ᠶᠢ ᠦᠷᠭᠦᠯᠵᠢᠯᠡᠨ ᠳᠡᠭᠡᠭᠰᠢᠯᠡᠭᠦᠯᠪᠡ ᠭᠡᠵᠡᠢ᠃     2025 ᠤᠨ ᠤ ᠭᠤᠤᠯᠳᠠᠯᠭ᠎ᠠ ᠲᠠᠢ ᠠᠵᠢᠯ ᠤᠨ ᠲᠤᠬᠠᠶ ᠮᠠ ᠶᠦᠩ ᠭᠠᠩ ᠵᠢᠭᠠᠵᠤ ᠭᠠᠷᠭᠠᠭᠰᠠᠨ ᠨᠢ᠂ ᠡᠨᠡ ᠵᠢᠯ ᠬᠤᠰᠢᠭᠤᠨ ᠵᠠᠰᠠᠭ ᠤᠨ ᠣᠷᠳᠣᠨ ᠨᠠᠢᠮᠠᠨ ᠲᠠᠯ᠎ᠠ ᠶᠢᠨ ᠠᠵᠢᠯ ᠢ ᠭᠤᠤᠯᠳᠠᠯᠭ᠎ᠠ ᠲᠠᠢ ᠰᠠᠶᠢᠲᠤᠷ ᠬᠢᠨ᠎ᠠ᠄ ᠨᠢᠭᠡ ᠳᠤ ᠠᠵᠤ ᠦᠢᠯᠡᠳᠪᠦᠷᠢ ᠶᠢ ᠶᠡᠬᠡᠪᠡᠷ ᠠᠳᠬᠤᠨ᠎ᠠ᠃ ᠬᠤᠶᠠᠷ ᠲᠤ᠂ ᠰᠠᠭᠤᠷᠢ ᠶᠢ ᠪᠠᠳᠤᠳᠬᠠᠨ᠂ ᠬᠡᠯᠬᠢᠶ᠎ᠡ ᠶᠢ ᠴᠢᠩᠭᠠᠳᠬᠠᠵᠤ᠂ ᠲᠠᠷᠢᠶᠠᠯᠠᠩ ᠮᠠᠯ ᠠᠵᠤ ᠠᠬᠤᠢ ᠶᠢᠨ ᠶᠠᠰᠤ ᠴᠢᠨᠠᠷ ᠦᠷ᠎ᠡ ᠠᠰᠢᠭ ᠤᠨ ᠬᠤᠣᠰ ᠳᠡᠭᠡᠭᠰᠢᠯᠡᠯᠲᠡ ᠶᠢ ᠠᠬᠢᠭᠤᠯᠤᠨ᠎ᠠ᠃ ᠭᠤᠷᠪᠠ ᠳᠤ᠂ ᠰᠣᠶᠣᠯ ᠵᠢᠭᠤᠯᠴᠢᠯᠠᠯ ᠢ ᠠᠭᠤᠰᠤᠯᠴᠠᠭᠤᠯᠬᠤ ᠶᠢ ᠪᠠᠷᠢᠮᠲᠠᠯᠠᠵᠤ᠂ ᠦᠢᠯᠡᠴᠢᠯᠡᠭᠡᠨ ᠤ ᠦᠢᠯᠡᠰ ᠢ ᠬᠦᠭᠵᠢᠭᠦᠯᠦᠨ᠎ᠡ᠃ ᠲᠦᠷᠪᠡ ᠳᠤ᠂ ᠠᠮᠢ ᠠᠬᠤᠢ ᠶᠢ ᠲᠡᠷᠢᠭᠦᠨ ᠳᠤ ᠲᠠᠯᠪᠢᠬᠤ ᠶᠢ ᠪᠠᠷᠢᠮᠲᠠᠯᠠᠵᠤ᠂ ᠰᠢᠰᠲ᠋ᠧᠮ ᠲᠠᠢ ᠵᠠᠰᠠᠯᠲᠠ ᠶᠢ ᠭᠦᠨᠵᠡᠭᠡᠶᠢᠷᠡᠭᠦᠯᠦᠨ᠎ᠡ᠃ ᠲᠠᠪᠤ ᠳᠤ᠂ ᠲᠦᠷᠦᠯ ᠵᠦᠢᠯ ᠢᠶᠠᠷ ᠭᠤᠣᠯ ᠪᠣᠯᠭᠠᠬᠤ ᠶᠢ ᠪᠠᠷᠢᠮᠲᠠᠯᠠᠵᠤ᠂ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠶᠢ ᠴᠢᠩᠭᠠᠳᠬᠠᠨ᠎ᠠ᠃ ᠵᠢᠷᠭᠤᠭ᠎ᠠ ᠳᠤ᠂ ᠣᠷᠣᠨ ᠪᠦᠰᠡ ᠬᠤᠯᠪᠤᠭᠠᠯᠠᠬᠤ ᠶᠢ ᠪᠠᠷᠢᠮᠲᠠᠯᠠᠵᠤ᠂ ᠬᠤᠳᠠ ᠬᠥᠳᠡᠭᠡ ᠶᠢᠨ ᠬᠥᠭᠵᠢᠯᠲᠡ ᠶᠢ ᠬᠦᠴᠦᠯᠡᠨ ᠰᠠᠶᠢᠵᠢᠷᠠᠭᠤᠯᠤᠨ᠎ᠠ᠃ ᠲᠤᠯᠤᠭ᠎ᠠ ᠳᠤ᠂ ᠬᠥᠮᠦᠨ ᠢᠶᠠᠷ ᠦᠨᠳᠦᠰᠦ ᠪᠣᠯᠭᠠᠬᠤ ᠶᠢ ᠪᠠᠷᠢᠮᠲᠠᠯᠠᠵᠤ᠂ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠤᠨ᠎ᠠ᠃ ᠨᠠᠢᠮᠠ ᠳᠤ᠂ ᠬᠠᠮᠲᠤ ᠪᠠᠷ ᠵᠠᠰᠠᠵᠤ ᠬᠠᠮᠲᠤ ᠪᠠᠷ ᠡᠳ᠋ᠯᠡᠬᠦ ᠶᠢ ᠪᠠᠷᠢᠮᠲᠠᠯᠠᠵᠤ᠂ ᠬᠤᠷᠢᠭ᠎ᠠ ᠱᠤᠭᠤᠮ ᠢ ᠪᠠᠲᠤ ᠰᠠᠬᠢᠵᠤ᠂ ᠨᠡᠶᠢᠭᠡᠮ ᠤᠨ ᠡᠶ᠎ᠡ ᠵᠣᠬᠢᠴᠠᠩᠭᠤᠢ ᠲᠣᠭᠲᠠᠭᠤᠨ ᠢ ᠦᠨᠡᠨ ᠬᠦ ᠬᠠᠮᠠᠭᠠᠯᠠᠨ᠎ᠠ ᠭᠡᠵᠡᠢ᠃      ᠬᠤᠷᠠᠯ ᠤᠨ ᠵᠥᠪᠯᠡᠬᠦ ᠵᠦᠢᠯ ᠢ ᠦᠨᠳᠦᠰᠦᠯᠡᠨ᠂ ᠶᠡᠭᠡ ᠬᠤᠷᠠᠯ ᠠᠴᠠ ᠬᠤᠰᠢᠭᠤᠨ ᠵᠠᠰᠠᠭ ᠤᠨ ᠣᠷᠳᠣᠨ ᠤ 2024 ᠣᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠢᠯ ᠢ ᠬᠡᠷᠡᠭᠵᠢᠭᠦᠯᠦᠭᠰᠡᠨ ᠪᠠᠶᠢᠳᠠᠯ ᠤᠨ ᠲᠤᠬᠠᠶ ᠮᠡᠳᠡᠭᠦᠯᠦᠯᠲᠡ ᠪᠠ 2025 ᠣᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠵᠢᠱᠢᠭᠳᠡᠭᠴᠢ ᠶᠢᠨ ᠲᠥᠷᠥᠯ ᠵᠦᠢᠯ ᠢ ᠡᠯᠰᠡᠨ ᠴᠤᠭᠯᠠᠭᠤᠯᠵᠤ ᠠᠩᠬ᠎ᠠ ᠲᠣᠭᠲᠠᠭᠠᠭᠰᠠᠨ ᠪᠠᠶᠢᠳᠠᠯ ᠤᠨ ᠲᠤᠬᠠᠶ ᠲᠣᠳᠣᠷᠬᠠᠶᠢᠯᠠᠯᠲᠠ ᠶᠢ ᠰᠣᠨᠣᠰᠴᠤ ᠬᠢᠨᠠᠨ ᠵᠥᠪᠯᠡᠪᠡ︔ ᠬᠤᠰᠢᠭᠤᠨ ᠤ ᠰᠢᠭᠦᠬᠦ ᠬᠤᠷᠢᠶ᠎ᠠ ᠪᠤᠯᠤᠨ ᠪᠠᠶᠢᠴᠠᠭᠠᠬᠤ ᠬᠤᠷᠢᠶᠠᠨ ᠤ ᠠᠵᠢᠯ ᠤᠨ ᠮᠡᠳᠡᠭᠦᠯᠦᠯᠲᠡ ᠶᠢ ᠰᠣᠨᠣᠰᠴᠤ ᠬᠢᠨᠠᠨ ᠵᠥᠪᠯᠡᠪᠡ︔ 2024 ᠣᠨ ᠤ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠲᠦᠯᠥᠪᠵᠢᠭᠦᠯᠭᠡ ᠶᠢ ᠬᠡᠷᠡᠭᠵᠢᠭᠦᠯᠦᠭᠰᠡᠨ ᠪᠠᠶᠢᠳᠠᠯ ᠬᠢᠭᠡᠳ 2025 ᠣᠨ ᠤ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠲᠦᠯᠥᠪᠵᠢᠭᠦᠯᠭᠡ ᠶᠢᠨ ᠲᠥᠰᠦᠯ ᠤᠨ ᠲᠤᠬᠠᠶ ᠬᠤᠰᠢᠭᠤᠨ ᠵᠠᠰᠠᠭ ᠤᠨ ᠣᠷᠳᠣᠨ ᠤ ᠮᠡᠳᠡᠭᠦᠯᠦᠯᠲᠡ ᠶᠢ ᠬᠢᠨᠠᠨ ᠪᠠᠶᠢᠴᠠᠭᠠᠪᠠ︔ 2024 ᠣᠨ ᠤ ᠡᠳ᠋ ᠤᠨ ᠵᠠᠰᠠᠭ ᠤᠨ ᠲᠥᠰᠦᠪ ᠢ ᠭᠦᠢᠴᠡᠳᠬᠡᠭᠰᠡᠨ ᠪᠠᠶᠢᠳᠠᠯ ᠬᠢᠭᠡᠳ 2025 ᠣᠨ ᠤ ᠡᠳ᠋ ᠤᠨ ᠵᠠᠰᠠᠭ ᠤᠨ ᠲᠥᠰᠦᠪ ᠤᠨ ᠲᠥᠰᠦᠯ ᠤᠨ ᠲᠤᠬᠠᠶ ᠬᠤᠰᠢᠭᠤᠨ ᠵᠠᠰᠠᠭ ᠤᠨ ᠣᠷᠳᠣᠨ ᠤ ᠮᠡᠳᠡᠭᠦᠯᠦᠯᠲᠡ ᠶᠢ ᠬᠢᠨᠠᠨ ᠪᠠᠶᠢᠴᠠᠭᠠᠪᠠ᠃
 
ᠢᠷᠡᠯᠲᠡ᠄ ᠣᠩᠨᠢᠭᠤᠳ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号