ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠠᠷᠪᠠᠨ ᠲᠠᠪᠤᠳᠤᠭᠠᠷ ᠬᠤᠭᠤᠴᠠᠭᠠᠨ ᠤ ᠳᠥᠷᠪᠡᠳᠦᠭᠡᠷ ᠬᠤᠷᠠᠯᠳᠤᠭᠠᠨ ᠠᠮᠵᠢᠯᠲᠠ ᠲᠠᠢ ᠲᠡᠭᠦᠰᠪᠡ
ᠨᠡᠶᠢᠲᠡᠯᠡᠭᠰᠡᠨ ᠴᠠᠭ᠄
2025/2/5
    ᠳᠤᠮᠳᠠᠳᠤ ᠤᠯᠤᠰ ᠤᠨ ᠠᠷᠠᠳ ᠤᠨ ᠤᠯᠤᠰ ᠲᠥᠷᠥ ᠶᠢᠨ ᠵᠥᠪᠯᠡᠯᠭᠡᠨ ᠤ ᠠᠷᠪᠠᠨ ᠲᠠᠪᠤᠳᠤᠭᠠᠷ ᠬᠤᠭᠤᠴᠠᠭᠠᠨ ᠤ ᠣᠩᠨᠢᠭᠤᠳ ᠬᠤᠰᠢᠭᠤᠨ ᠤ ᠵᠦᠪᠯᠡᠯ ᠤᠨ ᠳᠥᠷᠪᠡᠳᠦᠭᠡᠷ ᠬᠤᠷᠠᠯᠳᠤᠭᠠᠨ 1 ᠰᠠᠷ᠎ᠠ ᠶᠢᠨ 19 ᠤ ᠦᠳᠡ ᠶᠢᠨ ᠡᠮᠦᠨ᠎ᠡ ᠬᠤᠰᠢᠭᠤᠨ ᠤ ᠵᠠᠰᠠᠭ ᠤᠨ ᠣᠷᠳᠣᠨ ᠤ ᠶᠣᠰᠣᠯᠠᠯ ᠤᠨ ᠲᠠᠩᠬᠢᠮ ᠳᠤ ᠬᠤᠷᠠᠯᠳᠤᠵᠤ ᠡᠬᠢᠯᠡᠪᠡ᠃     ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠠᠷᠪᠠᠨ ᠲᠠᠪᠤᠳᠤᠭᠠᠷ ᠬᠤᠭᠤᠴᠠᠭᠠᠨ ᠤ ᠳᠥᠷᠪᠡᠳᠦᠭᠡᠷ ᠬᠤᠷᠠᠯᠳᠤᠭᠠᠨ ᠳᠤ ᠣᠷᠣᠯᠴᠠᠬᠤ ᠶᠣᠰᠣᠲᠠᠶ ᠭᠡᠰᠢᠭᠦᠨ 224 ᠬᠦᠮᠥᠨ᠂ ᠪᠣᠳᠠᠲᠠᠶ ᠣᠷᠣᠯᠴᠠᠭᠰᠠᠨ ᠨᠢ 189 ᠬᠥᠮᠦᠨ ᠪᠠᠶᠢᠵᠤ᠂ ᠬᠤᠷᠠᠯ ᠡᠬᠢᠯᠡᠬᠦ ᠲᠣᠭᠲᠠᠭᠰᠠᠨ ᠬᠥᠮᠦᠨ ᠤ ᠲᠤᠭ᠎ᠠ ᠳᠤ ᠨᠡᠶᠢᠴᠡᠭᠰᠡᠨ ᠪᠠᠶᠢᠨ᠎ᠠ᠃     ᠬᠤᠰᠢᠭᠤᠨ ᠤ ᠨᠠᠮ ᠤᠨ ᠬᠤᠷᠢᠶᠠᠨ ᠤ ᠱᠦᠵᠢ ᠮᠥᠩᠬᠡ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠣᠷᠣᠯᠠᠭᠴᠢ ᠬᠤᠰᠢᠭᠤᠨ ᠳᠠᠷᠤᠭ᠎ᠠ ᠮᠠ ᠶᠦᠩ ᠭᠠᠩ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠯᠢ ᠢᠦᠶ ᠲᠢᠩ ᠲᠡᠷᠢᠭᠦᠯᠡᠭᠴᠢ ᠶᠢᠨ ᠲᠠᠶᠢᠰᠠᠨ ᠳᠤ ᠰᠠᠭᠤᠯᠴᠠᠪᠠ᠃     ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠬᠥᠭᠵᠢᠯᠲᠦ᠂ ᠳᠡᠳ᠋ ᠲᠡᠷᠢᠭᠦᠯᠡᠭᠴᠢ ᠯᠢ ᠶᠠᠨ᠂ ᠰᠠᠶᠢᠨᠪᠠᠲᠤ᠂ ᠶᠠᠩ ᠪᠦᠦ ᠰᠧᠨ᠂ ᠨᠠᠷᠢᠨ ᠪᠢᠴᠢᠭ ᠤᠨ ᠳᠠᠷᠤᠭ᠎ᠠ ᠸᠠᠩ ᠽᠢ ᠪᠥᠸᠧ ᠲᠡᠷᠢᠭᠦᠯᠡᠭᠴᠢ ᠶᠢᠨ ᠲᠠᠶᠢᠰᠠᠨ ᠤ ᠡᠮᠦᠨ᠎ᠡ ᠮᠥᠷ ᠲᠤ ᠰᠠᠭᠤᠵᠤ᠂ ᠰᠦᠨ ᠮᠢᠩ ᠲᠤᠤ᠂ ᠾᠧᠦ ᠭᠦᠸᠧ ᠵᠢᠩ᠂ ᠭᠤᠤ ᠶᠦᠩ ᠡᠤ᠂ ᠸᠠᠩ ᠵᠢᠶᠦ᠋ᠨ ᠵᠢᠶᠦ᠋ᠨ᠂ ᠬᠤ᠋ ᠹᠧᠩ ᠶᠠᠨ᠂ ᠭᠧᠩ ᠸᠧᠢ ᠳ᠋ᠦᠩ᠂ ᠵᠦ ᠴᠦᠨ ᠶᠦᠩ᠂ ᠸᠠᠩ ᠶᠢᠩ᠂ ᠳ᠋ᠦᠩ ᠵᠢᠦ ᠪᠢᠩ ᠨᠠᠷ ᠲᠡᠷᠢᠭᠦᠯᠡᠭᠴᠢ ᠶᠢᠨ ᠲᠠᠶᠢᠰᠠᠨ ᠳᠤ ᠰᠠᠭᠤᠯᠴᠠᠭᠰᠠᠨ ᠪᠠᠶᠢᠨ᠎ᠠ᠃    ᠦᠳᠡ ᠶᠢᠨ ᠡᠮᠦᠨᠡᠬᠢ 9 ᠴᠠᠭ ᠲᠤ᠂ ᠶᠠᠩ ᠪᠦᠦ ᠰᠧᠨ ᠶᠡᠭᠡ ᠬᠤᠷᠠᠯ ᠡᠬᠢᠯᠡᠭᠰᠡᠨ ᠢ ᠵᠠᠷᠯᠠᠪᠠ᠃    ᠶᠡᠭᠡ ᠬᠤᠷᠠᠯ ᠠᠴᠠ ᠡᠩ ᠲᠡᠷᠢᠭᠦᠨ ᠳᠤ ᠤᠯᠤᠰ ᠲᠦᠷᠦ ᠶᠢᠨ ᠵᠥᠪᠯᠡᠯᠭᠡᠨ ᠤ ᠠᠷᠪᠠᠨ ᠲᠠᠪᠤᠳᠤᠭᠠᠷ ᠬᠤᠭᠤᠴᠠᠭᠠᠨ ᠤ ᠣᠩᠨᠢᠭᠤᠳ ᠬᠤᠰᠢᠭᠤᠨ ᠤ ᠵᠦᠪᠯᠡᠯ ᠤᠨ ᠳᠥᠷᠪᠡᠳᠦᠭᠡᠷ ᠬᠤᠷᠠᠯᠳᠤᠭᠠᠨ ᠤ ᠵᠥᠪᠯᠡᠬᠦ ᠵᠦᠢᠯ ᠢ ᠬᠢᠨᠠᠨ ᠵᠥᠪᠯᠡᠵᠦ ᠪᠠᠲᠤᠯᠠᠪᠠ᠃    ᠬᠥᠭᠵᠢᠯᠲᠦ ᠤᠯᠤᠰ ᠲᠦᠷᠦ ᠶᠢᠨ ᠵᠥᠪᠯᠡᠯᠭᠡᠨ ᠤ ᠠᠷᠪᠠᠨ ᠲᠠᠪᠤᠳᠤᠭᠠᠷ ᠬᠤᠭᠤᠴᠠᠭᠠᠨ ᠤ ᠣᠩᠨᠢᠭᠤᠳ ᠬᠤᠰᠢᠭᠤᠨ ᠤ ᠵᠦᠪᠯᠡᠯ ᠤᠨ ᠪᠠᠶᠢᠩᠭᠤ ᠶᠢᠨ ᠵᠦᠪᠯᠡᠯ ᠢ ᠲᠥᠯᠥᠭᠡᠯᠡᠨ ᠶᠡᠭᠡ ᠬᠤᠷᠠᠯ ᠳᠤ ᠠᠵᠢᠯ ᠤᠨ ᠮᠡᠳᠡᠭᠦᠯᠦᠯᠲᠡ ᠬᠢᠪᠡ᠃     ᠬᠥᠭᠵᠢᠯᠲᠦ ᠮᠡᠳᠡᠭᠦᠯᠥᠯᠳᠡ ᠳᠡᠭᠡᠨ᠂ 2024 ᠤᠨ ᠪᠣᠯ ᠰᠢᠨ᠎ᠡ ᠳᠤᠮᠳᠠᠳᠤ ᠤᠯᠤᠰ ᠪᠠ ᠠᠷᠠᠳ ᠤᠨ ᠤᠯᠤᠰ ᠲᠥᠷᠥ ᠶᠢᠨ ᠵᠥᠪᠯᠡᠯᠭᠡᠨ ᠪᠠᠶᠢᠭᠤᠯᠤᠭᠳᠠᠭᠰᠠᠨ 75 ᠵᠢᠯ ᠤᠨ ᠣᠶ ᠪᠤᠯᠬᠤ ᠶᠤᠮ᠃ ᠪᠠᠰᠠ ᠴᠤ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠠᠷᠠᠯᠲᠠ ᠡᠭᠦᠷᠭᠡ ᠶᠢ ᠪᠡᠶᠡᠯᠡᠭᠦᠯᠬᠦ ᠵᠠᠩᠭᠢᠯᠠᠭ᠎ᠠ ᠶᠢᠨ ᠨᠢᠭᠡ ᠵᠢᠯ ᠪᠤᠯᠬᠤ ᠶᠤᠮ᠃ ᠨᠢᠭᠡ ᠵᠢᠯ ᠤᠨ ᠲᠤᠷᠰᠢ᠂ ᠬᠤᠰᠢᠭᠤᠨ ᠨᠠᠮ ᠤᠨ ᠬᠤᠷᠢᠶ᠎ᠠ ᠪᠥᠬᠦ ᠬᠤᠰᠢᠭᠤᠨ ᠤ ᠦᠨᠳᠦᠰᠦᠲᠡᠨ ᠨᠦᠭᠦᠳ ᠤᠨ ᠺᠠᠳ᠋ᠷ ᠣᠯᠠᠨ ᠲᠦᠮᠡᠨ ᠢ ᠪᠦᠯᠬᠦᠮᠳᠡᠭᠦᠯᠦᠨ ᠳᠠᠭᠠᠭᠤᠯᠵᠤ᠂ ᠭᠤᠤᠯ ᠱᠤᠭᠤᠮ ᠤᠨ ᠱᠠᠭᠠᠷᠳᠠᠯᠭ᠎ᠠ ᠶᠢ ᠡᠷᠡᠰ ᠲᠤᠭᠤᠰᠢᠯᠠᠭᠤᠯᠤᠨ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠵᠦ᠂ ︽ᠵᠢᠷᠭᠤᠭᠠᠨ ᠢᠨᠵᠧᠨᠧᠷᠢᠩ︾ ᠢ ᠪᠥᠬᠦ ᠬᠦᠴᠦᠨ ᠢᠶᠠᠷ ᠢᠶᠠᠨ ᠬᠡᠷᠡᠭᠵᠢᠭᠦᠯᠦᠨ᠂ ᠥᠭᠡᠷᠡᠴᠢᠯᠡᠯᠲᠡ ᠶᠢ ᠪᠥᠬᠦ ᠲᠠᠯ᠎ᠠ ᠪᠠᠷ ᠭᠦᠨᠵᠡᠭᠡᠶᠢᠷᠡᠭᠦᠯᠵᠦ᠂ ᠠᠷᠠᠳ ᠤᠨ ᠠᠮᠢᠳᠤᠷᠠᠯ ᠤᠨ ᠪᠠᠲᠤᠯᠠᠭ᠎ᠠ ᠶᠢ ᠨᠡᠩ ᠪᠦᠲᠦᠮᠵᠢᠲᠡᠶ ᠪᠤᠯᠭᠠᠨ᠂ ᠠᠵᠤ ᠠᠬᠤᠶ ᠶᠢᠨ ᠭᠤᠤᠯ ᠬᠠᠷᠠᠯᠲᠠ ᠡᠭᠦᠷᠭᠡ ᠪᠠᠨ ᠲᠡᠭᠦᠰ ᠠᠮᠵᠢᠯᠲᠠ ᠲᠠᠢ ᠪᠡᠶᠡᠯᠡᠭᠦᠯᠵᠦ᠂ ᠠᠷᠠᠳ ᠢ ᠪᠠᠶᠠᠵᠢᠭᠤᠯᠤᠨ ᠬᠤᠰᠢᠭᠤ ᠪᠠᠨ ᠬᠦᠴᠦᠷᠬᠡᠭᠵᠢᠭᠦᠯᠬᠦ ᠣᠳᠣᠬᠢᠴᠢᠯᠠᠯᠲᠠ ᠶᠢᠨ ᠪᠥᠲᠥᠭᠡᠨ ᠪᠠᠶᠢᠭᠤᠯᠤᠯᠲᠠ ᠶᠢ ᠯᠠᠪᠳᠠᠭᠤᠨ ᠪᠠᠲᠤᠲᠠᠶ ᠠᠬᠢᠭᠤᠯᠤᠭᠰᠠᠨ ᠪᠠᠶᠢᠨ᠎ᠠ ᠭᠡᠪᠡ᠃      ᠬᠥᠭᠵᠢᠯᠲᠦ ᠮᠡᠳᠡᠭᠦᠯᠥᠯᠳᠡ ᠳᠡᠭᠡᠨ ᠥᠩᠭᠡᠷᠡᠭᠰᠡᠨ ᠨᠢᠭᠡ ᠵᠢᠯ ᠤᠨ ᠲᠤᠷᠰᠢ᠂ ᠬᠤᠰᠢᠭᠤᠨ ᠤ ᠤᠯᠤᠰ ᠲᠦᠷᠦ ᠶᠢᠨ ᠵᠥᠪᠯᠡᠯᠭᠡᠨ ᠵᠢᠴᠢ ᠪᠠᠶᠢᠩᠭᠤ ᠶᠢᠨ ᠵᠦᠪᠯᠡᠯ ᠨᠢ ᠬᠤᠰᠢᠭᠤᠨ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠳᠤᠮᠳᠠᠳᠤ ᠶᠢᠨ ᠦᠨᠳᠥᠰᠥᠳᠡᠨ ᠤ ᠬᠠᠮᠲᠤ ᠶᠢᠨ ᠴᠤᠭᠴᠠ ᠶᠢᠨ ᠤᠬᠠᠮᠰᠠᠷ ᠢ ᠪᠠᠬᠢᠵᠡᠭᠦᠯᠬᠦ ᠭᠤᠤᠯ ᠰᠢᠵᠢᠮ ᠢ ᠪᠠᠷᠢᠮᠲᠠᠯᠠᠨ᠂ ᠠᠷᠠᠳᠴᠢᠯᠠᠯ ᠢ ᠪᠠᠳᠠᠷᠠᠭᠤᠯᠤᠨ᠂ ᠪᠦᠯᠬᠦᠮᠳᠡᠯ ᠢ ᠴᠢᠩᠭᠠᠳᠬᠠᠵᠤ᠂ ᠰᠠᠨᠠᠯ ᠵᠥᠪᠯᠡᠯᠭᠡ ᠳᠤᠷᠠᠳᠤᠨ ᠵᠠᠰᠠᠭ ᠲᠤ ᠲᠤᠰᠠᠯᠠᠬᠤ ᠪᠠ ᠬᠠᠮᠲᠤ ᠶᠢᠨ ᠲᠠᠨᠢᠯᠲᠠ ᠶᠢ ᠨᠢᠭᠲᠠᠷᠠᠭᠤᠯᠬᠤ ᠶᠢ ᠪᠠᠷᠢᠮᠲᠠᠯᠠᠵᠤ᠂ ᠪᠦᠬᠦ ᠬᠤᠰᠢᠭᠤᠨ ᠤ ᠥᠭᠡᠷᠡᠴᠢᠯᠡᠯᠲᠡ ᠬᠥᠭᠵᠢᠯᠲᠡ ᠳᠤ ᠤᠯᠤᠰ ᠲᠦᠷᠦ ᠶᠢᠨ ᠵᠥᠪᠯᠡᠯᠭᠡᠨ ᠤ ᠬᠤᠪᠢ ᠨᠡᠮᠡᠷᠢ ᠪᠠᠨ ᠦᠵᠡᠭᠦᠯᠦᠭᠰᠡᠨ ᠪᠠᠶᠢᠨ᠎ᠠ ᠭᠡᠵᠡᠢ᠃      ᠬᠥᠭᠵᠢᠯᠲᠦ ᠮᠡᠳᠡᠭᠦᠯᠥᠯᠳᠡ ᠳᠡᠭᠡᠨ 2025 ᠤᠨ ᠪᠣᠯ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠰᠡᠭᠦᠯ ᠬᠤᠷᠢᠶᠠᠬᠤ ᠵᠢᠯ ᠪᠣᠯᠤᠨ᠎ᠠ᠃ ᠮᠥᠨᠴᠦ ︽ᠠᠷᠪᠠᠨ ᠲᠠᠪᠤᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢ ᠲᠦᠯᠥᠪᠵᠢᠭᠦᠯᠥᠨ ᠪᠠᠶᠢᠷᠢᠯᠠᠭᠤᠯᠬᠤ ᠵᠢᠯ ᠪᠣᠯᠤᠨ᠎ᠠ᠃ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠪᠠᠶᠢᠩᠭᠤ ᠵᠦᠪᠯᠡᠯ ᠤᠨ ᠠᠵᠢᠯ ᠤᠨ ᠶᠡᠷᠦᠩᠬᠡᠶ ᠱᠠᠭᠠᠷᠳᠠᠯᠭ᠎ᠠ ᠪᠣᠯ᠄ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠪᠣᠯᠤᠨ ᠬᠤᠷᠢᠳᠤᠭᠠᠷ ᠬᠤᠭᠤᠴᠠᠭᠠᠨ ᠤ ᠬᠤᠶᠠᠳᠤᠭᠠᠷ᠂ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠳᠤᠭᠤᠰᠢᠯᠠᠭᠤᠯᠵᠤ᠂ ᠰᠢ ᠶᠢᠨ ᠫᠢᠩ ᠶᠡᠷᠦᠩᠬᠡᠶ ᠱᠦᠵᠢ ᠶᠢᠨ ᠥᠪᠥᠷ ᠮᠣᠩᠭᠤᠯ ᠳᠤ ᠦᠭᠭᠦᠭᠰᠡᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠳᠤᠭᠤᠰᠢᠯᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠬᠢᠵᠡᠭᠦᠯᠬᠦ ᠪᠠᠷ ᠭᠤᠤᠯ ᠰᠢᠵᠢᠮ ᠪᠤᠯᠭᠠᠨ᠂ ᠭᠤᠤᠯᠳᠠᠯᠭ᠎ᠠ ᠶᠢᠨ ᠲᠣᠭᠤᠷᠢᠨ ᠳᠤ ᠶᠡᠭᠡ ᠲᠠᠯ᠎ᠠ ᠳᠤ ᠦᠢᠯᠡᠴᠢᠯᠡᠬᠦ ᠶᠢ ᠪᠠᠷᠢᠮᠲᠠᠯᠠᠨ᠂ ᠬᠤᠰᠢᠭᠤᠨ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠤᠷ᠎ᠠ᠂ ᠲᠤᠰᠬᠠᠶ ᠵᠥᠪᠯᠡᠬᠦ ᠪᠠᠶᠢᠭᠤᠯᠤᠮᠵᠢ ᠶᠢᠨ ᠦᠢᠯᠡᠳᠥᠯ ᠢᠶᠠᠨ ᠭᠦᠢᠴᠡᠳ ᠪᠠᠳᠠᠷᠠᠭᠤᠯᠵᠤ᠂ ᠪᠥᠬᠦ ᠬᠤᠰᠢᠭᠤᠨ ᠤ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠳᠤ ᠬᠦᠴᠦᠨ ᠢᠶᠠᠨ ᠡᠷᠭᠦᠨ᠎ᠡ ᠭᠡᠵᠡᠢ᠃     ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠰᠠᠶᠢᠨᠪᠠᠲᠤ ᠤᠯᠤᠰ ᠲᠥᠷᠥ ᠶᠢᠨ ᠵᠥᠪᠯᠡᠯᠭᠡᠨ ᠤ ᠠᠷᠪᠠᠨ ᠲᠠᠪᠤᠳᠤᠭᠠᠷ ᠬᠤᠭᠤᠴᠠᠭᠠᠨ ᠤ ᠣᠩᠨᠢᠭᠤᠳ ᠬᠤᠰᠢᠭᠤᠨ ᠤ ᠵᠦᠪᠯᠡᠯ ᠤᠨ ᠪᠠᠶᠢᠩᠭᠤ ᠶᠢᠨ ᠵᠦᠪᠯᠡᠯ ᠢ ᠲᠥᠯᠥᠭᠡᠯᠡᠨ ᠶᠡᠭᠡ ᠬᠤᠷᠠᠯ ᠳᠤ ᠤᠯᠤᠰ ᠲᠥᠷᠥ ᠶᠢᠨ ᠵᠥᠪᠯᠡᠯᠭᠡᠨ ᠤ ᠠᠷᠪᠠᠨ ᠲᠠᠪᠤᠳᠤᠭᠠᠷ ᠬᠤᠭᠤᠴᠠᠭᠠᠨ ᠤ ᠭᠤᠷᠪᠠᠳᠤᠭᠠᠷ ᠬᠤᠷᠠᠯᠳᠤᠭᠠᠨ ᠠᠴᠠ ᠨᠠᠭᠠᠰᠢᠬᠢ ᠰᠠᠨᠠᠯ ᠳᠤᠷᠠᠳᠤᠯᠭ᠎ᠠ ᠶᠢᠨ ᠠᠵᠢᠯ ᠤᠨ ᠪᠠᠶᠢᠳᠠᠯ ᠢ ᠮᠡᠳᠡᠭᠦᠯᠪᠡ᠃ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠠᠷᠪᠠᠨ ᠲᠠᠪᠤᠳᠤᠭᠠᠷ ᠬᠤᠭᠤᠴᠠᠭᠠᠨ ᠤ ᠭᠤᠷᠪᠠᠳᠤᠭᠠᠷ ᠬᠤᠷᠠᠯᠳᠤᠭᠠᠨ ᠠᠴᠠ ᠨᠠᠰᠢ᠂ ᠥᠷᠭᠡᠨ ᠣᠯᠠᠨ ᠤᠯᠤᠰ ᠲᠥᠷᠥ ᠶᠢᠨ ᠵᠥᠪᠯᠡᠯᠭᠡᠨ ᠤ ᠬᠡᠰᠢᠭᠦᠳ ᠨᠡᠶᠢᠲᠡ 210 ᠬᠤᠪᠢ ᠰᠠᠨᠠᠯ ᠳᠤᠷᠠᠳᠤᠯᠭ᠎ᠠ ᠳᠤᠷᠠᠳᠴᠤ᠂ ᠬᠢᠨᠠᠨ ᠪᠠᠶᠢᠴᠠᠭᠠᠬᠤ ᠪᠠᠷ ᠳᠡᠮᠵᠢᠨ 199 ᠬᠤᠪᠢ ᠰᠠᠨᠠᠯ ᠳᠤᠷᠠᠳᠤᠯᠭ᠎ᠠ ᠶᠢ ᠳᠡᠩᠰᠡᠯᠡᠵᠦ᠂ 59 ᠨᠢᠭᠡᠴᠡ ᠳᠤ ᠲᠤᠰᠢᠶᠠᠨ᠂ ᠪᠦᠬᠦᠨ ᠢ ᠴᠠᠭ ᠲᠤᠬᠠᠶ ᠳᠤᠨᠢ ᠳᠠᠭᠠᠯᠭᠠᠨ ᠰᠢᠢᠳᠪᠦᠷᠢᠯᠡᠭᠦᠯᠵᠦ᠂ ᠪᠥᠬᠦ ᠬᠤᠰᠢᠭᠤᠨ ᠤ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠳᠤ ᠢᠳᠡᠪᠬᠢᠲᠡᠶ ᠬᠤᠪᠢ ᠨᠡᠮᠡᠷᠢ ᠦᠵᠡᠭᠦᠯᠦᠭᠰᠡᠨ ᠪᠠᠶᠢᠨ᠎ᠠ᠃     ᠲᠤᠰ ᠤᠳᠠᠭᠠᠨ ᠤ ᠬᠤᠷᠠᠯ ᠨᠢ ᠡᠯ᠎ᠡ ᠵᠥᠪᠯᠡᠬᠦ ᠵᠦᠢᠯ ᠢᠶᠠᠨ ᠲᠡᠭᠦᠰ ᠠᠮᠵᠢᠯᠲᠠ ᠲᠠᠢ ᠪᠡᠶᠡᠯᠡᠭᠦᠯᠦᠭᠡᠳ 21 ᠤ ᠡᠳᠦᠷ ᠤᠨ ᠦᠳᠡ ᠶᠢᠨ ᠡᠮᠦᠨ᠎ᠡ ᠠᠮᠵᠢᠯᠲᠠ ᠲᠠᠢ ᠲᠡᠭᠦᠰᠦᠭᠰᠡᠨ ᠪᠠᠶᠢᠨ᠎ᠠ᠃ ᠬᠤᠷᠠᠯ ᠠᠴᠠ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠨᠢ ᠰᠢ ᠶᠢᠨ ᠫᠢᠩ ᠨᠥᠬᠦᠷ ᠢᠶᠠᠷ ᠭᠤᠤᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠢᠭᠲᠠᠷᠠᠨ ᠪᠦᠯᠬᠦᠮᠳᠡᠵᠦ᠂ ᠬᠤᠰᠢᠭᠤᠨ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠤᠷ᠎ᠠ᠂ ᠲᠤᠰᠢᠶᠠᠯ ᠬᠠᠷᠢᠭᠤᠴᠠᠯᠭ᠎ᠠ ᠪᠠᠨ ᠥᠨᠳᠥᠷ ᠪᠦᠲᠦᠮᠵᠢᠲᠡᠶ ᠪᠠᠷ ᠭᠦᠢᠴᠡᠳᠬᠡᠵᠦ᠂ ᠰᠢᠨ᠎ᠡ ᠴᠠᠭ ᠦᠶ᠎ᠡ ᠶᠢᠨ ᠠᠷᠠᠳ ᠤᠨ ᠤᠯᠤᠰ ᠲᠥᠷᠥ ᠶᠢᠨ ᠵᠥᠪᠯᠡᠯᠭᠡᠨ ᠤ ᠠᠵᠢᠯ ᠤᠨ ᠰᠢᠨ᠎ᠡ ᠪᠠᠶᠢᠳᠠᠯ ᠢ ᠲᠠᠰᠤᠷᠠᠯᠲᠠ ᠥᠬᠡᠶ ᠡᠭᠦᠳᠦᠨ᠎ᠡ ᠭᠡᠵᠡᠶ᠃     ᠬᠤᠰᠢᠭᠤᠨ ᠨᠠᠮ ᠤᠨ ᠬᠤᠷᠢᠶᠠᠨ ᠤ ᠱᠦᠵᠢ ᠮᠥᠩᠬᠡ᠂ ᠬᠤᠰᠢᠭᠤᠨ ᠨᠠᠮ ᠤᠨ ᠬᠤᠷᠢᠶᠠᠨ ᠤ ᠳᠡᠳ᠋ ᠱᠦᠵᠢ᠂ ᠣᠷᠣᠯᠠᠭᠴᠢ ᠬᠤᠰᠢᠭᠤᠨ ᠳᠠᠷᠤᠭ᠎ᠠ ᠮᠠ ᠶᠦᠩ ᠭᠠᠩ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠯᠢ ᠢᠦᠶ ᠲᠢᠩ ᠵᠡᠷᠭᠡ ᠤᠳᠤᠷᠢᠳᠤᠯᠭ᠎ᠠ ᠲᠡᠷᠢᠭᠦᠯᠡᠭᠴᠢ ᠶᠢᠨ ᠲᠠᠶᠢᠰᠠᠨ ᠳᠤ ᠰᠠᠭᠠᠲᠠᠪᠠ᠃     ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠬᠥᠭᠵᠢᠯᠲᠦ᠂ ᠳᠡᠳ᠋ ᠲᠡᠷᠢᠭᠦᠯᠡᠭᠴᠢ ᠯᠢ ᠶᠠᠨ᠂ ᠰᠠᠶᠢᠨᠪᠠᠲᠤ᠂ ᠶᠠᠩ ᠪᠦᠦ ᠰᠧᠨ᠂ ᠵᠠᠩ ᠫᠧᠩ᠂ ᠨᠠᠷᠢᠨ ᠪᠢᠴᠢᠭ ᠤᠨ ᠳᠠᠷᠤᠭ᠎ᠠ ᠸᠠᠩ ᠰᠧ ᠪᠥᠸᠧ ᠲᠡᠷᠢᠭᠦᠯᠡᠭᠴᠢ ᠶᠢᠨ ᠲᠠᠶᠢᠰᠠᠨ ᠤ ᠡᠮᠦᠨ᠎ᠡ ᠮᠥᠷ ᠲᠤ ᠰᠠᠭᠠᠲᠠᠪᠠ᠃    ᠬᠤᠷᠠᠯ ᠢ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠬᠥᠭᠵᠢᠯᠲᠦ ᠡᠷᠬᠢᠯᠡᠪᠡ᠃     ᠶᠡᠭᠡ ᠬᠤᠷᠠᠯ ᠠᠴᠠ ᠤᠯᠤᠰ ᠲᠦᠷᠦ ᠶᠢᠨ ᠵᠥᠪᠯᠡᠯᠭᠡᠨ ᠤ ᠠᠷᠪᠠᠨ ᠲᠠᠪᠤᠳᠤᠭᠠᠷ ᠬᠤᠭᠤᠴᠠᠭᠠᠨ ᠤ ᠣᠩᠨᠢᠭᠤᠳ ᠬᠤᠰᠢᠭᠤᠨ ᠤ ᠬᠤᠷᠢᠶᠠᠨ ᠤ ᠳᠥᠷᠪᠡᠳᠦᠭᠡᠷ ᠬᠤᠷᠠᠯ ᠤᠨ ᠠᠵᠢᠯ ᠤᠨ ᠮᠡᠳᠡᠭᠦᠯᠦᠯᠲᠡ ᠶᠢᠨ ᠲᠤᠬᠠᠢ ᠰᠢᠢᠳᠪᠦᠷᠢ ᠶᠢ ᠬᠢᠨᠠᠨ ᠵᠥᠪᠯᠡᠵᠦ ᠪᠠᠲᠤᠯᠠᠪᠠ︔ ᠤᠯᠤᠰ ᠲᠦᠷᠦ ᠶᠢᠨ ᠵᠥᠪᠯᠡᠯᠭᠡᠨ ᠤ ᠠᠷᠪᠠᠨ ᠲᠠᠪᠤᠳᠤᠭᠠᠷ ᠬᠤᠭᠤᠴᠠᠭᠠᠨ ᠤ ᠭᠤᠷᠪᠠᠳᠤᠭᠠᠷ ᠬᠤᠷᠠᠯᠳᠤᠭᠠᠨ ᠠᠴᠠ ᠨᠠᠭᠠᠰᠢᠬᠢ ᠰᠠᠨᠠᠯ ᠳᠤᠷᠠᠳᠤᠯᠭ᠎ᠠ ᠶᠢᠨ ᠠᠵᠢᠯ ᠤᠨ ᠮᠡᠳᠡᠭᠦᠯᠦᠯᠲᠡ ᠶᠢᠨ ᠲᠤᠬᠠᠢ ᠰᠢᠢᠳᠪᠦᠷᠢ ᠪᠤᠯᠤᠨ ᠰᠠᠨᠠᠯ ᠵᠥᠪᠯᠡᠯᠭᠡ ᠶᠢ ᠬᠢᠨᠠᠨ ᠪᠠᠶᠢᠴᠠᠭᠠᠭᠰᠠᠨ ᠪᠠᠶᠢᠳᠠᠯ ᠤᠨ ᠲᠤᠬᠠᠢ ᠮᠡᠳᠡᠭᠦᠯᠦᠯᠲᠡ ᠶᠢ ᠬᠢᠨᠠᠨ ᠶᠠᠷᠢᠯᠴᠠᠵᠤ ᠪᠠᠲᠤᠯᠠᠪᠠ︔ ᠤᠯᠤᠰ ᠲᠦᠷᠦ ᠶᠢᠨ ᠵᠥᠪᠯᠡᠯᠭᠡᠨ ᠤ ᠠᠷᠪᠠᠨ ᠲᠠᠪᠤᠳᠤᠭᠠᠷ ᠬᠤᠭᠤᠴᠠᠭᠠᠨ ᠤ ᠣᠩᠨᠢᠭᠤᠳ ᠬᠤᠰᠢᠭᠤᠨ ᠤ ᠬᠤᠷᠢᠶᠠᠨ ᠤ ᠳᠥᠷᠪᠡᠳᠦᠭᠡᠷ ᠬᠤᠷᠠᠯ ᠤᠨ ᠤᠯᠤᠰ ᠲᠦᠷᠦ ᠶᠢᠨ ᠰᠢᠢᠳᠪᠦᠷᠢ ᠶᠢ ᠬᠢᠨᠠᠨ ᠵᠥᠪᠯᠡᠵᠦ ᠪᠠᠲᠤᠯᠠᠪᠠ᠃     ᠶᠡᠭᠡ ᠬᠤᠷᠠᠯ ᠳᠤ ᠬᠤᠰᠢᠭᠤᠨ ᠨᠠᠮ ᠤᠨ ᠬᠤᠷᠢᠶᠠᠨ ᠤ ᠱᠦᠵᠢ ᠮᠥᠩᠬᠡ ᠠᠴᠠ᠂ ᠬᠤᠷᠠᠯ ᠤᠨ ᠠᠮᠵᠢᠯᠲᠠ ᠲᠠᠢ ᠲᠡᠭᠦᠰᠦᠭᠰᠡᠨ ᠪᠤᠯᠤᠨ ᠰᠢᠨ᠎ᠡ ᠪᠠᠷ ᠰᠣᠩᠭᠤᠭᠳᠠᠭᠰᠠᠨ ᠨᠥᠬᠦᠳ ᠲᠤ ᠪᠠᠶᠠᠷ ᠬᠦᠷᠭᠡᠪᠡ᠃ ᠮᠦᠩᠬᠡ ᠶᠠᠷᠢᠶᠠᠨ ᠳᠠᠭᠠᠨ᠂ ᠤᠯᠤᠰ ᠲᠦᠷᠦ ᠶᠢ ᠡᠷᠬᠢᠮᠯᠡᠬᠦ ᠪᠣᠯ ᠢᠮᠠᠭᠲᠠ ᠲᠡᠷᠢᠭᠦᠨ ᠴᠢᠬᠤᠯᠠ ᠱᠠᠭᠠᠷᠳᠠᠯᠭ᠎ᠠ ᠪᠠᠶᠢᠵᠤ᠂ ᠨᠠᠮ ᠤᠨ ᠤᠳᠤᠷᠢᠳᠤᠯᠭ᠎ᠠ ᠶᠢ ᠤᠯᠤᠰ ᠲᠦᠷᠦ ᠶᠢᠨ ᠵᠥᠪᠯᠡᠯᠭᠡᠨ ᠤ ᠠᠵᠢᠯ ᠤᠨ ᠪᠦᠬᠦ ᠶᠠᠪᠤᠴᠠ ᠳᠤ ᠲᠤᠭᠤᠰᠢᠯᠠᠭᠤᠯᠬᠤ ᠶᠢ ᠪᠠᠷᠢᠮᠲᠠᠯᠠᠵᠤ᠂ ᠨᠠᠮ ᠤᠨ ᠬᠤᠷᠢᠶ᠎ᠠ ᠲᠠᠢ ᠳᠠᠭᠤᠨ ᠬᠤᠭᠤᠯᠠᠢ ᠨᠢᠭᠡᠳᠭᠡᠨ᠂ ᠨᠠᠮ ᠤᠨ ᠬᠤᠷᠢᠶ᠎ᠠ ᠶᠢᠨ ᠪᠠᠶᠢᠷᠢᠯᠠᠭᠤᠯᠤᠯᠲᠠ ᠶᠢ ᠡᠷᠡᠰ ᠬᠦᠷᠢᠶᠡᠯᠡᠵᠦ᠂ ᠨᠠᠮ ᠤᠨ ᠵᠣᠷᠢᠯᠲᠠ ᠶᠢ ᠨᠡᠶᠢᠭᠡᠮ ᠤᠨ ᠡᠯ᠎ᠡ ᠡᠲᠡᠭᠡᠳ ᠤᠨ ᠳᠡᠭᠡᠳᠦ ᠬᠡᠮᠵᠢᠶᠡᠨ ᠤ ᠬᠠᠮᠲᠤ ᠶᠢᠨ ᠲᠠᠨᠢᠯᠲᠠ ᠪᠠ ᠤᠬᠠᠮᠰᠠᠷᠲᠤ ᠠᠵᠢᠯᠯᠠᠭ᠎ᠠ ᠪᠣᠯᠭᠠᠨ ᠬᠤᠪᠢᠷᠠᠭᠤᠯᠬᠤ ᠬᠡᠷᠡᠭᠲᠡᠢ ᠭᠡᠵᠡᠢ᠃       ᠮᠦᠩᠬᠡ ᠱᠠᠭᠠᠷᠳᠠᠭᠰᠠᠨ ᠨᠢ᠂ ᠥᠷᠭᠡᠨ ᠤᠯᠠᠨ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠭᠤᠣᠯ ᠬᠠᠷᠢᠭᠤᠴᠠᠯᠭ᠎ᠠ ᠭᠤᠣᠯ ᠠᠵᠢᠯ ᠳᠠᠭᠠᠨ ᠰᠠᠭᠤᠷᠢᠯᠠᠵᠤ᠂ ᠬᠥᠭᠵᠢᠯᠲᠡ ᠶᠢᠨ ᠶᠡᠭᠡ ᠲᠠᠯ᠎ᠠ ᠳᠤ ᠦᠢᠯᠡᠴᠢᠯᠡᠬᠦ ᠶᠢ ᠤᠯᠤᠰ ᠲᠦᠷᠦ ᠶᠢᠨ ᠵᠥᠪᠯᠡᠯᠭᠡᠨ ᠤ ᠡᠭᠦᠷᠭᠡ ᠲᠤᠰᠢᠶᠠᠯ ᠢᠶᠠᠨ ᠭᠦᠢᠴᠡᠳᠬᠡᠬᠦ ᠶᠢᠨ ᠭᠤᠣᠯᠳᠠᠯᠭ᠎ᠠ ᠪᠤᠯᠭᠠᠨ᠂ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ ᠦᠢᠯᠡᠳᠦᠯᠭᠡᠵᠢᠭᠦᠯᠵᠦ᠂ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠲᠠᠯ᠎ᠠ ᠪᠠᠷ ︽ᠤᠯᠤᠰ ᠲᠦᠷᠦ ᠶᠢᠨ ᠵᠥᠪᠯᠡᠯᠭᠡᠨ ᠤ ᠡᠭᠦᠷᠭᠡ ᠬᠠᠷᠢᠭᠤᠴᠠᠯᠭ᠎ᠠ︾ ᠪᠠᠨ ᠢᠯᠡᠷᠡᠭᠦᠯᠦᠨ᠂ ᠨᠡᠶᠢᠭᠡᠮ ᠤᠨ ᠪᠠᠶᠢᠳᠠᠯ ᠠᠷᠠᠳ ᠤᠨ ᠰᠠᠨᠠᠭ᠎ᠠ ᠶᠢ ᠢᠳᠡᠪᠬᠢᠲᠡᠢ ᠲᠤᠰᠬᠠᠬᠤ ᠬᠡᠷᠡᠭᠲᠡᠢ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠣᠶ ᠪᠣᠯᠭᠠᠬᠤ ᠶᠢ ᠤᠯᠤᠰ ᠲᠥᠷᠥ ᠶᠢᠨ ᠵᠥᠪᠯᠡᠯᠭᠡᠨ ᠤ ᠡᠭᠦᠷᠭᠡ ᠬᠠᠷᠢᠭᠤᠴᠠᠯᠭ᠎ᠠ ᠪᠠᠨ ᠭᠦᠢᠴᠡᠳᠭᠡᠬᠦ ᠪᠥᠬᠦ ᠶᠠᠪᠤᠴᠠ ᠳᠤ ᠲᠤᠭᠤᠰᠢᠯᠠᠭᠤᠯᠤᠨ᠂ ︽ᠨᠠᠮ ᠤᠨ ᠠᠴᠢ ᠳᠤ ᠲᠠᠯᠠᠷᠬᠠᠨ᠂ ᠨᠠᠮ ᠤᠨ ᠦᠭᠡ ᠶᠢ ᠰᠤᠨᠤᠰᠴᠤ᠂ ᠨᠠᠮ ᠢᠶᠠᠨ ᠳᠠᠭᠠᠬᠤ︾ ᠣᠯᠠᠨ ᠲᠦᠮᠡᠨᠴᠢ ᠬᠥᠮᠦᠵᠢᠯ ᠢ ᠪᠠᠶᠢᠩᠭᠤᠵᠢᠭᠤᠯᠤᠨ ᠥᠷᠨᠢᠭᠦᠯᠵᠦ᠂ ᠠᠵᠢᠯ ᠬᠢᠵᠦ ᠦᠢᠯᠡᠰ ᠴᠣᠭᠴᠠᠯᠠᠬᠤ ᠴᠤᠭ ᠰᠦᠯᠳᠡ ᠶᠢ ᠶᠡᠭᠡ ᠪᠠᠷ ᠪᠠᠳᠠᠷᠠᠭᠤᠯᠤᠨ᠂ ᠪᠥᠬᠦ ᠬᠤᠰᠢᠭᠤᠨ ᠤ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠬᠦᠴᠦᠷᠬᠡᠭ ᠶᠡᠭᠡ ᠬᠠᠮᠲᠤᠷᠠᠯ ᠤᠨ ᠬᠦᠴᠦᠨ ᠢ ᠪᠦᠷᠢᠯᠳᠦᠭᠦᠯᠬᠦ ᠬᠡᠷᠡᠭᠲᠡᠶ ᠭᠡᠵᠡᠢ᠃     ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠬᠥᠭᠵᠢᠯᠲᠦ ᠶᠠᠷᠢᠶᠠᠨ ᠳᠠᠭᠠᠨ᠂ ᠤᠯᠤᠰ ᠲᠥᠷᠥ ᠶᠢᠨ ᠵᠥᠪᠯᠡᠯᠭᠡᠨ ᠵᠢᠴᠢ ᠲᠡᠭᠦᠨ ᠤ ᠪᠠᠶᠢᠩᠭᠤ ᠶᠢᠨ ᠬᠤᠷᠢᠶ᠎ᠠ ᠪᠣᠯᠤᠨ ᠥᠷᠭᠡᠨ ᠣᠯᠠᠨ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠬᠤᠰᠢᠭᠤᠨ ᠨᠠᠮ ᠤᠨ ᠬᠤᠷᠢᠶᠠᠨ ᠤ ᠠᠷᠪᠠᠨ ᠲᠠᠪᠤᠳᠤᠭᠠᠷ ᠬᠤᠭᠤᠴᠠᠭᠠᠨ ᠤ ᠶᠢᠰᠦᠳᠦᠭᠡᠷ ᠪᠥᠬᠦᠳᠡ ᠬᠤᠷᠠᠯ ᠠᠴᠠ ᠲᠣᠭᠲᠠᠭᠠᠭᠰᠠᠨ ᠬᠠᠷᠠᠯᠲᠠ ᠡᠭᠦᠷᠭᠡ ᠶᠣᠰᠣᠭᠠᠷ᠂ ᠵᠣᠷᠢᠭᠲᠠᠶ ᠪᠠᠷ ᠬᠠᠷᠢᠭᠤᠴᠠᠯᠭ᠎ᠠ ᠡᠭᠦᠷᠭᠡᠯᠡᠨ᠂ ᠴᠢᠳᠠᠮᠠᠭᠠᠶ ᠠᠵᠢᠯᠯᠠᠵᠤ᠂ ᠠᠷᠠᠳ ᠤᠨ ᠤᠯᠤᠰ ᠲᠥᠷᠥ ᠶᠢᠨ ᠵᠥᠪᠯᠡᠯᠭᠡᠨ ᠤ ᠳᠠᠪᠠᠭᠤᠯᠢᠭ ᠢᠶᠠᠨ ᠦᠨᠡᠨ ᠬᠦ ᠬᠥᠭᠵᠢᠯᠲᠡ ᠶᠢᠨ ᠬᠥᠳᠡᠯᠭᠡᠬᠦ ᠬᠦᠴᠦᠨ ᠪᠣᠯᠭᠠᠨ ᠬᠤᠪᠢᠷᠠᠭᠤᠯᠵᠤ᠂ ᠰᠢᠨ᠎ᠡ ᠠᠶᠠᠨ ᠵᠠᠮ ᠳᠤ ᠪᠥᠬᠦ ᠬᠤᠰᠢᠭᠤᠨ ᠤ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠳᠤ ᠨᠡᠩ ᠶᠡᠭᠡ ᠥᠩᠭᠡ ᠬᠡᠷᠡᠯ ᠨᠡᠮᠡᠷᠢᠯᠡᠬᠦ ᠬᠡᠷᠡᠭᠲᠡᠶ ᠭᠡᠵᠡᠢ᠃      ᠬᠦᠭᠵᠢᠯᠲᠦ ᠵᠢᠭᠠᠵᠤ ᠭᠠᠷᠭᠠᠭᠰᠠᠨ ᠨᠢ᠂ ᠰᠢᠨ᠎ᠡ ᠠᠶᠠᠨ ᠵᠠᠮ ᠳᠠᠭᠠᠨ ᠨᠠᠮ ᠤᠨ ᠬᠤᠷᠢᠶ᠎ᠠ ᠲᠠᠢ ᠢᠮᠠᠭᠲᠠ ᠰᠡᠳᠬᠢᠯ ᠰᠠᠨᠠᠭ᠎ᠠ ᠪᠠᠨ ᠨᠢᠭᠡᠳᠭᠡᠵᠦ᠂ ᠣᠯᠠᠨ ᠲᠦᠮᠡᠨ ᠤ ᠳᠤᠮᠳᠠ ᠢᠯᠡᠭᠦᠦ ᠬᠦᠨᠵᠡᠭᠡᠶᠢᠷᠡᠨ᠂ ᠬᠥᠭᠵᠢᠯᠲᠡ ᠳᠤ ᠠᠷᠭ᠎ᠠ ᠪᠣᠳᠣᠯᠭ᠎ᠠ ᠳᠡᠪᠰᠢᠭᠦᠯᠵᠦ᠂ ᠴᠠᠭ ᠦᠶ᠎ᠡ ᠲᠠᠢ ᠠᠯᠬᠤᠭ᠎ᠠ ᠨᠢᠭᠡᠳᠭᠡᠨ᠂ ᠣᠩᠨᠢᠭᠤᠳ ᠬᠤᠰᠢᠭᠤᠨ ᠤ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠪᠤᠯᠤᠨ ᠠᠷᠠᠳ ᠢᠶᠠᠨ ᠪᠠᠶᠠᠵᠢᠭᠤᠯᠤᠨ ᠬᠤᠰᠢᠭᠤ ᠪᠠᠨ ᠬᠦᠴᠦᠷᠬᠡᠭᠵᠢᠭᠦᠯᠬᠦ ᠣᠳᠣᠬᠢᠴᠢᠯᠠᠯᠲᠠ ᠶᠢᠨ ᠪᠥᠲᠥᠭᠡᠨ ᠪᠠᠶᠢᠭᠤᠯᠤᠯᠲᠠ ᠳᠤ ᠬᠦᠴᠦᠨ ᠴᠢᠳᠠᠯ ᠢᠶᠠᠨ ᠡᠷᠭᠦᠬᠦ ᠬᠡᠷᠡᠭᠲᠡᠶ ᠭᠡᠵᠡᠢ︕     ᠶᠡᠭᠡ ᠬᠤᠷᠠᠯ ᠨᠢ ᠤᠯᠤᠰ ᠤᠨ ᠰᠦᠯᠳᠡ ᠳᠠᠭᠤᠤ ᠶᠢᠨ ᠠᠶ᠎ᠠ ᠳᠤᠮᠳᠠ ᠠᠮᠵᠢᠯᠲᠠ ᠲᠠᠢ ᠲᠡᠭᠦᠰᠪᠡ᠃
 
ᠢᠷᠡᠯᠲᠡ᠄ ᠣᠩᠨᠢᠭᠤᠳ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号