ᠮᠠ ᠶᠦᠩ ᠭᠠᠩ ᠠᠵᠢᠯ ᠠᠴᠠ ᠪᠠᠨ ᠠᠮᠠᠷᠠᠭᠰᠠᠨ ᠠᠬᠠᠮᠠᠳ ᠺᠠᠳ᠋ᠷ ᠪᠣᠯᠤᠨ  ᠬᠦᠴᠢᠷ ᠲᠠᠢ  ᠠᠵᠢᠯᠳᠠᠨ ᠠᠵᠢᠯᠴᠢᠨ ᠢ ᠪᠣᠯᠭᠤᠭᠠᠨ ᠲᠤᠬᠤᠨᠢᠭᠤᠯᠪᠠ
ᠨᠡᠶᠢᠲᠡᠯᠡᠭᠰᠡᠨ ᠴᠠᠭ᠄
2025/2/5
    1 ᠰᠠᠷ᠎ᠠ ᠶᠢᠨ 17 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂  ᠣᠷᠣᠯᠠᠭᠴᠢ  ᠬᠤᠰᠢᠭᠤᠨ ᠳᠠᠷᠤᠭ᠎ᠠ ᠮᠠ ᠶᠦᠩ ᠭᠠᠩ ᠠᠵᠢᠯ ᠠᠴᠠ ᠪᠠᠨ ᠠᠮᠠᠷᠠᠭᠰᠠᠨ ᠬᠡᠰᠡᠭ ᠠᠬᠠᠮᠠᠳ ᠺᠠᠳ᠋ᠷ  ᠪᠤᠯᠤᠨ  ᠬᠦᠴᠢᠷ  ᠲᠠᠢ ᠠᠵᠢᠯᠲᠠᠨ ᠠᠵᠢᠯᠴᠢᠨ ᠢ ᠪᠣᠯᠭᠤᠭᠠᠨ  ᠲᠤᠬᠤᠨᠢᠭᠤᠯᠪᠠ᠃       ᠮᠠ ᠶᠦᠩ ᠭᠠᠩ  ᠂ ᠠᠵᠢᠯ ᠠᠴᠠ ᠪᠠᠨ ᠠᠮᠠᠷᠠᠭᠰᠠᠨ ᠠᠬᠠᠮᠠᠳ ᠺᠠᠳ᠋ᠷ ᠵᠦ ᠱᠣᠣ ᠰᠢᠶᠠᠨ ᠪᠣᠯᠤᠨ ᠪᠠᠶᠠᠨᠮᠦ᠋ᠩᠬᠡ ᠶᠢᠨ ᠭᠡᠷ ᠲᠤ᠂ ᠲᠡᠳᠡᠨ ᠲᠠᠢ ᠳᠣᠲᠣᠨᠣ ᠪᠠᠷ ᠶᠠᠷᠢᠯᠴᠠᠵᠤ᠂ ᠲᠡᠳᠡᠨ ᠤ ᠭᠡᠷ ᠪᠦᠯᠢ ᠶᠢᠨ ᠪᠠᠶᠢᠳᠠᠯ ᠪᠣᠯᠤᠨ ᠪᠡᠶ᠎ᠡ ᠮᠠᠬᠠᠪᠣᠳ ᠤᠨ ᠪᠠᠶᠢᠳᠠᠯ ᠢ ᠬᠠᠯᠠᠮᠵᠢᠯᠠᠨ ᠠᠰᠠᠭᠤᠵᠤ᠂ ᠲᠡᠳᠡᠨ ᠤ ᠣᠩᠨᠢᠭᠤᠳ ᠬᠤᠰᠢᠭᠤᠨ ᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠤᠬᠠᠢ ᠰᠠᠨᠠᠯ ᠰᠠᠨᠠᠭᠤᠯᠭ᠎ᠠ ᠶᠢ ᠨᠠᠷᠢᠨ ᠬᠢᠨᠠᠮᠠᠭᠠᠢ ᠰᠣᠨᠣᠰᠪᠠ᠃ ᠮᠠ ᠶᠦᠩ ᠭᠠᠩ ᠶᠡᠷᠢᠶᠠᠨ ᠳᠠᠭᠠᠨ᠂ ᠣᠩᠨᠢᠭᠤᠳ ᠬᠤᠰᠢᠭᠤᠨ ᠤ ᠥᠨᠥᠳᠦᠷ ᠤᠨ ᠬᠥᠭᠵᠢᠯᠲᠡ ᠶᠢᠨ ᠠᠮᠵᠢᠯᠲᠠ ᠪᠦᠲᠦᠮᠵᠢ  ᠳᠤ ᠠᠬᠠᠮᠠᠳ ᠺᠠᠳ᠋ᠷᠴᠤᠳ ᠤᠨ ᠤᠶᠤᠨ ᠤᠬᠠᠭᠠᠨ ᠪᠠ ᠬᠦᠴᠦ ᠬᠥᠳᠡᠯᠮᠦᠷᠢ ᠰᠢᠩᠭᠡᠵᠦ  ᠪᠠᠶᠢᠳᠠᠭ  ᠃  ᠠᠬᠠᠮᠠᠳ ᠺᠠᠳ᠋ᠷᠴᠤᠳ ᠥᠩᠭᠡᠷᠡᠭᠰᠡᠨ ᠲᠠᠢ ᠪᠠᠨ ᠠᠳᠠᠯᠢ ᠪᠠᠷ ᠣᠩᠨᠢᠭᠤᠳ ᠬᠤᠰᠢᠭᠤᠨ ᠤ ᠥᠭᠡᠷᠡᠴᠢᠯᠡᠯᠲᠡ ᠬᠥᠭᠵᠢᠯᠲᠡ ᠶᠢ ᠬᠠᠯᠠᠮᠵᠢᠯᠠᠨ ᠳᠡᠮᠵᠢᠵᠦ᠂ ᠣᠩᠨᠢᠭᠤᠳ ᠬᠤᠰᠢᠭᠤᠨ ᠤ ᠨᠡᠩ ᠰᠠᠶᠢᠨ ᠰᠠᠶᠢᠬᠠᠨ ᠢᠷᠡᠭᠡᠳᠦᠢ ᠶᠢ ᠬᠠᠮᠲᠤᠪᠠᠷ  ᠴᠤᠭᠴᠠᠯᠠᠬᠤ ᠶᠢ ᠬᠦᠰᠡᠵᠦ ᠪᠠᠶᠢᠨ᠎ᠠ  ᠭᠡᠪᠡ  ᠃     ᠬᠦᠴᠢᠷ ᠲᠠᠢ ᠠᠵᠢᠯᠳᠠᠨ ᠭᠦᠸᠧ ᠰᠢᠤ ᠵᠢᠤᠸᠠᠨ ᠪᠣᠯᠤᠨ ᠸᠠᠩ ᠶᠢᠨ ᠵᠢᠶᠧ ᠶᠢᠨ ᠭᠡᠷ  ᠲᠤ ᠮᠠ ᠶᠦᠩ ᠭᠠᠩ ᠲᠡᠳᠡᠨ  ᠦᠢᠯᠡᠳᠪᠥᠷᠢᠯᠡᠯ  ᠠᠮᠢᠳᠤᠷᠠᠯ ᠤᠨ ᠪᠠᠶᠢᠳᠠᠯ ᠢ ᠨᠢ  ᠨᠠᠷᠢᠨ  ᠤᠶᠢᠯᠠᠭᠠᠬᠤ ᠶᠢᠨ ᠬᠠᠮᠲᠤ ᠲᠡᠳᠡᠨ ᠢ ᠢᠲᠡᠭᠡᠯ ᠵᠣᠷᠢᠭ ᠢᠶᠠᠨ ᠬᠥᠪᠴᠢᠯᠡᠵᠦ᠂ ᠬᠦᠴᠢᠷ ᠪᠡᠷᠬᠡᠰᠢᠶᠡᠯ  ᠢ ᠳᠠᠪᠠᠨ᠂  ᠪᠠᠶᠠᠷ ᠪᠠᠶᠠᠰᠬᠤᠯᠠᠩ ᠲᠠᠢ ᠴᠠᠭᠠᠨ ᠰᠠᠷ᠎ᠠ ᠪᠠᠨ ᠥᠩᠭᠡᠷᠡᠭᠦᠯᠬᠦ ᠶᠢ  ᠬᠦᠰᠡᠨ ᠵᠥᠩᠨᠡᠪᠡ᠃ ᠡᠭᠦᠨ ᠤ ᠬᠠᠮᠲᠤ᠂ ᠬᠠᠮᠢᠶ᠎ᠠ ᠪᠦᠬᠦᠢ ᠰᠠᠯᠠᠭ᠎ᠠ ᠮᠦᠴᠢᠷ ᠨᠢ ᠡᠭᠦᠷᠭᠡ ᠬᠠᠷᠢᠭᠤᠴᠠᠯᠭ᠎ᠠ ᠪᠠᠨ ᠰᠠᠶᠢᠲᠤᠷ ᠭᠦᠢᠴᠡᠳᠬᠡᠨ᠂ ᠤᠯᠠᠨ ᠲᠦᠮᠡᠨ ᠤ ᠬᠦᠷᠳᠡᠮᠵᠢ ᠶᠢᠨ ᠲᠦᠷᠥᠭᠳᠡᠯ᠂ ᠵᠤᠯ ᠵᠢᠷᠭᠠᠯᠳᠥ ᠲᠦᠷᠥᠭᠳᠡᠯ  ᠂ ᠠᠮᠤᠷ ᠲᠦᠪᠰᠢᠨ ᠤ ᠲᠦᠷᠥᠭᠳᠡᠯ ᠢ ᠲᠠᠰᠤᠷᠠᠯᠳᠠ ᠦᠭᠡᠢ  ᠨᠡᠮᠡᠭᠳᠡᠭᠦᠯᠬᠦ ᠬᠡᠷᠡᠭᠳᠡᠢ ᠭᠡᠰᠡᠨ ᠪᠠᠶᠢᠨ᠎ᠠ᠃
 
ᠢᠷᠡᠯᠲᠡ᠄ ᠣᠩᠨᠢᠭᠤᠳ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号