ᠬᠤᠰᠢᠭᠤᠨ ᠨᠠᠮ ᠤᠨ ᠬᠤᠷᠢᠶᠠᠨ ᠤ ᠱᠦᠵᠢ ᠮᠥᠩᠬᠡ ᠴᠠᠭᠠᠨ ᠰᠠᠷ᠎ᠠ ᠶᠢᠨ ᠲᠤᠬᠤᠨᠢᠭᠤᠯᠭ᠎ᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2025/2/5
    1 ᠰᠠᠷ᠎ᠠ ᠶᠢᠨ 23 ᠤ ᠡᠳᠦᠷ᠂ ᠬᠤᠰᠢᠭᠤᠨ ᠨᠠᠮ ᠤᠨ ᠬᠤᠷᠢᠶᠠᠨ ᠤ ᠱᠦᠵᠢ ᠮᠥᠩᠬᠡ ᠤᠷᠢᠳ ᠬᠤᠵᠢᠳ ᠠᠵᠢᠯ ᠠᠴᠠ ᠪᠠᠨ ᠠᠮᠠᠷᠠᠭᠰᠠᠨ ᠠᠬᠠᠮᠠᠳ ᠺᠠᠳ᠋ᠷᠴᠤᠳ᠂ ᠬᠦᠴᠢᠷᠳᠡᠯᠲᠡᠶ ᠠᠵᠢᠯᠲᠠᠨ ᠠᠵᠢᠯᠴᠢᠨ᠂ ᠭᠠᠯ ᠤᠨᠲᠠᠷᠠᠭᠠᠬᠤ ᠶᠡᠭᠡ ᠠᠩᠭᠢ᠂ ᠬᠤᠰᠢᠭᠤᠨ ᠤ ᠡᠮᠨᠡᠯᠭᠡ ᠶᠢᠨ ᠬᠤᠷᠢᠶ᠎ᠠ ᠪᠤᠯᠤᠨ ᠵᠡᠪᠰᠡᠭᠲᠦ ᠴᠠᠭᠳᠠᠭ᠎ᠠ ᠶᠢᠨ ᠳᠤᠮᠳᠠ ᠠᠩᠭᠢ ᠳᠤ ᠬᠦᠷᠴᠦ ᠴᠠᠭᠠᠨ ᠰᠠᠷ᠎ᠠ ᠶᠢᠨ ᠲᠤᠬᠤᠨᠢᠭᠤᠯᠭ᠎ᠠ ᠶᠢᠨ ᠠᠵᠢᠯᠯᠠᠭ᠎ᠠ ᠦᠷᠨᠢᠭᠦᠯᠵᠦ᠂ ᠲᠡᠳᠡᠨᠦᠰ ᠲᠤ ᠨᠠᠮ ᠵᠠᠰᠠᠭ ᠤᠨ ᠬᠠᠶᠢᠷ᠎ᠠ ᠬᠠᠯᠠᠮᠵᠢ ᠶᠢ ᠬᠦᠷᠭᠡᠭᠰᠡᠨ ᠪᠠᠶᠢᠨ᠎ᠠ᠃     ᠠᠵᠢᠯ ᠠᠴᠠ ᠪᠠᠨ ᠠᠮᠠᠷᠠᠭᠰᠠᠨ ᠠᠬᠠᠮᠠᠳ ᠺᠠᠳ᠋ᠷ ᠵᠢᠷᠤᠮᠳᠤ ᠪᠣᠯᠤᠨ ᠡᠦ ᠭᠦᠸᠧ ᠴᠢᠤᠸᠠᠨ ᠤ ᠭᠡᠷ ᠲᠤ ᠬᠦᠷᠦᠭᠰᠡᠨ ᠤ ᠳᠠᠷᠠᠭ᠎ᠠ ᠮᠦᠩᠭᠡ ᠠᠴᠠ ᠠᠬᠠᠮᠠᠳ ᠺᠠᠳ᠋ᠷᠴᠤᠳ ᠤᠨ ᠮᠠᠨ ᠤ ᠬᠤᠰᠢᠭᠤᠨ ᠤ ᠠᠵᠤ ᠠᠬᠤᠢ ᠨᠡᠶᠢᠭᠡᠮ ᠤᠨ ᠬᠥᠭᠵᠢᠯᠲᠡ ᠳᠤ ᠦᠵᠡᠭᠦᠯᠦᠭᠰᠡᠨ ᠴᠢᠬᠤᠯᠠ ᠬᠤᠪᠢ ᠨᠡᠮᠡᠷᠢ ᠳᠤ ᠴᠢᠩ ᠰᠡᠳᠬᠢᠯ ᠠᠴᠠ ᠪᠠᠨ ᠲᠠᠯᠠᠷᠬᠠᠵᠤ ᠪᠠᠶᠢᠬᠤ ᠪᠠᠨ ᠢᠯᠡᠳᠭᠡᠭᠰᠡᠨ ᠤ ᠬᠠᠮᠲᠤ ᠲᠡᠳᠡᠨᠦᠰ ᠢ ᠥᠩᠭᠡᠷᠡᠭᠰᠡᠨ ᠲᠠᠢ ᠪᠠᠨ ᠠᠳᠠᠯᠢ ᠪᠠᠷ ᠪᠦᠬᠦ ᠬᠤᠰᠢᠭᠤᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢ ᠬᠠᠯᠠᠮᠵᠢᠯᠠᠨ ᠳᠡᠮᠵᠢᠬᠦ ᠶᠢ ᠬᠦᠰᠡᠪᠡ᠃      ᠬᠦᠴᠢᠷᠳᠡᠯᠲᠡᠶ ᠠᠵᠢᠯᠲᠠᠨ ᠠᠵᠢᠯᠴᠢᠨ ᠨᠠᠷᠠᠨᠴᠡᠴᠡᠭ ᠪᠣᠯᠤᠨ ᠯᠢᠦ ᠢᠦᠶ ᠬᠤᠩ ᠤᠨ ᠬᠡᠷ ᠲᠤ ᠬᠦᠷᠴᠦ᠂ ᠮᠥᠩᠬᠡ ᠠᠴᠠ ᠲᠡᠳᠡᠨᠦᠰ ᠤᠨ ᠠᠮᠢᠳᠤᠷᠠᠯ ᠤᠨ ᠪᠠᠶᠢᠳᠠᠯ ᠪᠣᠯᠤᠨ ᠣᠷᠣᠰᠢᠵᠤ ᠪᠠᠶᠢᠭ᠎ᠠ ᠬᠦᠴᠢᠷᠳᠡᠯ ᠢ ᠬᠠᠯᠠᠮᠵᠢᠯᠠᠨ ᠠᠰᠠᠭᠤᠭᠰᠠᠨ ᠤ ᠬᠠᠮᠲᠤ ᠬᠠᠮᠢᠶ᠎ᠠ ᠪᠥᠬᠦᠶ ᠬᠦᠮᠦᠰ ᠲᠤ ᠬᠦᠴᠢᠷᠳᠡᠯᠲᠡᠶ ᠣᠯᠠᠨ ᠲᠦᠮᠡᠨ ᠢ ᠴᠠᠭ ᠢᠮᠠᠭᠲᠠ ᠰᠡᠳᠬᠢᠯ ᠳᠡᠭᠡᠨ ᠪᠤᠳᠤᠵᠤ᠂ ᠡᠯ᠎ᠡ ᠵᠦᠢᠯ ᠤᠨ ᠬᠠᠪᠰᠤᠷᠤᠨ ᠲᠡᠳᠬᠦᠬᠦ ᠲᠥᠷᠥ ᠶᠢᠨ ᠪᠣᠳᠣᠯᠭ᠎ᠠ ᠶᠢ ᠰᠠᠶᠢᠲᠤᠷ ᠨᠠᠶᠢᠳᠠᠪᠤᠷᠢᠵᠢᠭᠤᠯᠤᠨ᠂ ᠠᠮᠢᠳᠤᠷᠠᠯ ᠳᠤᠮᠳᠠᠬᠢ ᠬᠦᠴᠢᠷᠳᠡᠯ ᠢ ᠨᠢ ᠦᠨᠡᠨ ᠬᠦ ᠰᠢᠢᠳᠪᠦᠷᠢᠯᠡᠵᠦ ᠦᠭᠬᠦ ᠬᠡᠷᠡᠭᠲᠡᠶ ᠭᠡᠵᠦ ᠵᠠᠬᠢᠪᠠ᠃      ᠬᠤᠰᠢᠭᠤᠨ ᠤ ᠭᠠᠯ ᠤᠨᠲᠠᠷᠠᠭᠠᠬᠤ ᠶᠡᠭᠡ ᠠᠩᠭᠢ ᠪᠣᠯᠤᠨ ᠬᠤᠰᠢᠭᠤᠨ ᠤ ᠡᠮᠨᠡᠯᠭᠡ ᠶᠢᠨ ᠬᠤᠷᠢᠶᠠᠨ ᠳᠤ ᠬᠦᠷᠦᠭᠰᠡᠨ ᠤ ᠳᠠᠷᠠᠭ᠎ᠠ ᠮᠥᠩᠬᠡ ᠠᠴᠠ ᠠᠵᠢᠯ ᠤᠨ ᠪᠠᠶᠢᠷᠢ ᠪᠠᠨ ᠪᠠᠲᠤ ᠰᠠᠬᠢᠵᠤ᠂ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠬᠠᠮᠠᠭᠠᠯᠠᠬᠤ ᠳᠤ ᠦᠵᠡᠭᠦᠯᠦᠭᠰᠡᠨ ᠬᠤᠪᠢ ᠨᠡᠮᠡᠷᠢ ᠳᠤ ᠲᠠᠯᠠᠷᠬᠠᠪᠠ᠃      ᠬᠤᠰᠢᠭᠤᠨ ᠤ ᠵᠡᠪᠰᠡᠭᠲᠦ ᠴᠠᠭᠳᠠᠭ᠎ᠠ ᠶᠢᠨ ᠳᠤᠮᠳᠠ ᠠᠩᠭᠢ ᠳᠤ ᠬᠦᠷᠦᠭᠰᠡᠨ ᠤ ᠳᠠᠷᠠᠭ᠎ᠠ ᠮᠦᠩᠬᠡ ᠠᠴᠠ ᠳᠠᠷᠤᠭ᠎ᠠ ᠪᠠᠶᠢᠯᠳᠤᠭᠴᠢᠳ ᠤᠨ ᠰᠤᠷᠤᠯᠴᠠᠯᠭ᠎ᠠ᠂ ᠠᠵᠢᠯ᠂ ᠠᠮᠢᠳᠤᠷᠠᠯ ᠤᠨ ᠪᠠᠶᠢᠳᠠᠯ ᠢ ᠨᠠᠷᠢᠨ ᠤᠶᠢᠯᠠᠭᠠᠭᠰᠠᠨ ᠤ ᠬᠠᠮᠲᠤ ᠲᠡᠳᠡᠨᠦᠰ ᠤᠨ ᠠᠮᠤᠷ ᠲᠦᠪᠰᠢᠨ ᠢ ᠬᠠᠮᠠᠭᠠᠯᠠᠵᠤ᠂ ᠬᠥᠭᠵᠢᠯᠲᠡ ᠶᠢ ᠪᠠᠲᠤᠯᠠᠬᠤ ᠳᠤ ᠦᠵᠡᠭᠦᠯᠦᠭᠰᠡᠨ ᠬᠤᠪᠢ ᠨᠡᠮᠡᠷᠢ ᠳᠤ ᠬᠦᠨᠳᠦᠳᠬᠡᠯ ᠲᠠᠯᠠᠷᠬᠠᠯ ᠢᠶᠠᠨ ᠳᠡᠪᠰᠢᠭᠦᠯᠪᠡ᠃
 
ᠢᠷᠡᠯᠲᠡ᠄ ᠣᠩᠨᠢᠭᠤᠳ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号