| | 1 ᠰᠠᠷ᠎ᠠ ᠶᠢᠨ 20 ᠤ ᠦᠳᠡ ᠶᠢᠨ ᠡᠮᠦᠨ᠎ᠡ᠂ ᠣᠩᠨᠢᠭᠤᠳ ᠬᠤᠰᠢᠭᠤᠨ ᠤ ᠠᠷᠪᠠᠨ ᠨᠠᠢᠮᠠᠳᠤᠭᠠᠷ | ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ ᠬᠤᠷᠠᠯᠳᠤᠭᠠᠨ | ᠬᠤᠰᠢᠭᠤᠨ ᠤ ᠵᠠᠰᠠᠭ ᠤᠨ ᠣᠷᠳᠣᠨ ᠤ ᠶᠣᠰᠣᠯᠠᠯ ᠤᠨ ᠲᠠᠩᠬᠢᠮ ᠳᠤ ᠡᠬᠢᠯᠡᠪᠡ᠃ ᠪᠥᠬᠦ ᠬᠤᠰᠢᠭᠤᠨ ᠤ ᠡᠯ᠎ᠡ ᠭᠠᠵᠠᠷ | ᠂ ᠡᠯ᠎ᠡ ᠹᠷᠣᠨᠲ ᠠᠴᠠ ᠢᠷᠡᠭᠰᠡᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠠᠷᠠᠳ | ᠲᠦᠮᠡᠨ ᠤ ᠬᠦᠰᠡᠯ ᠨᠠᠶᠢᠳᠠᠯᠭ᠎ᠠ ᠶᠢ ᠡᠭᠦᠷᠭᠡᠯᠡᠨ ᠶᠡᠭᠡ ᠬᠤᠷᠠᠯ ᠳᠤ ᠤᠷᠤᠯᠴᠠᠵᠠᠢ᠃ | ᠶᠡᠭᠡ ᠬᠤᠷᠠᠯ ᠤᠨ ᠭᠦᠢᠴᠡᠳᠬᠡᠭᠴᠢ ᠲᠡᠷᠢᠭᠦᠯᠡᠭᠴᠢ ᠮᠦᠩᠬᠡ᠂ ᠯᠢ ᠢᠦᠢ ᠲᠢᠩ᠂ ᠮᠠ ᠶᠦᠩ ᠭᠠᠩ᠂ | ᠬᠥᠭᠵᠢᠯᠲᠦ᠂ ᠰᠦᠨ ᠮᠢᠩ ᠲᠤᠤ᠂ ᠤᠳᠤᠨᠴᠢᠮᠡᠭ᠂ ᠵᠧᠩ ᠱᠸᠦ ᠰᠢᠤᠸᠠᠢ᠂ ᠯᠢᠨ ᠬᠤ᠋᠂ ᠸᠧᠨ ᡁᠢ ᠭᠠᠩ | ᠲᠡᠷᠢᠭᠦᠯᠡᠭᠴᠢ ᠶᠢᠨ ᠲᠠᠶᠢᠰᠠᠨ ᠤ ᠡᠮᠦᠨ᠎ᠡ ᠮᠥᠷ ᠲᠤ ᠰᠠᠭᠤᠯᠴᠠᠵᠤ᠂ ᠶᠡᠭᠡ ᠬᠤᠷᠠᠯ ᠤᠨ ᠲᠡᠷᠢᠭᠦᠯᠡᠭᠴᠢᠳ ᠤᠨ | ᠪᠦᠯᠬᠦᠮ ᠤᠨ ᠬᠡᠰᠢᠭᠦᠳ ᠲᠡᠷᠢᠭᠦᠯᠡᠭᠴᠢ ᠶᠢᠨ ᠲᠠᠶᠢᠰᠠᠨ ᠳᠤ ᠰᠠᠭᠤᠪᠠ ᠃ | ᠬᠤᠰᠢᠭᠤᠨ ᠤ ᠠᠷᠪᠠᠨ ᠨᠠᠢᠮᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠳᠥᠷᠪᠡᠳᠦᠭᠡᠷ ᠬᠤᠷᠠᠯᠳᠤᠭᠠᠨ ᠳᠤ ᠣᠷᠣᠯᠴᠠᠬᠤ ᠶᠣᠰᠣᠲᠠᠶ ᠲᠥᠯᠥᠭᠡᠯᠡᠭᠴᠢ 228 ᠬᠥᠮᠦᠨ᠂ ᠬᠤᠷᠠᠯ ᠳᠤ | ᠤᠷᠤᠯᠴᠠᠭᠰᠠᠨ ᠲᠥᠯᠥᠭᠡᠯᠡᠭᠴᠢ198 ᠬᠥᠮᠦᠨ ᠂ ᠬᠤᠷᠠᠯ ᠳᠤ ᠣᠷᠣᠯᠴᠠᠭᠰᠠᠨ ᠬᠥᠮᠦᠨ ᠤ ᠲᠤᠭ᠎ᠠ ᠬᠠᠤᠯᠢ ᠳᠤ | ᠲᠣᠭᠲᠠᠭᠠᠭᠰᠠᠨ ᠬᠥᠮᠦᠨ ᠤ ᠲᠤᠭ᠎ᠠ ᠳᠤ ᠨᠡᠶᠢᠴᠠᠪᠡ᠃ | ᠦᠳᠡ ᠶᠢᠨ ᠡᠮᠦᠨᠡᠬᠢ 8 ᠴᠠᠭ ᠲᠤ᠂ ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠬᠦᠮ ᠤᠨ ᠪᠠᠶᠢᠩᠭᠤ ᠶᠢᠨ | ᠲᠡᠷᠢᠭᠦᠯᠡᠭᠴᠢ᠂ ᠭᠦᠢᠴᠡᠳᠬᠡᠭᠴᠢ ᠲᠡᠷᠢᠭᠦᠯᠡᠭᠴᠢ ᠯᠢ ᠢᠦᠢ ᠲᠢᠩ ᠶᠡᠭᠡ ᠬᠤᠷᠠᠯ ᠢ ᠡᠷᠬᠢᠯᠡᠵᠥ ᠬᠤᠷᠠᠯ ᠡᠬᠢᠯᠡᠭᠰᠡᠨ ᠢ | ᠵᠠᠷᠯᠠᠪᠠ᠃ | ᠬᠤᠷᠠᠯ ᠤᠨ ᠵᠥᠪᠯᠡᠬᠦ ᠵᠦᠢᠯ ᠢ ᠦᠨᠳᠦᠰᠦᠯᠡᠨ᠂ ᠬᠤᠰᠢᠭᠤᠨ ᠨᠠᠮ ᠤᠨ ᠬᠤᠷᠢᠶᠠᠨ ᠤ ᠳᠡᠳ᠋ ᠱᠦᠵᠢ᠂ | ᠣᠷᠣᠯᠠᠭᠴᠢ ᠬᠤᠰᠢᠭᠤᠨ ᠳᠠᠷᠤᠭ᠎ᠠ ᠮᠠ ᠶᠦᠩ ᠭᠠᠩ ᠶᠡᠭᠡ ᠬᠤᠷᠠᠯ ᠳᠤ ᠬᠤᠰᠢᠭᠤᠨ ᠤ ᠵᠠᠰᠠᠭ ᠤᠨ ᠣᠷᠳᠣᠨ ᠤ | ᠠᠵᠢᠯ ᠤᠨ ᠢᠯᠡᠳᠬᠡᠯ ᠬᠢᠪᠠ᠃ ᠢᠯᠡᠳᠬᠡᠯ ᠨᠢ 2024 ᠣᠨ ᠤ ᠠᠵᠢᠯ ᠤᠨ ᠡᠷᠭᠢᠴᠡᠭᠦᠯᠦᠯ ᠪᠤᠯᠤᠨ 2025 | ᠣᠨ ᠤ ᠭᠤᠣᠯᠳᠠᠯᠭ᠎ᠠ ᠲᠠᠢ ᠠᠵᠢᠯ ᠵᠡᠷᠭᠡ ᠬᠤᠶᠠᠷ ᠬᠡᠰᠡᠭ ᠢᠶᠠᠷ ᠪᠦᠷᠢᠯᠳᠦᠵᠡᠢ᠃ | ᠮᠠ ᠶᠦᠩ ᠭᠠᠩ ᠬᠡᠯᠡᠭᠰᠡᠨ ᠨᠢ᠂ 2024 ᠤᠨ ᠪᠣᠯ ᠪᠥᠬᠦ ᠬᠤᠰᠢᠭᠤᠨ ᠤ ᠬᠥᠭᠵᠢᠯᠲᠡ ᠶᠢᠨ ᠰᠠᠭᠤᠷᠢ ᠶᠢ | ᠪᠠᠬᠢᠵᠢᠭᠦᠯᠬᠦ ᠵᠠᠩᠭᠢᠯᠠᠭ᠎ᠠ ᠶᠢᠨ ᠵᠢᠯ ᠮᠥᠨ᠃ ᠨᠢᠭᠡ ᠵᠢᠯ ᠤᠨ ᠲᠤᠷᠰᠢ᠂ ᠬᠤᠰᠢᠭᠤᠨ ᠵᠠᠰᠠᠭ ᠤᠨ ᠣᠷᠳᠣᠨ ᠰᠢ ᠶᠢᠨ | ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ | ᠰᠠᠨᠠᠭ᠎ᠠ ᠪᠠᠷ ᠵᠢᠯᠣᠭᠤᠳᠣᠯᠭ᠎ᠠ ᠪᠣᠯᠭᠠᠬᠤ ᠶᠢ ᠪᠠᠷᠢᠮᠲᠠᠯᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠠᠵᠢᠯ ᠤᠨ ᠭᠤᠤᠯ ᠰᠢᠵᠢᠮ ᠪᠤᠯᠭᠠᠨ᠂ ᠳᠡᠭᠡᠳᠦ ᠱᠠᠲᠤᠨ ᠤ | ᠨᠠᠮ ᠤᠨ ᠬᠤᠷᠢᠶ᠎ᠠ ᠵᠠᠰᠠᠭ ᠤᠨ ᠣᠷᠳᠣᠨ ᠪᠣᠯᠤᠨ ᠬᠤᠰᠢᠭᠤᠨ ᠨᠠᠮ ᠤᠨ ᠬᠤᠷᠢᠶ᠎ᠠ ᠶᠢᠨ ᠪᠠᠲᠤ ᠴᠢᠩᠭ᠎ᠠ | ᠤᠳᠤᠷᠢᠳᠤᠯᠭ᠎ᠠ ᠳᠣᠤᠷ᠎ᠠ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠬᠤᠰᠢᠭᠤᠨ ᠤ | ᠤᠯᠤᠰ ᠲᠥᠷᠥ ᠶᠢᠨ ᠵᠥᠪᠯᠡᠯᠭᠡᠨ ᠤ ᠬᠢᠨᠠᠯᠲᠠ ᠳᠡᠮᠵᠢᠯᠭᠡ ᠳᠣᠤᠷ᠎ᠠ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠵᠦ᠂ ︽ | ᠵᠢᠷᠭᠤᠭᠠᠨ ᠢᠨᠵᠧᠨᠧᠷᠢᠩ︾ ᠢ ᠪᠥᠬᠦ ᠬᠦᠴᠦᠨ ᠢᠶᠠᠷ ᠢᠶᠠᠨ ᠠᠬᠢᠭᠤᠯᠤᠨ᠂ ᠪᠥᠬᠦ ᠬᠤᠰᠢᠭᠤᠨ ᠤ ᠠᠵᠤ ᠠᠬᠤᠶ | ᠨᠡᠶᠢᠭᠡᠮ ᠤᠨ ᠬᠥᠭᠵᠢᠯᠲᠡ ᠶᠢ ᠯᠠᠪᠳᠠᠭᠤᠨ ᠪᠠᠲᠤᠲᠠᠶ ᠠᠬᠢᠭᠤᠯᠤᠭᠰᠠᠨ ᠪᠠᠶᠢᠨ᠎ᠠ ᠭᠡᠵᠡᠢ᠃ | ᠮᠠ ᠶᠦᠩ ᠭᠠᠩ ᠨᠠᠢᠮᠠᠨ ᠲᠠᠯ᠎ᠠ ᠪᠠᠷ ᠥᠩᠭᠡᠷᠡᠭᠰᠡᠨ ᠨᠢᠭᠡ ᠵᠢᠯ ᠤᠨ ᠠᠵᠢᠯ ᠢᠶᠠᠨ ᠡᠷᠭᠢᠴᠡᠭᠦᠯᠪᠡ᠄ ᠨᠢᠭᠡ ᠳᠤ᠂ | ᠠᠯᠢ ᠤᠯᠠᠨ ᠬᠦᠴᠢᠷ ᠪᠡᠷᠭᠡ ᠶᠢ ᠢᠯᠠᠨ ᠳᠠᠪᠠᠵᠤ᠂ ᠠᠵᠤ ᠠᠬᠤᠢ ᠶᠢᠨ ᠬᠥᠭᠵᠢᠯᠲᠡ ᠪᠠᠶᠠᠷᠯᠠᠭᠤᠰᠢᠲᠠᠢ ᠠᠮᠵᠢᠯᠲᠠ | ᠤᠯᠪᠠ᠃ ᠬᠤᠶᠠᠷ ᠲᠤ᠂ ᠬᠡᠯᠪᠡᠷᠢ ᠪᠠᠨ ᠬᠤᠪᠢᠷᠠᠭᠤᠯᠤᠨ ᠲᠡᠰ ᠳᠡᠪᠰᠢᠭᠦᠯᠬᠦ ᠳᠤ ᠠᠩᠬᠠᠷᠤᠯ ᠢᠶᠠᠨ ᠲᠥᠪᠯᠡᠷᠡᠭᠦᠯᠵᠦ᠂ | ᠪᠦᠬᠦ ᠬᠦᠴᠦᠨ ᠢᠶᠠᠷ ᠢᠶᠠᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠵᠦ᠂ ᠤᠳᠤᠬᠢᠴᠢᠯᠠᠭᠰᠠᠨ | ᠠᠵᠤ ᠦᠢᠯᠡᠰ ᠤᠨ ᠰᠢᠰᠲ᠋ᠧᠮ ᠢ ᠲᠦᠷᠭᠡᠳᠬᠡᠨ ᠪᠠᠶᠢᠭᠤᠯᠪᠠ᠃ ᠭᠤᠷᠪᠠ ᠳᠤ᠂ ᠵᠠᠰᠠᠯᠲᠠ ᠶᠢᠨ ᠰᠢᠨ᠎ᠡ ᠵᠠᠭᠪᠤᠷ ᠢ | ᠡᠭᠦᠳᠴᠥ᠂ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠦᠷᠭᠦᠯᠵᠢᠯᠡᠨ ᠪᠠᠬᠢᠵᠢᠭᠦᠯᠪᠡ᠃ ᠲᠦᠷᠪᠡ ᠳᠤ᠂ | ᠰᠠᠭᠤᠷᠢ ᠪᠦᠳᠦᠭᠡᠨ ᠪᠠᠶᠢᠭᠤᠯᠤᠯᠲᠠ ᠶᠢ ᠴᠢᠩᠭᠠᠳᠬᠠᠵᠤ᠂ ᠴᠢᠳᠠᠮᠵᠢ ᠶᠢ ᠢᠵᠢ ᠪᠦᠷᠢᠳᠡᠭᠦᠯᠦᠨ᠂ ᠬᠤᠳᠠ | ᠬᠥᠳᠡᠭᠡ ᠶᠢᠨ ᠳᠦᠷᠰᠦ ᠪᠠᠶᠢᠳᠠᠯ ᠢ ᠪᠦᠲᠦᠮᠵᠢᠲᠡᠢ ᠰᠠᠶᠢᠵᠢᠷᠠᠭᠤᠯᠪᠠ᠃ ᠲᠠᠪᠤ ᠳᠤ᠂ ᠪᠠᠲᠤᠯᠠᠭ᠎ᠠ ᠶᠢᠨ ᠲᠦᠪᠰᠢᠨ ᠢ | ᠳᠡᠭᠡᠭᠰᠢᠯᠡᠭᠦᠯᠵᠦ᠂ ᠠᠷᠠᠳ ᠤᠨ ᠠᠮᠢᠳᠤᠷᠠᠯ ᠢ ᠨᠡᠩ ᠪᠠᠶᠠᠨ ᠴᠢᠨᠡᠭᠡᠯᠢᠭ ᠪᠤᠯᠭᠠᠪᠠ᠃ ᠵᠢᠷᠭᠤᠭ᠎ᠠ ᠳᠤ᠂ | ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ ᠭᠦᠨᠵᠡᠭᠡᠶᠢᠷᠡᠭᠦᠯᠵᠦ᠂ ᠠᠷᠠᠯᠵᠢᠶ᠎ᠠ ᠡᠵᠡᠩᠨᠡᠬᠦ ᠣᠷᠴᠢᠨ ᠨᠥᠬᠦᠴᠡᠯ ᠢ | ᠰᠢᠯᠢᠳᠡᠭᠵᠢᠭᠦᠯᠦᠨ᠂ ᠬᠥᠭᠵᠢᠯᠲᠡ ᠶᠢᠨ ᠠᠮᠢᠵᠢᠷᠠᠯ ᠤᠨ ᠬᠦᠴᠦᠨ ᠢ ᠨᠡᠩ ᠰᠠᠶᠢᠨ ᠳᠡᠭᠡᠭᠰᠢᠯᠡᠭᠦᠯᠪᠡ᠃ ᠲᠤᠯᠤᠭ᠎ᠠ ᠳᠤ | ᠂ ᠠᠶᠤᠯ ᠲᠦᠭᠰᠢᠭᠦᠷᠢ ᠶᠢᠨ ᠭᠡᠮ ᠰᠣᠭᠤᠭ ᠢ ᠠᠷᠢᠯᠭᠠᠵᠤ᠂ ᠨᠡᠶᠢᠭᠡᠮ ᠤᠨ ᠡᠶ᠎ᠡ ᠵᠣᠬᠢᠴᠠᠩᠭᠤᠢ ᠲᠣᠭᠲᠠᠭᠤᠨ | ᠪᠠᠶᠢᠬᠤ ᠶᠢ ᠪᠠᠲᠤᠯᠠᠪᠠ᠃ ᠨᠠᠢᠮᠠ ᠳᠤ᠂ ᠤᠯᠠᠨ ᠲᠦᠮᠡᠨ ᠤ ᠬᠦᠰᠡᠯ ᠨᠠᠶᠢᠳᠠᠯᠭ᠎ᠠ ᠶᠢ ᠪᠠᠲᠤ ᠴᠡᠭᠡᠵᠢᠯᠡᠵᠦ᠂ ᠵᠠᠰᠠᠭ | ᠵᠠᠬᠢᠷᠭᠠᠨ ᠤ ᠴᠢᠳᠠᠮᠵᠢ ᠶᠢ ᠦᠷᠭᠦᠯᠵᠢᠯᠡᠨ ᠳᠡᠭᠡᠭᠰᠢᠯᠡᠭᠦᠯᠪᠡ ᠭᠡᠵᠡᠢ᠃ | 2025 ᠤᠨ ᠤ ᠭᠤᠤᠯᠳᠠᠯᠭ᠎ᠠ ᠲᠠᠢ ᠠᠵᠢᠯ ᠤᠨ ᠲᠤᠬᠠᠶ ᠮᠠ ᠶᠦᠩ ᠭᠠᠩ ᠢᠯᠡᠳᠬᠡᠯ ᠳᠡᠭᠡᠨ᠂ ᠡᠨᠡ ᠵᠢᠯ | ᠬᠤᠰᠢᠭᠤᠨ ᠵᠠᠰᠠᠭ ᠤᠨ ᠣᠷᠳᠣᠨ ᠨᠠᠢᠮᠠᠨ ᠲᠠᠯ᠎ᠠ ᠶᠢᠨ ᠠᠵᠢᠯ ᠢ ᠭᠤᠤᠯᠳᠠᠯᠭ᠎ᠠ ᠲᠠᠢ ᠰᠠᠶᠢᠲᠤᠷ ᠬᠢᠨ᠎ᠠ᠄ ᠨᠢᠭᠡ ᠳᠤ | ᠠᠵᠤ ᠦᠢᠯᠡᠳᠪᠦᠷᠢ ᠶᠢ ᠶᠡᠬᠡᠪᠡᠷ ᠠᠳᠬᠤᠨ᠎ᠠ᠃ ᠬᠤᠶᠠᠷ ᠲᠤ᠂ ᠰᠠᠭᠤᠷᠢ ᠶᠢ ᠪᠠᠳᠤᠳᠬᠠᠨ᠂ ᠬᠡᠯᠬᠢᠶ᠎ᠡ ᠶᠢ | ᠴᠢᠩᠭᠠᠳᠬᠠᠵᠤ᠂ ᠲᠠᠷᠢᠶᠠᠯᠠᠩ ᠮᠠᠯ ᠠᠵᠤ ᠠᠬᠤᠢ ᠶᠢᠨ ᠶᠠᠰᠤ ᠴᠢᠨᠠᠷ ᠦᠷ᠎ᠡ ᠠᠰᠢᠭ ᠤᠨ ᠬᠤᠣᠰ ᠳᠡᠭᠡᠭᠰᠢᠯᠡᠯᠲᠡ ᠶᠢ | ᠠᠬᠢᠭᠤᠯᠤᠨ᠎ᠠ᠃ ᠭᠤᠷᠪᠠ ᠳᠤ᠂ ᠰᠣᠶᠣᠯ ᠵᠢᠭᠤᠯᠴᠢᠯᠠᠯ ᠢ ᠠᠭᠤᠰᠤᠯᠴᠠᠭᠤᠯᠬᠤ ᠶᠢ ᠪᠠᠷᠢᠮᠲᠠᠯᠠᠵᠤ᠂ ᠦᠢᠯᠡᠴᠢᠯᠡᠭᠡᠨ ᠤ | ᠦᠢᠯᠡᠰ ᠢ ᠬᠦᠭᠵᠢᠭᠦᠯᠦᠨ᠎ᠡ᠃ ᠲᠦᠷᠪᠡ ᠳᠤ᠂ ᠠᠮᠢ ᠠᠬᠤᠢ ᠶᠢ ᠲᠡᠷᠢᠭᠦᠨ ᠳᠤ ᠲᠠᠯᠪᠢᠬᠤ ᠶᠢ ᠪᠠᠷᠢᠮᠲᠠᠯᠠᠵᠤ᠂ | ᠰᠢᠰᠲ᠋ᠧᠮ ᠲᠠᠢ ᠵᠠᠰᠠᠯᠲᠠ ᠶᠢ ᠭᠦᠨᠵᠡᠭᠡᠶᠢᠷᠡᠭᠦᠯᠦᠨ᠎ᠡ᠃ ᠲᠠᠪᠤ ᠳᠤ᠂ ᠲᠦᠷᠦᠯ ᠵᠦᠢᠯ ᠢᠶᠠᠷ ᠭᠤᠣᠯ ᠪᠣᠯᠭᠠᠬᠤ ᠶᠢ | ᠪᠠᠷᠢᠮᠲᠠᠯᠠᠵᠤ᠂ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠶᠢ ᠴᠢᠩᠭᠠᠳᠬᠠᠨ᠎ᠠ᠃ ᠵᠢᠷᠭᠤᠭ᠎ᠠ ᠳᠤ᠂ ᠣᠷᠣᠨ | ᠪᠦᠰᠡ ᠬᠤᠯᠪᠤᠭᠠᠯᠠᠬᠤ ᠶᠢ ᠪᠠᠷᠢᠮᠲᠠᠯᠠᠵᠤ᠂ ᠬᠤᠳᠠ ᠬᠥᠳᠡᠭᠡ ᠶᠢᠨ ᠬᠥᠭᠵᠢᠯᠲᠡ ᠶᠢ ᠬᠦᠴᠦᠯᠡᠨ ᠰᠠᠶᠢᠵᠢᠷᠠᠭᠤᠯᠤᠨ᠎ᠠ᠃ | ᠲᠤᠯᠤᠭ᠎ᠠ ᠳᠤ᠂ ᠬᠥᠮᠦᠨ ᠢᠶᠠᠷ ᠦᠨᠳᠦᠰᠦ ᠪᠣᠯᠭᠠᠬᠤ ᠶᠢ ᠪᠠᠷᠢᠮᠲᠠᠯᠠᠵᠤ᠂ ᠠᠷᠠᠳ ᠤᠨ ᠠᠮᠢᠳᠤᠷᠠᠯ ᠢ ᠪᠠᠲᠤᠯᠠᠨ | ᠰᠠᠶᠢᠵᠢᠷᠠᠭᠤᠯᠤᠨ᠎ᠠ᠃ ᠨᠠᠢᠮᠠ ᠳᠤ᠂ ᠬᠠᠮᠲᠤ ᠪᠠᠷ ᠵᠠᠰᠠᠵᠤ ᠬᠠᠮᠲᠤ ᠪᠠᠷ ᠡᠳ᠋ᠯᠡᠬᠦ ᠶᠢ ᠪᠠᠷᠢᠮᠲᠠᠯᠠᠵᠤ᠂ ᠬᠤᠷᠢᠭ᠎ᠠ | ᠱᠤᠭᠤᠮ ᠢ ᠪᠠᠲᠤ ᠰᠠᠬᠢᠵᠤ᠂ ᠨᠡᠶᠢᠭᠡᠮ ᠤᠨ ᠡᠶ᠎ᠡ ᠵᠣᠬᠢᠴᠠᠩᠭᠤᠢ ᠲᠣᠭᠲᠠᠭᠤᠨ ᠢ ᠦᠨᠡᠨ ᠬᠦ ᠬᠠᠮᠠᠭᠠᠯᠠᠨ᠎ᠠ ᠭᠡᠵᠡᠢ᠃ | ᠬᠤᠷᠠᠯ ᠤᠨ ᠵᠥᠪᠯᠡᠬᠦ ᠵᠦᠢᠯ ᠢ ᠦᠨᠳᠦᠰᠦᠯᠡᠨ᠂ ᠶᠡᠭᠡ ᠬᠤᠷᠠᠯ ᠠᠴᠠ ᠬᠤᠰᠢᠭᠤᠨ ᠵᠠᠰᠠᠭ ᠤᠨ ᠣᠷᠳᠣᠨ ᠤ | 2024 ᠣᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠢᠯ ᠢ ᠬᠡᠷᠡᠭᠵᠢᠭᠦᠯᠦᠭᠰᠡᠨ | ᠪᠠᠶᠢᠳᠠᠯ ᠤᠨ ᠲᠤᠬᠠᠶ ᠮᠡᠳᠡᠭᠦᠯᠦᠯᠲᠡ ᠪᠠ 2025 ᠣᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ | ᠵᠢᠱᠢᠭᠳᠡᠭᠴᠢ ᠶᠢᠨ ᠲᠥᠷᠥᠯ ᠵᠦᠢᠯ ᠢ ᠡᠯᠰᠡᠨ ᠴᠤᠭᠯᠠᠭᠤᠯᠵᠤ ᠠᠩᠬ᠎ᠠ ᠲᠣᠭᠲᠠᠭᠠᠭᠰᠠᠨ ᠪᠠᠶᠢᠳᠠᠯ ᠤᠨ ᠲᠤᠬᠠᠶ | ᠲᠣᠳᠣᠷᠬᠠᠶᠢᠯᠠᠯᠲᠠ ᠶᠢ ᠰᠣᠨᠣᠰᠴᠤ ᠬᠢᠨᠠᠨ ᠵᠥᠪᠯᠡᠪᠡ ᠃ ᠬᠤᠰᠢᠭᠤᠨ ᠤ ᠰᠢᠭᠦᠬᠦ ᠬᠤᠷᠢᠶ᠎ᠠ ᠪᠤᠯᠤᠨ ᠪᠠᠶᠢᠴᠠᠭᠠᠬᠤ | ᠬᠤᠷᠢᠶᠠᠨ ᠤ ᠠᠵᠢᠯ ᠤᠨ ᠮᠡᠳᠡᠭᠦᠯᠦᠯᠲᠡ ᠶᠢ ᠰᠣᠨᠣᠰᠴᠤ ᠬᠢᠨᠠᠨ ᠵᠥᠪᠯᠡᠪᠡ ᠃ 2024 ᠣᠨ ᠤ ᠤᠯᠤᠰ ᠠᠷᠠᠳ ᠤᠨ | ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠲᠦᠯᠥᠪᠵᠢᠭᠦᠯᠭᠡ ᠶᠢ ᠬᠡᠷᠡᠭᠵᠢᠭᠦᠯᠦᠭᠰᠡᠨ ᠪᠠᠶᠢᠳᠠᠯ ᠬᠢᠭᠡᠳ | 2025 ᠣᠨ ᠤ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠲᠦᠯᠥᠪᠵᠢᠭᠦᠯᠭᠡ ᠶᠢᠨ | ᠲᠥᠰᠦᠯ ᠤᠨ ᠲᠤᠬᠠᠶ ᠬᠤᠰᠢᠭᠤᠨ ᠵᠠᠰᠠᠭ ᠤᠨ ᠣᠷᠳᠣᠨ ᠤ ᠮᠡᠳᠡᠭᠦᠯᠦᠯᠲᠡ ᠶᠢ ᠬᠢᠨᠠᠨ ᠪᠠᠶᠢᠴᠠᠭᠠᠪᠠ︔ 2024 | ᠣᠨ ᠤ ᠡᠳ᠋ ᠤᠨ ᠵᠠᠰᠠᠭ ᠤᠨ ᠲᠥᠰᠦᠪ ᠢ ᠭᠦᠢᠴᠡᠳᠬᠡᠭᠰᠡᠨ ᠪᠠᠶᠢᠳᠠᠯ ᠬᠢᠭᠡᠳ 2025 ᠣᠨ ᠤ ᠡᠳ᠋ ᠤᠨ ᠵᠠᠰᠠᠭ ᠤᠨ | ᠲᠥᠰᠦᠪ ᠤᠨ ᠲᠥᠰᠦᠯ ᠤᠨ ᠲᠤᠬᠠᠶ ᠬᠤᠰᠢᠭᠤᠨ ᠵᠠᠰᠠᠭ ᠤᠨ ᠣᠷᠳᠣᠨ ᠤ ᠮᠡᠳᠡᠭᠦᠯᠦᠯᠲᠡ ᠶᠢ ᠬᠢᠨᠠᠨ ᠪᠠᠶᠢᠴᠠᠭᠠᠪᠠ᠃ | ᠶᠡᠭᠡ ᠬᠤᠷᠠᠯ ᠳᠤ ᠬᠠᠤᠯᠢ ᠪᠠᠷ ᠲᠣᠭᠲᠠᠭᠠᠭᠰᠠᠨ ᠰᠤᠯᠠ ᠣᠷᠣᠯᠴᠠᠬᠤ᠂ ᠬᠤᠰᠢᠭᠤᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠠᠴᠠ ᠰᠤᠯᠠ ᠣᠷᠣᠯᠴᠠᠬᠤ᠂ ᠤᠷᠢᠵᠤ ᠰᠤᠯᠠ | ᠣᠷᠣᠯᠴᠠᠭᠤᠯᠬᠤ ᠨᠥᠬᠦᠳ ᠪᠠ ᠪᠥᠬᠦ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠬᠤᠷᠠᠯ ᠳᠤ | ᠰᠤᠯᠠ ᠤᠷᠤᠯᠴᠠᠪᠠ᠃ | 1 ᠰᠠᠷ᠎ᠠ ᠶᠢᠨ 21 ᠤ ᠡᠳᠦᠷ ᠤᠨ ᠦᠳᠡ ᠶᠢᠨ ᠬᠤᠶᠢᠨ᠎ᠠ᠂ ᠣᠩᠨᠢᠭᠤᠳ ᠬᠤᠰᠢᠭᠤᠨ ᠤ ᠠᠷᠪᠠᠨ ᠨᠠᠢᠮᠠᠳᠤᠭᠠᠷ | ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ ᠬᠤᠷᠠᠯᠳᠤᠭᠠᠨ ᠡᠯ᠎ᠡ | ᠵᠥᠪᠯᠡᠬᠦ ᠵᠦᠢᠯ ᠢᠶᠠᠨ ᠲᠡᠭᠦᠰ ᠠᠮᠵᠢᠯᠲᠠ ᠲᠠᠢ ᠪᠡᠶᠡᠯᠡᠭᠦᠯᠦᠭᠡᠳ ᠠᠮᠵᠢᠯᠲᠠ ᠲᠠᠢ ᠪᠠᠷ ᠲᠡᠭᠦᠰᠪᠡ᠃ | ᠶᠡᠭᠡ ᠬᠤᠷᠠᠯ ᠤᠨ ᠭᠦᠢᠴᠡᠳᠬᠡᠭᠴᠢ ᠲᠡᠷᠢᠭᠦᠯᠡᠭᠴᠢ ᠮᠦᠩᠬᠡ᠂ ᠯᠢ ᠢᠦᠢ ᠲᠢᠩ᠂ ᠮᠠ ᠶᠦᠩ ᠭᠠᠩ᠂ | ᠬᠥᠭᠵᠢᠯᠲᠦ᠂ ᠰᠦᠨ ᠮᠢᠩ ᠲᠤᠤ᠂ ᠤᠳᠤᠨᠴᠢᠮᠡᠭ᠂ ᠵᠧᠩ ᠱᠸᠦ ᠰᠢᠤᠸᠠᠢ᠂ ᠯᠢᠨ ᠬᠤ᠋᠂ ᠸᠧᠨ ᡁᠢ ᠭᠠᠩ | ᠲᠡᠷᠢᠭᠦᠯᠡᠭᠴᠢ ᠶᠢᠨ ᠲᠠᠶᠢᠰᠠᠨ ᠤ ᠡᠮᠦᠨ᠎ᠡ ᠮᠥᠷ ᠲᠤ ᠰᠠᠭᠤᠵᠤ ᠂ ᠶᠡᠭᠡ ᠬᠤᠷᠠᠯ ᠤᠨ ᠲᠡᠷᠢᠭᠦᠯᠡᠭᠴᠢᠳ ᠤᠨ | ᠪᠦᠯᠬᠦᠮ ᠤᠨ ᠪᠦᠷᠢᠯᠳᠦᠬᠦᠨ ᠲᠡᠷᠢᠭᠦᠯᠡᠭᠴᠢ ᠶᠢᠨ ᠲᠠᠶᠢᠰᠠᠨ ᠳᠤ ᠰᠠᠭᠤᠵᠠᠭᠠᠪᠠ᠃ | ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠬᠦᠮ ᠤᠨ ᠪᠠᠶᠢᠩᠭᠤ ᠶᠢᠨ ᠲᠡᠷᠢᠭᠦᠯᠡᠭᠴᠢ᠂ ᠭᠦᠢᠴᠡᠳᠬᠡᠭᠴᠢ | ᠲᠡᠷᠢᠭᠦᠯᠡᠭᠴᠢ ᠯᠢ ᠢᠦᠢ ᠲᠢᠩ ᠲᠡᠭᠦᠰᠬᠦ ᠬᠤᠷᠠᠯ ᠢ ᠡᠷᠬᠢᠯᠡᠪᠡ᠃ | ᠶᠡᠭᠡ ᠬᠤᠷᠠᠯ ᠠᠴᠠ ᠣᠷᠣᠨ ᠨᠤᠲᠤᠭ ᠤᠨ ᠵᠣᠬᠢᠶᠠᠨ ᠪᠠᠶᠢᠭᠤᠯᠤᠯᠲᠠ ᠶᠢᠨ ᠬᠠᠤᠯᠢ ᠪᠣᠯᠤᠨ ᠶᠡᠭᠡ ᠬᠤᠷᠠᠯ ᠤᠨ | ᠰᠣᠩᠭᠤᠭᠤᠯᠢ ᠶᠢᠨ ᠠᠷᠭ᠎ᠠ ᠶᠢ ᠦᠨᠳᠦᠰᠦᠯᠡᠨ᠂ ᠮᠠ ᠶᠦᠩ ᠭᠠᠩ ᠨᠥᠬᠦᠷ ᠢ ᠣᠩᠨᠢᠭᠤᠳ ᠬᠤᠰᠢᠭᠤᠨ ᠤ | ᠠᠷᠠᠳ ᠤᠨ ᠵᠠᠰᠠᠭ ᠤᠨ ᠣᠷᠳᠣᠨ ᠤ ᠬᠤᠰᠢᠭᠤᠨ ᠳᠠᠷᠤᠭ᠎ᠠ ᠪᠠᠷ ᠰᠣᠩᠭᠤᠪᠠ ᠃ ᠸᠧᠨ ᡁᠢ ᠭᠠᠩ ᠨᠥᠬᠦᠷ ᠢ | ᠣᠩᠨᠢᠭᠤᠳ ᠬᠤᠰᠢᠭᠤᠨ ᠤ ᠠᠷᠪᠠᠨ ᠨᠠᠢᠮᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠪᠠᠷ ᠰᠣᠩᠭᠤᠪᠠ ᠃ ᠪᠠᠶᠠᠷᠳᠥ᠂ ᠯᠢᠶᠠᠨ᠂ ᠯᠢ ᠳ᠋ᠠ | ᠸᠧᠢ᠂ ᠯᠢ ᠶᠦᠩ ᠵᠢᠶᠦ᠋ᠨ᠂ ᠬᠤ᠋ ᠶᠠᠩ ᠶᠢ ᠬᠤᠰᠢᠭᠤᠨ ᠤ ᠠᠷᠪᠠᠨ ᠨᠠᠢᠮᠠᠳᠤᠭᠠᠷ ᠬᠤᠭᠤᠴᠠᠭᠠᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠭᠡᠰᠢᠭᠦᠨ ᠢᠶᠠᠷ ᠰᠣᠩᠭᠤᠪᠠ︔ ᠸᠠᠩ ᠢᠦᠢ | ᠨᠥᠬᠦᠷ ᠢ ᠣᠩᠨᠢᠭᠤᠳ ᠬᠤᠰᠢᠭᠤᠨ ᠤ ᠠᠷᠠᠳ ᠤᠨ ᠰᠢᠭᠦᠬᠦ ᠬᠤᠷᠢᠶᠠᠨ ᠤ ᠳᠠᠷᠤᠭ᠎ᠠ ᠪᠠᠷ ᠰᠣᠩᠭᠤᠪᠠ᠃ | ᠰᠢᠨ᠎ᠡ ᠪᠠᠷ ᠰᠣᠩᠭᠤᠭᠳᠠᠭᠰᠠᠨ ᠨᠥᠬᠦᠳ ᠲᠥᠯᠥᠭᠡᠯᠡᠭᠴᠢᠳ ᠲᠠᠢ ᠵᠤᠯᠭᠠᠬᠤ ᠶᠢᠨ ᠬᠠᠮᠲᠤ ᠦᠨᠳᠦᠰᠦᠨ | ᠬᠠᠤᠯᠢ ᠳᠤ ᠲᠥᠪ ᠴᠢᠩᠭ᠎ᠠ ᠪᠠᠷ ᠲᠠᠩᠭᠠᠷᠢᠭᠯᠠᠪᠠ᠃ | ᠶᠡᠭᠡ ᠬᠤᠷᠠᠯ ᠠᠴᠠ ᠣᠩᠨᠢᠭᠤᠳ ᠬᠤᠰᠢᠭᠤᠨ ᠤ 2025 ᠣᠨ ᠤ ᠠᠷᠠᠳ ᠤᠨ ᠠᠮᠢᠳᠤᠷᠠᠯ ᠤᠨ ᠪᠣᠳᠠᠲᠤ | ᠶᠠᠪᠤᠳᠠᠯ ᠤᠨ ᠲᠥᠷᠥᠯ ᠵᠦᠢᠯ ᠢ ᠪᠢᠯᠧᠲ ᠢᠶᠠᠷ ᠪᠠᠲᠤᠯᠠᠭᠰᠠᠨ ᠪᠥᠭᠡᠳ 2024 ᠣᠨ ᠤ ᠨᠢᠭᠡᠨᠲᠡ ᠪᠡᠶᠡᠯᠡᠭᠦᠯᠦᠭᠰᠡᠨ | ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠢᠯ ᠳᠤ ᠬᠠᠨᠤᠮᠵᠢ ᠶᠢᠨ ᠬᠡᠮᠵᠢᠶᠡᠨ ᠤ ᠦᠨᠡᠯᠡᠯᠲᠡ | ᠬᠢᠪᠡ ᠃ ᠶᠡᠭᠡ ᠬᠤᠷᠠᠯ ᠤᠨ ᠡᠯ᠎ᠡ ᠵᠦᠢᠯ ᠤᠨ ᠰᠢᠢᠳᠪᠦᠷᠢ ᠶᠢ ᠪᠠᠲᠤᠯᠠᠪᠠ᠃ ᠣᠩᠨᠢᠭᠤᠳ ᠬᠤᠰᠢᠭᠤᠨ ᠤ ᠠᠷᠪᠠᠨ | ᠨᠠᠢᠮᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠡᠰᠡᠭ ᠲᠤᠰᠬᠠᠢ ᠵᠥᠪᠯᠡᠯ ᠤᠨ | ᠨᠡᠷᠡᠶᠢᠳᠦᠯ ᠢ ᠬᠤᠪᠢᠷᠠᠭᠤᠯᠬᠤ ᠵᠢᠴᠢ ᠡᠷᠬᠢᠯᠡᠭᠴᠢ ᠭᠡᠰᠢᠭᠦᠨ ᠤ ᠵᠢᠱᠢᠭᠳᠡᠭᠴᠢ ᠶᠢ ᠲᠣᠬᠢᠷᠠᠭᠤᠯᠬᠤ ᠲᠤᠬᠠᠢ | ᠲᠣᠭᠲᠠᠭᠠᠯ ᠢ ᠪᠠᠲᠤᠯᠠᠪᠠ᠃ | ᠬᠤᠰᠢᠭᠤᠨ ᠤ ᠨᠠᠮ ᠤᠨ ᠬᠤᠷᠢᠶᠠᠨ ᠤ ᠱᠦᠵᠢ ᠮᠥᠩᠬᠡ ᠬᠤᠰᠢᠭᠤᠨ ᠤ ᠨᠠᠮ ᠤᠨ ᠬᠤᠷᠢᠶᠠᠨ ᠤ ᠡᠮᠦᠨ᠎ᠡ ᠠᠴᠠ | ᠶᠡᠭᠡ ᠬᠤᠷᠠᠯ ᠤᠨ ᠲᠡᠭᠦᠰ ᠠᠮᠵᠢᠯᠲᠠ ᠣᠯᠤᠭᠰᠠᠨ ᠪᠠ ᠰᠢᠨ᠎ᠡ ᠪᠠᠷ ᠰᠣᠩᠭᠤᠭᠳᠠᠭᠰᠠᠨ ᠨᠥᠬᠦᠳ ᠲᠤ ᠪᠠᠶᠠᠷ | ᠬᠦᠷᠭᠡᠪᠡ᠃ ᠲᠡᠷᠡ ᠶᠠᠷᠢᠶᠠᠨ ᠳᠠᠭᠠᠨ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠵᠢᠴᠢ | ᠲᠡᠭᠦᠨ ᠤ ᠪᠠᠶᠢᠩᠭᠤ ᠶᠢᠨ ᠬᠤᠷᠢᠶ᠎ᠠ ︽ᠳᠥᠷᠪᠡᠨ ᠪᠠᠶᠢᠭᠤᠯᠭ᠎ᠠ︾ ᠶᠢᠨ ᠪᠠᠶᠢᠷᠢ ᠲᠣᠭᠲᠠᠭᠠᠯᠲᠠ ᠶᠢ ᠪᠠᠲᠤ ᠡᠵᠡᠮᠳᠡᠵᠦ᠂ | ᠡᠭᠦᠷᠭᠡ ᠬᠠᠷᠢᠭᠤᠴᠠᠯᠭ᠎ᠠ ᠶᠢᠨ ᠢᠶᠠᠨ ᠲᠣᠭᠤᠷᠢᠨ ᠳᠤ ᠠᠵᠢᠯ ᠤᠨ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠵᠤ | ᠂ ᠰᠢᠨ᠎ᠡ ᠴᠠᠭ ᠦᠶ᠎ᠡ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠴᠢᠨᠠᠷ ᠴᠢᠨᠰᠠᠭ᠎ᠠ | ᠦᠷ᠎ᠡ ᠪᠦᠲᠦᠮᠵᠢ ᠶᠢ ᠲᠠᠰᠤᠷᠠᠯᠲᠠ ᠥᠬᠡᠶ ᠳᠡᠭᠡᠭᠰᠢᠯᠡᠭᠦᠯᠬᠦ ᠬᠡᠷᠡᠭᠲᠡᠶ᠃ ᠬᠤᠰᠢᠭᠤᠨ ᠤ ᠵᠠᠰᠠᠭ ᠤᠨ ᠣᠷᠳᠣᠨ᠂ | ᠬᠢᠨᠠᠨ ᠪᠠᠶᠢᠴᠠᠭᠠᠬᠤ ᠵᠥᠪᠯᠡᠯ᠂ ᠰᠢᠭᠦᠬᠦ ᠬᠤᠷᠢᠶ᠎ᠠ᠂ ᠪᠠᠶᠢᠴᠠᠭᠠᠬᠤ ᠬᠤᠷᠢᠶ᠎ᠠ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠵᠦ᠂ ᠬᠠᠤᠯᠢ ᠶᠣᠰᠣᠭᠠᠷ ᠠᠵᠢᠯ ᠢᠶᠠᠨ ᠮᠡᠳᠡᠭᠦᠯᠵᠦ᠂ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠰᠢᠢᠳᠪᠦᠷᠢ ᠶᠢ ᠴᠢᠩᠭ᠎ᠠ ᠬᠡᠷᠡᠭᠵᠢᠭᠦᠯᠵᠦ᠂ | ᠲᠥᠯᠥᠭᠡᠯᠡᠭᠴᠢᠳ ᠤᠨ ᠰᠠᠨᠠᠭᠤᠯᠭ᠎ᠠ ᠶᠢ ᠨᠠᠷᠢᠨ ᠬᠢᠨᠠᠮᠠᠭᠠᠢ ᠰᠢᠢᠳᠪᠦᠷᠢᠯᠡᠵᠦ᠂ ᠬᠠᠤᠯᠢ ᠶᠣᠰᠣᠭᠠᠷ ᠵᠠᠰᠠᠭ ᠶᠠᠪᠤᠭᠤᠯᠬᠤ | ᠂ ᠬᠠᠤᠯᠢ ᠶᠣᠰᠣᠭᠠᠷ ᠬᠢᠨᠠᠨ ᠪᠠᠶᠢᠴᠠᠭᠠᠬᠤ᠂ ᠲᠥᠪ ᠭᠤᠣᠯᠴᠢ ᠪᠠᠷ ᠬᠠᠤᠯᠢ ᠪᠠᠷᠢᠬᠤ ᠶᠢ ᠴᠢᠩᠭᠠᠳᠬᠠᠬᠤ ᠬᠡᠷᠡᠭᠲᠡᠢ | ᠭᠡᠵᠡᠢ᠃ | ᠮᠥᠩᠬᠡ ᠶᠠᠷᠢᠶᠠᠨ ᠳᠠᠭᠠᠨ᠂ ᠲᠥᠯᠥᠭᠡᠯᠡᠭᠴᠢᠳ ︽ᠠᠷᠠᠳ ᠤᠨ ᠲᠥᠯᠥᠭᠡᠯᠡᠭᠴᠢ ᠠᠷᠠᠳ ᠲᠦᠮᠡᠨ ᠤ | ᠲᠥᠯᠥᠭᠡ ᠪᠠᠶᠢᠬᠤ︾ ᠣᠭ ᠰᠠᠨᠠᠭ᠎ᠠ ᠶᠢ ᠪᠠᠨ ᠪᠠᠲᠤ ᠰᠠᠬᠢᠵᠤ᠂ ︽ᠳᠥᠷᠪᠡ ᠶᠢ ᠦᠨᠳᠦᠰᠦᠨ ᠱᠠᠲᠤᠨ ᠳᠤ | ᠪᠠᠭᠤᠯᠭᠠᠬᠤ︾ ᠰᠢᠯᠢᠳᠡᠭ ᠤᠯᠠᠮᠵᠢᠯᠠᠯ ᠢ ᠶᠡᠭᠡ ᠪᠠᠷ ᠪᠠᠳᠠᠷᠠᠭᠤᠯᠵᠤ᠂ ᠣᠯᠠᠨ ᠲᠦᠮᠡᠨ ᠤ ᠬᠦᠰᠡᠯ ᠱᠠᠭᠠᠷᠳᠠᠯᠭ᠎ᠠ ᠶᠢ | ᠰᠣᠨᠣᠰᠴᠤ᠂ ᠣᠯᠠᠨ ᠲᠦᠮᠡᠨ ᠤ ᠬᠦᠰᠡᠯ ᠡᠷᠡᠮᠡᠯᠵᠡᠯ ᠳᠤ ᠨᠡᠶᠢᠴᠡᠭᠦᠯᠥᠨ᠂ ᠣᠯᠠᠨ ᠲᠦᠮᠡᠨ ᠲᠠᠢ ᠬᠠᠷᠢᠯᠴᠠᠬᠤ᠂ | ᠬᠥᠭᠵᠢᠯᠲᠡ ᠳᠤ ᠦᠢᠯᠡᠴᠢᠯᠡᠬᠦ ᠴᠢᠳᠠᠪᠤᠷᠢ ᠪᠠᠨ ᠴᠢᠷᠮᠠᠶᠢᠨᠲ᠋ᠡᠭᠡᠭᠰᠢᠯᠡᠭᠦᠯᠵᠦ᠂ ᠨᠠᠩ ᠣᠯᠠᠨ ᠬᠠᠨᠳᠤᠯᠭᠠᠲᠤ | ᠴᠢᠨᠠᠷ ᠢᠶᠠᠷ ᠴᠢᠩᠭ᠎ᠠ᠂ ᠪᠣᠯᠤᠮᠵᠢᠲᠤ ᠴᠢᠨᠠᠷ ᠢᠶᠠᠷ ᠥᠨᠳᠥᠷ ᠰᠠᠨᠠᠯ ᠰᠠᠨᠠᠭᠤᠯᠭ᠎ᠠ ᠳᠤᠷᠠᠳᠴᠤ᠂ ᠬᠤᠰᠢᠭᠤᠨ ᠤ | ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠰᠢᠢᠳᠪᠦᠷᠢᠲᠦ ᠪᠣᠳᠣᠯᠭ᠎ᠠ ᠲᠣᠭᠲᠠᠭᠠᠬᠤ ᠳᠤ ᠯᠠᠪᠯᠠᠯᠲᠠ ᠬᠠᠩᠭᠠᠬᠤ | ᠬᠡᠷᠡᠭᠲᠡᠶ ᠭᠡᠵᠡᠢ᠃ | ᠬᠤᠰᠢᠭᠤᠨ ᠳᠠᠷᠤᠭ᠎ᠠ ᠮᠠ ᠶᠦᠩ ᠭᠠᠩ ᠶᠠᠷᠢᠶᠠᠨ ᠳᠠᠭᠠᠨ᠂ ᠬᠤᠶᠢᠰᠢᠳᠠ ᠶᠢᠨ ᠠᠵᠢᠯ ᠤᠨ ᠳᠤᠮᠳᠠ᠂ ᠪᠢ | ᠬᠤᠰᠢᠭᠤᠨ ᠤ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠤᠷ᠎ᠠ᠂ ᠬᠤᠰᠢᠭᠤᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ᠂ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠬᠢᠨᠠᠯᠲᠠ ᠳᠡᠮᠵᠢᠯᠭᠡ | ᠳᠣᠤᠷ᠎ᠠ᠂ ᠬᠤᠰᠢᠭᠤᠨ ᠤ ᠵᠠᠰᠠᠭ ᠤᠨ ᠣᠷᠳᠣᠨ ᠤ ᠪᠠᠭ ᠢᠶᠠᠨ ᠪᠦᠯᠬᠦᠮᠳᠡᠭᠦᠯᠦᠨ ᠳᠠᠶᠢᠴᠢᠯᠠᠵᠤ᠂ ᠡᠷᠴᠢ | ᠵᠣᠷᠢᠭ ᠢᠶᠠᠨ ᠬᠥᠪᠴᠢᠯᠡᠨ ᠂ ᠦᠷᠭᠦᠯᠵᠢᠯᠡᠨ ᠲᠡᠮᠡᠴᠡᠵᠦ᠂ ᠵᠣᠬᠢᠶᠠᠨ ᠪᠠᠶᠢᠭᠤᠯᠤᠯᠲᠠ ᠰᠠᠨᠠᠭ᠎ᠠ ᠠᠮᠤᠷ᠂ ᠠᠷᠠᠳ | ᠲᠦᠮᠡᠨ ᠰᠡᠳᠬᠢᠯ ᠬᠠᠨᠤᠮᠵᠢᠲᠠᠶ ᠬᠢᠷᠢ ᠲᠡᠩᠴᠡᠭᠰᠡᠨ ᠬᠠᠷᠢᠭᠤᠯᠲᠠ ᠶᠢᠨ ᠬᠠᠭᠤᠳᠠᠰᠤ ᠶᠢ ᠲᠤᠰᠢᠶᠠᠨ᠎ᠠ ᠭᠡᠰᠡᠨ | ᠪᠠᠶᠢᠨ᠎ᠠ᠃ | ᠮᠠ ᠶᠦᠩ ᠭᠠᠩ ᠢᠯᠡᠷᠬᠡᠶᠢᠯᠡᠬᠦ ᠳᠡᠭᠡᠨ ᠠᠷᠢᠭᠤᠨ ᠳᠠᠷᠬᠠᠨ ᠡᠭᠦᠷᠭᠡ ᠶᠢ ᠲᠦᠪ ᠴᠢᠩᠭ᠎ᠠ ᠪᠠᠷ ᠡᠭᠦᠷᠭᠡᠯᠡᠵᠦ᠂ | ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠨ᠂ ᠪᠥᠬᠦ ᠲᠠᠯ᠎ᠠ ᠪᠠᠷ ᠴᠢᠷᠮᠠᠶᠢᠵᠤ᠂ ᠬᠤᠰᠢᠭᠤᠨ ᠤ ᠬᠡᠳᠦᠨ ᠶᠡᠭᠡ | ᠪᠠᠭ ᠤᠨ ᠭᠡᠰᠢᠭᠦᠳ ᠲᠠᠢ ᠬᠠᠮᠲᠤ ᠪᠠᠷ ᠥᠷᠭᠡᠨ ᠣᠯᠠᠨ ᠺᠠᠳ᠋ᠷ ᠣᠯᠠᠨ ᠲᠦᠮᠡᠨ ᠲᠠᠢ ᠰᠡᠳᠬᠢᠯ ᠢᠶᠠᠨ ᠨᠢᠭᠡᠳᠬᠡᠨ | ᠬᠦᠴᠦ ᠪᠠᠨ ᠬᠠᠮᠲᠤᠳᠬᠠᠵᠤ᠂ ᠣᠩᠨᠢᠭᠤᠳ ᠬᠤᠰᠢᠭᠤ ᠶᠢ ᠨᠠᠩ ᠰᠠᠶᠢᠨ ᠰᠠᠶᠢᠬᠠᠨ᠂ ᠨᠠᠩ ᠪᠠᠶᠠᠨ ᠬᠦᠴᠦᠷᠬᠡᠭ | ᠪᠣᠯᠭᠠᠨ ᠪᠥᠲᠥᠭᠡᠨ ᠪᠠᠶᠢᠭᠤᠯᠬᠤ ᠶᠢᠨ ᠲᠥᠯᠥᠭᠡ ᠴᠢᠷᠮᠠᠶᠢᠨ ᠲᠡᠮᠡᠴᠡᠨ᠎ᠡ ᠭᠡᠵᠡᠢ᠃ | ᠶᠡᠭᠡ ᠬᠤᠷᠠᠯ ᠨᠢ ᠰᠦᠷ ᠵᠢᠪᠬᠤᠯᠠᠩᠲᠤ ᠤᠯᠤᠰ ᠤᠨ ᠰᠦᠯᠳᠡ ᠳᠠᠭᠤᠤ ᠶᠢᠨ ᠠᠶ᠎ᠠ ᠶᠢᠨ ᠳᠤᠮᠳᠠ | ᠠᠮᠵᠢᠯᠲᠠ ᠲᠠᠢ ᠦᠨᠳᠥᠷᠯᠡᠪᠡ᠃ | | |