ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠤᠳᠤᠷᠢᠳᠬᠤ ᠪᠠᠭ 2024 ᠣᠨ ᠤ ᠠᠷᠠᠳᠴᠢᠯᠠᠭᠰᠠᠨ ᠠᠮᠢᠳᠤᠷᠠᠯ ᠤᠨ ᠬᠤᠷᠠᠯ  ᠬᠤᠷᠠᠯᠳᠤᠵᠤ  ᠮᠦᠩᠬᠡ ᠬᠤᠷᠠᠯ ᠡᠷᠬᠢᠯᠡᠨ ᠴᠢᠬᠤᠯᠠ ᠶᠠᠷᠢᠶ᠎ᠠ ᠲᠠᠯᠪᠢᠪᠠ
ᠨᠡᠶᠢᠲᠡᠯᠡᠭᠰᠡᠨ ᠴᠠᠭ᠄
2025/2/7
    1 ᠰᠠᠷ᠎ᠠ ᠶᠢᠨ 24 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠤᠳᠤᠷᠢᠳᠬᠤ ᠪᠠᠭ 2024 ᠣᠨ ᠤ ᠠᠷᠠᠳᠴᠢᠯᠠᠭᠰᠠᠨ ᠠᠮᠢᠳᠤᠷᠠᠯ ᠤᠨ ᠬᠤᠷᠠᠯ  ᠬᠤᠷᠠᠯᠳᠤᠪᠠ᠃ ᠬᠤᠷᠠᠯ ᠠᠴᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠪᠣᠳᠠᠲᠠᠢ ᠲᠠᠢ ᠨᠢᠭᠲᠠ ᠤᠶᠠᠯᠳᠤᠭᠤᠯᠤᠨ᠂ ᠵᠥᠷᠢᠶ᠎ᠡ ᠪᠠ ᠬᠦᠷᠦᠯᠴᠡᠬᠦ ᠦᠭᠡᠢ ᠲᠠᠯ᠎ᠠ ᠪᠠᠨ ᠡᠷᠢᠵᠤ᠂ ᠰᠢᠭᠦᠮᠵᠢᠯᠡᠯ ᠪᠠ ᠥᠪᠡᠷ ᠤᠨ ᠰᠢᠭᠦᠮᠵᠢᠯᠡᠯ ᠢ ᠲᠥᠪ ᠴᠢᠩᠭ᠎ᠠ ᠨᠠᠷᠢᠨ ᠬᠢᠨᠠᠮᠠᠭᠠᠢ ᠥᠷᠨᠢᠭᠦᠯᠪᠡ᠃ ᠬᠤᠰᠢᠭᠤᠨ ᠤ ᠨᠠᠮ ᠤᠨ ᠬᠤᠷᠢᠶᠠᠨ ᠤ ᠱᠦᠵᠢ ᠮᠥᠩᠬᠡ ᠬᠤᠷᠠᠯ ᠢ ᠡᠷᠬᠢᠯᠡᠨ ᠴᠢᠬᠤᠯᠠ ᠶᠠᠷᠢᠶ᠎ᠠ  ᠲᠡᠯᠪᠢᠪᠠ᠃     ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠨᠢ ᠲᠣᠰ ᠤᠳᠠᠭᠠᠨ ᠤ ᠠᠷᠠᠳᠴᠢᠯᠠᠯ ᠤᠨ ᠠᠮᠢᠳᠤᠷᠠᠯ ᠤᠨ ᠬᠤᠷᠠᠯ ᠢ ᠳᠡᠭᠡᠳᠦ ᠬᠡᠮᠵᠢᠶ᠎ᠡ ᠪᠠᠷ  ᠴᠢᠬᠤᠯᠠᠴᠢᠯᠠᠨ᠂  ᠪᠠᠭ ᠤᠨ ᠪᠦᠷᠢᠯᠳᠦᠬᠦᠨ   ᠤ ᠰᠤᠷᠤᠯᠴᠠᠨ ᠰᠤᠳᠤᠯᠤᠨ ᠶᠠᠷᠢᠯᠴᠠᠬᠤ ᠠᠵᠢᠯ ᠢ ᠨᠠᠷᠢᠨ ᠬᠢᠨᠠᠮᠠᠭᠠᠢ ᠥᠷᠨᠢᠭᠦᠯᠵᠦ᠂ ᠥᠷᠭᠡᠨ ᠢᠶᠠᠷ ᠰᠠᠨᠠᠯ ᠰᠠᠨᠠᠭᠤᠯᠭ᠎ᠠ  ᠬᠤᠷᠢᠶᠠᠨ᠂ ᠰᠡᠳᠬᠢᠯ  ᠢᠶᠠᠨ ᠶᠠᠷᠢᠯᠴᠠᠵᠤ᠂ ᠬᠠᠷᠢᠴᠠᠭᠤᠯᠤᠨ ᠪᠠᠶᠢᠴᠠᠭᠠᠬᠤ ᠮᠠᠲ᠋ᠧᠷᠢᠶᠠᠯ ᠢ ᠨᠠᠷᠢᠨ ᠨᠢᠮᠪᠠᠢ  ᠲᠤᠭᠤᠷᠪᠢᠨ᠂ ᠠᠷᠠᠳᠴᠢᠯᠠᠯ ᠤᠨ ᠠᠮᠢᠳᠤᠷᠠᠯ ᠤᠨ ᠬᠤᠷᠠᠯ ᠢ ᠰᠠᠶᠢᠲᠤᠷ ᠬᠤᠷᠠᠯᠳᠤᠭᠤᠯᠬᠤ ᠳᠤ ᠭᠦᠢᠴᠡᠳ ᠪᠡᠯᠡᠳᠬᠡᠯ  ᠬᠢᠪᠡ᠃     ᠬᠤᠷᠠᠯ ᠠᠴᠠ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠤᠳᠤᠷᠢᠳᠬᠤ ᠪᠠᠭ ᠤᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ  ᠳᠤᠭᠤᠰᠢᠯᠠᠭᠤᠯᠬᠤ ᠭᠤᠤᠯ ᠰᠡᠳᠦᠪᠲᠦ ᠬᠥᠮᠦᠵᠢᠯ ᠤᠨ ᠲᠤᠰᠬᠠᠶ ᠰᠡᠳᠦᠪᠲᠦ ᠠᠷᠠᠳᠴᠢᠯᠠᠯ ᠤᠨ ᠠᠮᠢᠳᠤᠷᠠᠯ ᠤᠨ ᠬᠤᠷᠠᠯ ᠢ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠤᠭᠰᠠᠨ ᠪᠠᠶᠢᠳᠠᠯ ᠪᠣᠯᠤᠨ ᠲᠣᠰ ᠤᠳᠠᠭᠠᠨ ᠤ ᠠᠷᠠᠳᠴᠢᠯᠠᠯ ᠤᠨ ᠠᠮᠢᠳᠤᠷᠠᠯ ᠤᠨ ᠬᠤᠷᠠᠯ ᠤᠨ ᠰᠠᠨᠠᠯ ᠬᠤᠷᠢᠶᠠᠭᠰᠠᠨ ᠪᠠᠶᠢᠳᠠᠯ ᠢ ᠵᠠᠷᠯᠠᠨ ᠮᠡᠳᠡᠭᠳᠡᠪᠡ᠃ ᠮᠥᠩᠬᠡ ᠠᠴᠠ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠤᠳᠤᠷᠢᠳᠬᠤ ᠪᠠᠭ ᠢ ᠲᠥᠯᠥᠭᠡᠯᠡᠨ ᠬᠠᠷᠢᠴᠠᠭᠤᠯᠤᠨ ᠪᠠᠶᠢᠴᠠᠭᠠᠬᠤ ᠶᠢᠨ ᠬᠠᠮᠲᠤ ᠬᠤᠪᠢ ᠬᠥᠮᠦᠨ ᠤ ᠬᠠᠷᠢᠴᠠᠭᠤᠯᠤᠨ ᠪᠠᠶᠢᠴᠠᠭᠠᠯᠲᠠ ᠬᠢᠪᠡ᠃  ᠪᠤᠰᠤᠳ ᠪᠠᠶᠢᠩᠭᠤ ᠶᠢᠨ ᠬᠤᠷᠢᠶᠠᠨ ᠤ ᠨᠥᠬᠦᠳ ᠨᠢᠭᠡᠳ ᠨᠢᠭᠡ ᠪᠠᠷ ᠬᠠᠷᠢᠴᠠᠭᠤᠯᠤᠨ ᠪᠠᠶᠢᠴᠠᠭᠠᠯᠲᠠ  ᠬᠢᠬᠦ  ᠶᠢᠨ ᠬᠠᠮᠲᠤ ᠬᠠᠷᠢᠯᠴᠠᠨ ᠰᠠᠨᠠᠯ ᠰᠢᠭᠦᠮᠵᠢᠯᠠᠯ  ᠳᠤᠷᠠᠳᠪᠠ᠃    ᠮᠦᠩᠭᠡ ᠳ᠋ᠦᠩᠨᠡᠯᠲᠡ ᠶᠢᠨ ᠶᠠᠷᠢᠶᠠᠨ ᠳᠠᠭᠠᠨ᠂  ᠲᠤᠰ ᠤᠳᠠᠭᠠᠨ ᠤ ᠠᠷᠠᠳᠴᠢᠯᠠᠯ ᠤᠨ ᠠᠮᠢᠳᠤᠷᠠᠯ ᠤᠨ ᠬᠤᠷᠠᠯ ᠪᠣᠯ ᠨᠢᠭᠡ ᠤᠳᠠᠭᠠᠨ ᠤ ᠲᠥᠪ ᠴᠢᠩᠭ᠎ᠠ ᠨᠠᠷᠢᠨ ᠬᠢᠨᠠᠮᠠᠭᠠᠶ᠂ ᠦᠨᠡᠨ ᠢ ᠪᠠᠷᠢᠮᠲᠠᠯᠠᠨ ᠪᠣᠳᠠᠲᠠᠶ ᠶᠢ  ᠡᠷᠬᠢᠮᠯᠡᠭᠰᠡᠨ ᠨᠠᠮ ᠤᠨ ᠳᠣᠲᠣᠭᠠᠳᠤ ᠶᠢᠨ ᠤᠯᠤᠰ ᠲᠥᠷᠥ ᠶᠢᠨ ᠠᠮᠢᠳᠤᠷᠠᠯ ᠤᠨ ᠦᠢᠯᠡᠳᠦᠯᠭᠡ  ᠪᠤᠯᠬᠤ ᠶᠤᠮ᠃   ᠲᠡᠷᠡ ᠨᠢ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠤᠳᠤᠷᠢᠳᠬᠤ ᠪᠠᠭ ᠤᠨ ᠲᠣᠰ ᠪᠡᠶ᠎ᠡ ᠶᠢᠨ ᠪᠠᠶᠢᠭᠤᠯᠤᠯᠲᠠ ᠶᠢ ᠴᠢᠩᠭᠠᠳᠬᠠᠬᠤ᠂ ᠨᠢᠭᠲᠠᠷᠠᠯ ᠤᠨ ᠬᠦᠴᠦᠨ᠂ ᠳᠠᠶᠢᠴᠢᠨ ᠬᠦᠴᠦᠨ᠂ ᠲᠥᠪᠯᠡᠩᠭᠦᠶ ᠬᠦᠴᠦᠨ ᠢ ᠤᠯᠠᠮ ᠨᠢᠭᠡ ᠠᠯᠬᠤᠮ ᠴᠢᠩᠭᠠᠳᠬᠠᠬᠤ ᠳᠤ ᠲᠦᠢᠯ ᠤᠨ ᠴᠢᠬᠤᠯᠠ ᠠᠴᠢ ᠬᠤᠯᠪᠣᠭᠳᠠᠯ ᠲᠠᠢ ᠶᠤᠮ᠃ ᠪᠥᠬᠦ ᠬᠤᠰᠢᠭᠤᠨ ᠤ ᠳᠡᠭᠡᠳᠦ ᠳᠣᠤᠷᠠᠳᠤ ᠱᠠᠲᠤᠨ ᠤ ᠬᠢᠨ ᠦᠵᠡᠯ ᠰᠠᠨᠠᠭ᠎ᠠ ᠲᠠᠨᠢᠯᠲᠠ ᠪᠠᠨ ᠳᠡᠭᠡᠭᠰᠢᠯᠡᠭᠦᠯᠵᠦ᠂ ᠤᠯᠤᠰ ᠲᠥᠷᠥ ᠶᠢᠨ ᠡᠭᠦᠷᠭᠡᠯᠡᠯ ᠢᠶᠠᠨ ᠴᠢᠩᠭᠠᠳᠬᠠᠨ᠂ ᠳᠡᠭᠡᠳᠦ ᠬᠡᠮᠵᠢᠶᠡᠨ ᠤ ᠤᠯᠤᠰ ᠲᠥᠷᠥ ᠶᠢᠨ ᠤᠬᠠᠮᠰᠠᠷ᠂ ᠦᠵᠡᠯ ᠰᠠᠨᠠᠭᠠᠨ ᠤ ᠤᠬᠠᠮᠰᠠᠷ ᠪᠠ ᠦᠢᠯᠡ ᠠᠵᠢᠯᠯᠠᠭ᠎ᠠ ᠶᠢᠨ ᠤᠬᠠᠮᠰᠠᠷ ᠢᠶᠠᠷ ᠨᠠᠮ ᠤᠨ ᠲᠥᠪ ᠬᠤᠷᠢᠶ᠎ᠠ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠲᠠ ᠶᠢᠨ ᠨᠠᠮ ᠤᠨ ᠬᠤᠷᠢᠶ᠎ᠠ ᠶᠢᠨ ᠡᠯ᠎ᠡ ᠵᠦᠢᠯ ᠤᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠲᠡᠷᠡ ᠬᠡᠪ ᠢᠶᠠᠷ  ᠨᠢ  ᠳᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠪᠥᠬᠦ ᠬᠤᠰᠢᠭᠤᠨ ᠤ ᠡᠯ᠎ᠡ ᠵᠦᠢᠯ ᠤᠨ ᠠᠵᠢᠯ ᠤᠨ  ᠵᠥᠪ ᠣᠨᠣᠪᠴᠢᠲᠠᠶ ᠤᠯᠤᠰ ᠲᠥᠷᠥ ᠶᠢᠨ ᠴᠢᠭᠯᠡᠯ ᠢᠶᠠᠷ ᠤᠷᠤᠭᠰᠢᠯᠠᠬᠤ ᠶᠢ ᠪᠠᠲᠤᠯᠠᠬᠤ ᠬᠡᠷᠡᠭᠲᠡᠶ᠃ ᠨᠢᠭᠡ ᠭᠤᠣᠯ ᠰᠢᠵᠢᠮ ᠳᠤ ᠠᠩᠬᠠᠷᠤᠯ ᠢᠶᠠᠨ ᠲᠥᠪᠯᠡᠷᠡᠭᠦᠯᠵᠦ᠂ ᠬᠤᠶᠠᠷ ᠶᠡᠭᠡ ᠶᠠᠪᠤᠳᠠᠯ ᠢ ᠦᠷᠭᠦᠯᠵᠢᠯᠡᠨ ᠰᠠᠶᠢᠲᠤᠷ ᠬᠢᠵᠦ᠂ ︽ᠵᠢᠷᠭᠤᠭᠠᠨ ᠢᠨᠵᠧᠨᠧᠷᠢᠩ︾ ᠢ ᠦᠷᠭᠦᠯᠵᠢᠯᠡᠨ ᠬᠡᠷᠡᠭᠵᠢᠭᠦᠯᠵᠦ᠂ ︽ᠠᠷᠪᠠᠨ ᠶᠡᠭᠡ ᠠᠵᠢᠯᠯᠠᠭ᠎ᠠ︾ ᠶᠢ ᠭᠦᠨᠵᠡᠭᠡᠢ ᠥᠷᠨᠢᠭᠦᠯᠵᠦ᠂ ︽ᠨᠢᠭᠡᠳᠦᠭᠡᠷ ᠠᠵᠤ ᠦᠢᠯᠡᠰ ᠢ ᠰᠢᠯᠢᠳᠡᠭᠵᠢᠭᠦᠯᠦᠨ ᠨᠠᠷᠢᠯᠢᠬᠵᠢᠭᠤᠯᠵᠤ᠂ ᠬᠤᠶᠠᠳᠤᠭᠠᠷ ᠠᠵᠤ ᠦᠢᠯᠡᠰ ᠢ ᠪᠤᠵᠠᠭᠠᠶᠢᠷᠠᠭᠤᠯᠤᠨ ᠬᠦᠴᠦᠷᠬᠡᠭᠵᠢᠭᠦᠯᠵᠦ᠂ ᠭᠤᠷᠪᠠᠳᠤᠭᠠᠷ ᠠᠵᠤ ᠦᠢᠯᠡᠰ ᠢ  ᠠᠮᠢᠳᠤᠯᠢᠭᠵᠢᠭᠤᠯᠤᠨ ᠬᠦᠭᠵᠢᠭᠦᠯᠬᠦ︾ ᠶᠢ ᠪᠠᠷᠢᠮᠲᠠᠯᠠᠵᠤ᠂ ᠬᠤᠷᠴᠢᠨ ᠤ ᠡᠯᠡᠰᠦᠷᠬᠡᠭ ᠭᠠᠵᠠᠷ ᠤᠨ ᠰᠥᠨᠥᠭᠡᠬᠦ ᠳᠠᠶᠢᠯᠠᠯᠳᠤᠭᠠᠨ ᠢ ᠡᠷᠡᠰ ᠰᠠᠶᠢᠲᠤᠷ ᠬᠢᠵᠦ᠂ ᠠᠮᠢ ᠠᠬᠤᠢ ᠶᠢ ᠲᠡᠷᠢᠭᠦᠨ ᠳᠤ ᠲᠠᠯᠪᠢᠬᠤ᠂ ᠪᠣᠬᠢᠷᠲᠤᠯ ᠦᠭᠡᠢ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢᠶᠠᠷ ᠡᠷᠡᠰ ᠭᠤᠶᠢᠪᠢᠰᠢ ᠦᠭᠡᠢ ᠰᠠᠶᠢᠲᠤᠷ ᠵᠠᠮᠨᠠᠬᠤ ᠬᠡᠷᠡᠭᠲᠡᠢ  ᠭᠡᠵᠡᠢ᠃    ᠮᠦᠩᠬᠡ  ᠪᠠᠰᠠ ᠶᠠᠷᠢᠶᠠᠨ ᠳᠠᠭᠠᠨ ᠨᠠᠮ ᠤᠨ ᠪᠦᠬᠦ ᠲᠠᠯ᠎ᠠ ᠶᠢ ᠶᠡᠷᠦᠩᠬᠡᠶᠢᠯᠡᠨ ᠡᠵᠡᠮᠳᠡᠬᠦ᠂ ᠡᠯ᠎ᠡ ᠲᠠᠯ᠎ᠠ ᠶᠢ  ᠵᠤᠬᠢᠴᠠᠭᠤᠯᠤᠨ ᠤᠳᠤᠷᠢᠳᠬᠤ ᠭᠤᠣᠯᠯᠠᠭᠴᠢ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠴᠢᠭᠯᠡᠯ ᠢ ᠡᠵᠡᠮᠳᠡᠬᠦ᠂ ᠶᠡᠭᠡ ᠲᠠᠯ᠎ᠠ ᠶᠢ ᠬᠠᠮᠢᠶᠠᠷᠬᠤ᠂ ᠰᠢᠢᠳᠪᠦᠷᠢᠲᠦ ᠪᠤᠳᠤᠯᠭ᠎ᠠ ᠲᠣᠭᠲᠠᠭᠠᠬᠤ᠂ ᠨᠠᠶᠢᠳᠠᠪᠤᠷᠢᠵᠢᠭᠤᠯᠤᠯᠲᠠ ᠶᠢ ᠪᠠᠲᠤᠯᠠᠬᠤ ᠶᠢ ᠴᠢᠬᠤᠯᠠᠴᠢᠯᠠᠵᠤ᠂ ᠡᠭᠦᠷᠭᠡ ᠬᠠᠷᠢᠭᠤᠴᠠᠯᠭ᠎ᠠ ᠪᠠᠨ  ᠰᠠᠶᠢᠲᠤᠷ  ᠭᠦᠢᠴᠡᠳᠬᠡᠨ᠂ ᠰᠢᠨᠵᠢᠯᠡᠬᠦ ᠤᠬᠠᠭᠠᠨᠴᠢ ᠪᠠᠷ ᠲᠦᠷᠦ ᠪᠠᠷᠢᠬᠤ᠂ ᠠᠷᠠᠳᠴᠢᠯᠠᠯ ᠢᠶᠠᠷ ᠲᠦᠷᠦ ᠪᠠᠷᠢᠬᠤ᠂ ᠬᠠᠤᠯᠢ ᠶᠣᠰᠣᠭᠠᠷ ᠲᠦᠷᠦ ᠪᠠᠷᠢᠬᠤ  ᠬᠢᠷᠢ ᠲᠦᠪᠰᠢᠨ ᠢᠶᠠᠨ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ᠃ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠭᠤᠣᠯ ᠴᠣᠭᠴᠠ ᠶᠢᠨ ᠬᠠᠷᠢᠭᠤᠴᠠᠯᠭ᠎ᠠ ᠪᠣᠯᠤᠨ ᠬᠢᠨᠠᠯᠲᠠ ᠲᠠᠯᠪᠢᠬᠤ ᠬᠠᠷᠢᠭᠤᠴᠠᠯᠭ᠎ᠠ ᠶᠢ ᠪᠠᠲᠤ ᠴᠢᠩᠭ᠎ᠠ ᠨᠠᠶᠢᠳᠠᠪᠤᠷᠢᠵᠢᠭᠤᠯᠵᠤ᠂ ᠨᠢᠭᠡᠳᠦᠭᠡᠷ ᠬᠠᠷᠢᠭᠤᠴᠠᠯᠭᠠᠲᠠᠨ ᠤ ᠬᠠᠷᠢᠭᠤᠴᠠᠯᠭ᠎ᠠ ᠪᠣᠯᠤᠨ ︽ᠨᠢᠭᠡ ᠠᠵᠢᠯ ᠤᠨ ᠪᠠᠶᠢᠷᠢ   ᠶᠢᠨ  ᠬᠤᠤᠰ ᠬᠠᠷᠢᠭᠤᠴᠠᠯᠭ᠎ᠠ︾ ᠶᠢ ᠴᠢᠩᠭ᠎ᠠ ᠨᠠᠶᠢᠳᠠᠪᠤᠷᠢᠵᠢᠭᠤᠯᠵᠤ᠂ ᠤᠯᠠᠭᠠᠨ ᠱᠤᠭᠤᠮ ᠤᠨ ᠤᠬᠠᠮᠰᠠᠷ ᠪᠣᠯᠤᠨ ᠬᠤᠷᠢᠭ᠎ᠠ ᠱᠤᠭᠤᠮ ᠤᠨ ᠰᠡᠳᠬᠢᠬᠦᠢ ᠪᠠᠨ  ᠴᠢᠩᠭᠠᠳᠬᠠᠨ᠂ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠪᠣᠯᠤᠨ ᠢᠯᠵᠢᠷᠡᠯ ᠢ ᠡᠰᠡᠷᠭᠦᠴᠡᠬᠦ ᠲᠡᠮᠡᠴᠡᠯ ᠢ ᠡᠷᠡᠰ ᠭᠤᠶᠢᠪᠢᠰᠢ ᠦᠭᠡᠢ ᠠᠬᠢᠭᠤᠯᠵᠤ᠂ ᠰᠤᠷᠲᠠᠯ ᠴᠢᠬᠡᠴᠢ ᠣᠪᠣᠷ ᠲᠥᠪ ᠤᠯᠤᠰ ᠲᠦᠷᠦ ᠶᠢᠨ ᠠᠮᠢ ᠠᠬᠤᠢ ᠶᠢ ᠪᠤᠢ ᠪᠣᠯᠭᠠᠬᠤ ᠬᠡᠷᠡᠭᠲᠡᠢ ᠭᠡᠵᠡᠢ᠃    ᠬᠤᠲᠠ ᠶᠢᠨ ᠨᠠᠮ ᠤᠨ ᠬᠤᠷᠢᠶᠠᠨ ᠤ ᠭᠤᠷᠪᠠᠳᠤᠭᠠᠷ ᠬᠢᠨᠠᠨ ᠵᠢᠯᠣᠭᠤᠳᠬᠤ ᠳᠤᠭᠤᠶᠢᠯᠠᠩ ᠤᠨ ᠬᠡᠰᠢᠭᠦᠳ ᠬᠤᠷᠠᠯ ᠳᠤ ᠣᠷᠣᠯᠴᠠᠨ ᠵᠢᠭᠠᠨ  ᠵᠢᠯᠤᠭᠤᠳᠪᠠ  ᠃ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠯᠢ ᠢᠦᠶ ᠲᠢᠩ᠂ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠬᠥᠭᠵᠢᠯᠲᠦ ᠬᠤᠷᠠᠯ ᠳᠤ ᠰᠤᠯᠠ ᠣᠷᠣᠯᠴᠠᠪᠠ᠃
 
ᠢᠷᠡᠯᠲᠡ᠄ ᠣᠩᠨᠢᠭᠤᠳ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号