ᠮᠠ ᠶᠦᠩ ᠭᠠᠩ  ᠬᠤᠰᠢᠭᠤᠨ ᠤ ᠵᠠᠰᠠᠭ ᠤᠨ ᠣᠷᠳᠣᠨ ᠤ 2025 ᠣᠨ ᠤ ᠠᠩᠬᠠᠳᠤᠭᠠᠷ ᠤᠳᠠᠭᠠᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/2/7
     1 ᠰᠠᠷ᠎ᠠ ᠶᠢᠨ 23 ᠤ ᠡᠳᠦᠷ᠂ ᠬᠤᠰᠢᠭᠤᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠰᠢᠭᠤᠨ ᠳᠠᠷᠤᠭ᠎ᠠ ᠮᠠ ᠶᠦᠩ ᠭᠠᠩ  ᠬᠤᠰᠢᠭᠤᠨ ᠤ ᠵᠠᠰᠠᠭ ᠤᠨ ᠣᠷᠳᠣᠨ ᠤ 2025 ᠣᠨ ᠤ ᠠᠩᠬᠠᠳᠤᠭᠠᠷ ᠤᠳᠠᠭᠠᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠣᠶᠢᠷ᠎ᠠ ᠶᠢᠨ ᠬᠤᠭᠤᠴᠠᠭᠠᠨ ᠤ ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠠ ᠣᠷᠣᠨ ᠬᠤᠲᠠ ᠶᠢᠨ ᠬᠤᠶᠠᠷ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠣᠳᠣᠬᠠᠨ ᠤ ᠭᠤᠤᠯᠳᠠᠯᠭ᠎ᠠ ᠲᠠᠢ ᠠᠵᠢᠯ ᠢ ᠰᠤᠳᠤᠯᠤᠨ ᠨᠠᠶᠢᠳᠠᠪᠤᠷᠢᠵᠢᠭᠤᠯᠪᠠ᠃     ᠬᠤᠷᠠᠯ ᠠᠴᠠ᠂ ᠰᠠᠬᠢᠯᠭ᠎ᠠ ᠪᠠᠲᠤ ᠶᠢᠨ ᠪᠠᠶᠢᠭᠤᠯᠤᠯᠲᠠ ᠪᠣᠯᠤᠨ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢ ᠴᠢᠩᠭ᠎ᠠ ᠪᠣᠳᠠᠲᠠᠢ ᠴᠢᠩᠭᠠᠳᠬᠠᠵᠤ᠂ ᠲᠥᠪ ᠤᠨ ᠨᠠᠢᠮᠠᠨ ᠵᠤᠷᠪᠤᠰ ᠲᠣᠭᠲᠠᠭᠠᠯ  ᠪᠤᠯᠤᠨ  ᠲᠡᠭᠦᠨ  ᠤ ᠬᠡᠷᠡᠭᠵᠢᠭᠦᠯᠬᠦ ᠨᠠᠷᠢᠨ ᠲᠦᠷᠢᠮ ᠤᠨ ᠵᠣᠷᠢᠭ ᠰᠠᠨᠠᠭ᠎ᠠ ᠶᠢ ᠭᠦᠨᠵᠡᠭᠡᠢ ᠨᠠᠶᠢᠳᠠᠪᠤᠷᠢᠵᠢᠭᠤᠯᠵᠤ᠂ ᠰᠢᠰᠲ᠋ᠧᠮ ᠤᠨ ᠴᠢᠨᠠᠷᠲᠠᠢ ᠢᠯᠵᠠᠷᠠᠯ ᠤᠨ ᠠᠶᠤᠯ ᠲᠦᠭᠰᠢᠭᠦᠷᠢ ᠶᠢᠨ ᠭᠡᠮ ᠰᠣᠭᠤᠭ ᠢ ᠡᠷᠡᠰ  ᠠᠷᠢᠯᠭᠠᠨ᠂ ᠰᠤᠷᠲᠠᠯ ᠴᠢᠬᠡᠴᠢ ᠣᠪᠣᠷ ᠲᠥᠪ ᠰᠠᠶᠢᠨ ᠰᠠᠶᠢᠬᠠᠨ ᠤᠯᠤᠰ ᠲᠦᠷᠦ ᠶᠢᠨ ᠠᠮᠢ ᠠᠬᠤᠢ ᠶᠢ ᠦᠨᠡᠨᠬᠦ ᠪᠠᠬᠢᠵᠢᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ᠃     ᠬᠤᠷᠠᠯ ᠠᠴᠠ᠂  ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ ᠤᠳ ᠬᠤᠶᠠᠳᠤᠭᠠᠷ ᠡᠭᠡᠯᠵᠢ ᠶᠢᠨ ᠭᠠᠵᠠᠷ ᠰᠢᠷᠣᠢ ᠶᠢᠨ ᠳᠠᠭᠠᠭᠠᠴᠢᠯᠠᠯᠲᠠ ᠶᠢᠨ ︽ᠰᠠᠨᠠᠯ︾ ᠤᠨ ᠱᠠᠭᠠᠷᠳᠠᠯᠭ᠎ᠠ ᠶᠢ ᠴᠢᠩᠭ᠎ᠠ ᠵᠢᠷᠤᠮᠯᠠᠨ᠂ ︽ᠶᠡᠭᠡ ᠲᠣᠭᠲᠠᠭᠤᠨ᠂ ᠪᠠᠭ᠎ᠠ ᠲᠣᠬᠢᠷᠠᠭᠤᠯᠤᠯᠲᠠ︾ ᠶᠢ ᠪᠠᠷᠢᠮᠲᠠᠯᠠᠵᠤ᠂ ᠠᠵᠢᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠪᠠᠶᠢᠳᠠᠯ ᠢ ᠣᠶᠢᠯᠠᠭᠠᠵᠤ ᠬᠢᠨᠠᠨ ᠬᠠᠷᠭᠤᠭᠤᠯᠬᠤ᠂ ᠲᠥᠰᠦᠯ ᠲᠣᠭᠲᠠᠭᠠᠬᠤ ᠵᠡᠷᠭᠡ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ᠳᠠᠭᠠᠭᠠᠴᠢᠯᠠᠬᠤ ᠲᠤᠷᠰᠢᠯᠲᠠ ᠶᠢᠨ ᠠᠵᠢᠯ ᠢ ᠡᠮᠬᠢ ᠵᠢᠷᠤᠮ ᠲᠠᠢ ᠠᠬᠢᠭᠤᠯᠬᠤ ᠶᠢ ᠦᠨᠡᠨᠬᠦ ᠪᠠᠲᠤᠯᠠᠬᠤ ᠬᠡᠷᠡᠭᠲᠡᠶ ᠭᠡᠵᠡᠢ  ᠃     ᠬᠤᠷᠠᠯ ᠠᠴᠠ᠂ ᠡᠯ᠎ᠡ ᠭᠠᠵᠠᠷ  ᠤᠷᠤᠨ ᠡᠯ᠎ᠡ ᠰᠠᠯᠠᠭ᠎ᠠ ᠮᠥᠴᠢᠷ ᠤᠨ ᠬᠢᠨ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ᠂ ︽ᠵᠢᠷᠭᠤᠭᠠᠨ ᠢᠨᠵᠧᠨᠧᠷᠢᠩ︾ ᠢ ᠪᠦᠬᠦ ᠲᠠᠯ᠎ᠠ ᠪᠠᠷ ᠠᠬᠢᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠥᠪᠡᠷᠲᠡᠭᠡᠨ ᠵᠠᠰᠠᠬᠤ ᠣᠷᠣᠨ ᠤ ︽ᠵᠢᠷᠭᠤᠭᠠᠨ ᠠᠵᠢᠯᠯᠠᠭ᠎ᠠ︾ ᠪᠣᠯᠤᠨ ᠤᠯᠠᠭᠠᠨᠬᠠᠳᠠ ᠬᠤᠳᠠ ᠶᠢᠨ ︽ᠠᠷᠪᠠᠨ ᠶᠡᠭᠡ ᠠᠵᠢᠯᠯᠠᠭ᠎ᠠ︾ ᠶᠢ ᠯᠠᠪᠳᠠᠭᠤᠨ ᠪᠠᠲᠤᠲᠠᠢ ᠥᠷᠨᠢᠭᠦᠯᠵᠦ᠂  ︽ ᠨᠢᠭᠡᠳᠥᠭᠡᠷ ᠠᠵᠤ ᠦᠢᠯᠡᠰ ᠢ ᠰᠢᠯᠢᠳᠡᠭᠵᠢᠭᠦᠯᠦᠨ ᠨᠠᠷᠢᠯᠢᠭᠵᠢᠭᠤᠯᠵᠤ᠂ ᠬᠤᠶᠠᠳᠤᠭᠠᠷ ᠠᠵᠤ ᠦᠢᠯᠡᠰ ᠢ ᠪᠤᠵᠠᠭᠠᠶᠢᠷᠠᠭᠤᠯᠤᠨ ᠬᠦᠴᠦᠷᠬᠡᠭᠵᠢᠭᠦᠯᠵᠦ᠂ ᠭᠤᠷᠪᠠᠳᠤᠭᠠᠷ ᠠᠵᠤ ᠦᠢᠯᠡᠰ ᠢ  ᠠᠮᠢᠳᠤᠯᠢᠭᠵᠢᠭᠤᠯᠤᠨ ᠬᠦᠭᠵᠢᠭᠦᠯᠬᠦ︾ ᠬᠥᠭᠵᠢᠯᠲᠡ ᠶᠢᠨ ᠰᠡᠳᠬᠢᠮᠵᠢ  ᠶᠣᠰᠣᠭᠠᠷ᠂ ᠠᠮᠢ ᠠᠬᠤᠢ ᠶᠢ ᠲᠡᠷᠢᠭᠦᠨ ᠳᠤ ᠲᠠᠯᠪᠢᠬᠤ᠂ ᠪᠣᠬᠢᠷᠲᠤᠯ ᠦᠭᠡᠢ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢᠶᠠᠷ ᠡᠷᠡᠰ ᠭᠤᠶᠢᠪᠢᠰᠢ ᠦᠭᠡᠢ ᠰᠠᠶᠢᠲᠤᠷ ᠵᠠᠮᠨᠠᠵᠤ᠂ ᠣᠩᠨᠢᠭᠤᠳ ᠬᠤᠰᠢᠭᠤᠨ ᠤ ᠠᠷᠠᠳ ᠢ ᠪᠠᠶᠠᠵᠢᠭᠤᠯᠤᠨ ᠬᠤᠰᠢᠭᠤ ᠪᠠᠨ ᠬᠦᠴᠦᠷᠬᠡᠭᠵᠢᠭᠦᠯᠬᠦ᠂ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠬᠡᠷᠡᠭᠲᠡᠢ ᠭᠡᠵᠦ ᠵᠢᠭᠠᠵᠤ ᠭᠠᠷᠭᠠᠪᠠ᠃    ᠬᠤᠷᠠᠯ ᠠᠴᠠ ᠱᠠᠭᠠᠷᠳᠠᠭᠰᠠᠨ ᠨᠢ᠂ ᠡᠯ᠎ᠡ ᠭᠠᠵᠠᠷ  ᠤᠷᠤᠨ ᠡᠯ᠎ᠡ ᠰᠠᠯᠠᠭ᠎ᠠ ᠮᠥᠴᠢᠷ ᠤᠨ ᠬᠢᠨ 2025 ᠣᠨ ᠳᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠢ ᠵᠣᠯᠭᠠᠭᠤᠯᠬᠤ ᠲᠦᠷᠦᠯ ᠵᠦᠢᠯ ᠢ ᠨᠠᠶᠢᠳᠠᠪᠤᠷᠢᠵᠢᠭᠤᠯᠬᠤ ᠠᠵᠢᠯ ᠢ ᠰᠠᠶᠢᠲᠤᠷ ᠠᠳᠬᠤᠵᠤ᠂  ᠲᠦᠷᠦᠯ ᠵᠦᠢᠯ ᠤᠨ ᠡᠷᠲᠡᠬᠡᠨ ᠠᠰᠢᠭᠯᠠᠯᠲᠠ ᠳᠤ ᠣᠷᠣᠵᠤ ᠦᠷ᠎ᠡ ᠪᠦᠲᠦᠮᠵᠢ ᠤᠯᠬᠤ ᠶᠢ ᠪᠠᠲᠤᠯᠠᠬᠤ ᠬᠡᠷᠡᠭᠲᠡᠢ᠃ ︽ᠨᠠᠮ ᠵᠠᠰᠠᠭ  ᠠᠳᠠᠯᠢᠬᠠᠨ ᠬᠠᠷᠢᠭᠤᠴᠠᠯᠭ᠎ᠠ ᠡᠭᠦᠷᠭᠡᠯᠡᠬᠦ᠂ ᠨᠢᠭᠡ ᠠᠵᠢᠯ ᠤᠨ ᠪᠠᠶᠢᠷᠢ ᠳᠤ ᠬᠤᠣᠰ ᠬᠠᠷᠢᠭᠤᠴᠠᠯᠭ᠎ᠠ ᠡᠭᠦᠷᠭᠡᠯᠡᠬᠦ︾ ᠶᠢ ᠡᠷᠡᠰ ᠨᠠᠶᠢᠳᠠᠪᠤᠷᠢᠵᠢᠭᠤᠯᠵᠤ᠂  ᠬᠠᠷᠢᠭᠤᠴᠠᠯᠭ᠎ᠠ ᠪᠠᠨ ᠪᠠᠷᠢᠮᠲᠠᠯᠠᠬᠤ᠂  ᠰᠠᠬᠢᠬᠤ᠂ ᠭᠦᠢᠴᠡᠳᠬᠡᠬᠦ ᠶᠢ ᠦᠨᠡᠨᠬᠦ ᠪᠡᠶᠡᠯᠡᠭᠦᠯᠵᠦ᠂  ᠡᠷᠴᠢᠮᠳᠡᠢ᠂  ᠵᠣᠷᠢᠭ ᠰᠢᠭᠤᠳᠤᠨ᠂  ᠥᠨᠳᠥᠷ ᠪᠠᠷᠢᠮᠵᠢᠶ᠎ᠠ ᠪᠠᠷ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢ  ᠱᠠᠭᠠᠷᠳᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠶᠢ ᠰᠠᠶᠢᠲᠤᠷ ᠠᠳᠬᠤᠵᠤ᠂ ᠡᠬᠡ ᠤᠯᠤᠰ ᠤᠨ ᠤᠮᠠᠷᠠᠲᠤ ᠬᠢᠯᠢ ᠶᠢᠨ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠦᠨᠡᠨᠬᠦ ᠪᠠᠬᠢᠵᠢᠭᠦᠯᠬᠦ ᠬᠡᠷᠡᠭᠲᠡᠢ  ᠭᠡᠵᠡᠢ᠃    ᠭᠤᠤ ᠶᠦᠩ ᠡᠤ᠂ ᠸᠠᠩ ᠵᠢᠶᠦ᠋ᠨ ᠵᠢᠶᠦ᠋ᠨ᠂ ᠴᠠᠭᠠᠨᠪᠠᠭᠠᠲᠤᠷ᠂ ᠳ᠋ᠠᠢ ᠢᠦᠢ ᠬᠤᠸᠠ᠂ ᠯᠢ ᠬᠤᠢ᠂ ᠸᠠᠩ ᠶᠦᠩ ᠯᠢ᠂ ᠳᠤᠪᠳᠤᠨᠰᠡᠩᠭᠡ ᠬᠤᠷᠠᠯ ᠳᠤ ᠣᠷᠣᠯᠴᠠᠪᠠ᠃
 
ᠢᠷᠡᠯᠲᠡ᠄ ᠣᠩᠨᠢᠭᠤᠳ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号