ᠮᠠ ᠶᠦᠩ ᠭᠠᠩ ᠪᠠᠶᠠᠷ ᠤᠨ ᠡᠳᠦᠷ ᠤᠨ ᠬᠤᠭᠤᠴᠠᠭᠠᠨ ᠳᠤ  ᠡᠮᠥᠨ᠎ᠡ ᠹᠷᠣᠨᠲ ᠢ ᠰᠠᠬᠢᠵᠤ ᠪᠠᠶᠢᠭ᠎ᠠ ᠺᠠᠳ᠋ᠷ ᠠᠵᠢᠯᠲᠠᠨ ᠢ ᠪᠣᠯᠭᠤᠭᠠᠨ ᠲᠣᠬᠤᠨᠢᠭᠤᠯᠪᠠ
ᠨᠡᠶᠢᠲᠡᠯᠡᠭᠰᠡᠨ ᠴᠠᠭ᠄
2025/2/7
      1 ᠰᠠᠷ᠎ᠠ ᠶᠢᠨ 24 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠮᠠ ᠶᠦᠩ ᠭᠠᠩ ᠳᠣᠲᠣᠭᠠᠳᠤ ᠶᠢ ᠬᠠᠮᠠᠭᠠᠯᠠᠬᠤ᠂ ᠬᠤᠲᠠ ᠶᠢᠨ ᠬᠠᠮᠢᠶᠠᠷᠤᠯᠲᠠ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ᠂  ᠡᠮᠡᠭᠳᠡᠶᠢᠴᠤᠳ ᠨᠢᠯᠬᠠᠰ ᠤᠨ ᠡᠷᠡᠭᠦᠯᠵᠢᠯ ᠵᠡᠷᠭᠡ ᠰᠠᠯᠠᠭ᠎ᠠ ᠮᠥᠴᠢᠷ ᠲᠤ ᠬᠦᠷᠴᠦ᠂ ᠪᠠᠶᠠᠷ ᠤᠨ ᠡᠳᠦᠷ ᠤᠨ ᠬᠤᠭᠤᠴᠠᠭᠠᠨ ᠳᠤ  ᠡᠮᠥᠨ᠎ᠡ ᠹᠷᠣᠨᠲ ᠢ ᠪᠠᠲᠤ ᠰᠠᠬᠢᠵᠤ ᠪᠠᠶᠢᠭ᠎ᠠ ᠳᠣᠲᠣᠭᠠᠳᠤ ᠶᠢ ᠬᠠᠮᠠᠭᠠᠯᠠᠬᠤ ᠠᠷᠠᠳ ᠤᠨ ᠴᠠᠭᠳᠠᠭ᠎ᠠ᠂ ᠣᠷᠴᠢᠨ ᠲᠣᠭᠤᠷᠢᠨ ᠤ ᠠᠷᠢᠭᠤᠨ ᠴᠡᠪᠡᠷ ᠤᠨ ᠠᠵᠢᠯᠴᠢᠨ᠂ ᠭᠠᠯ ᠤᠨᠲᠠᠷᠠᠭᠠᠬᠤ ᠵᠢᠯᠣᠭᠤᠳᠣᠭᠴᠢ  ᠪᠠᠶᠢᠯᠳᠤᠭᠴᠢᠳ ᠪᠣᠯᠤᠨ ᠥᠷᠭᠡᠨ ᠣᠯᠠᠨ ᠡᠮᠴᠢ ᠰᠤᠪᠢᠯᠠᠭᠴᠢᠳ ᠲᠤ ᠴᠠᠭᠠᠨ ᠰᠠᠷ᠎ᠠ ᠶᠢᠨ ᠮᠡᠨᠳᠦᠴᠢᠯᠡᠯ ᠢ  ᠤᠷᠢᠳᠴᠢᠯᠠᠨ ᠳᠡᠪᠰᠢᠭᠦᠯᠪᠡ᠃     ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠳᠤ᠂ ᠮᠠ ᠶᠦᠩ ᠭᠠᠩ ᠥᠷᠭᠡᠨ ᠤᠯᠠᠨ ᠳᠣᠲᠣᠭᠠᠳᠤ ᠶᠢ ᠬᠠᠮᠠᠭᠠᠯᠠᠬᠤ ᠺᠠᠳ᠋ᠷ ᠴᠠᠭᠳᠠᠭ᠎ᠠ ᠶᠢᠨ ᠤᠷᠳᠤ ᠬᠤᠭᠤᠴᠠᠭᠠᠨ ᠤ ᠲᠤᠷᠰᠢ ᠠᠮᠤᠷ ᠠᠮᠤᠭᠤᠯᠠᠩ ᠣᠩᠨᠢᠭᠤᠳ ᠬᠤᠰᠢᠭᠤ ᠶᠢ ᠪᠦᠳᠦᠭᠡᠨ ᠪᠠᠶᠢᠭᠤᠯᠬᠤ ᠳᠤ  ᠦᠵᠡᠭᠦᠯᠥᠭᠰᠡᠨ ᠰᠢᠷᠭᠠᠭᠤ ᠴᠢᠷᠮᠠᠶᠢᠯᠭ᠎ᠠ ᠶᠢ ᠭᠦᠢᠴᠡᠳ ᠦᠨᠡᠯᠡᠬᠦ  ᠶᠢᠨ ᠬᠠᠮᠲᠤ  ᠰᠢᠨ᠎ᠡ ᠨᠢᠭᠡ ᠵᠢᠯ ᠳᠤ ᠣᠮᠤᠭ ᠲᠡᠭᠦᠯᠳᠡᠷ ᠲᠡᠮᠡᠴᠡᠯ ᠤᠨ ᠵᠣᠷᠢᠭ ᠪᠣᠯᠤᠨ ᠪᠣᠳᠠᠲᠠᠢ ᠶᠢ ᠡᠷᠬᠢᠮᠯᠡᠬᠦ ᠰᠤᠷᠲᠠᠯ ᠢᠶᠠᠨ ᠦᠷᠭᠦᠯᠵᠢᠯᠡᠨ  ᠪᠠᠳᠠᠷᠠᠭᠤᠯᠵᠤ᠂ ᠨᠡᠶᠢᠭᠡᠮ ᠤᠨ ᠡᠶ᠎ᠡ ᠵᠣᠬᠢᠴᠠᠩᠭᠤᠢ ᠲᠣᠭᠲᠠᠭᠤᠨ ᠢ  ᠬᠠᠮᠠᠭᠠᠯᠠᠨ᠂  ᠨᠠᠮ ᠪᠣᠯᠤᠨ ᠠᠷᠠᠳ ᠲᠦᠮᠡᠨ ᠤ ᠦᠨᠡᠨᠴᠢ ᠰᠢᠳᠤᠷᠭᠤ ᠬᠠᠮᠠᠭᠠᠯᠠᠭᠴᠢ ᠪᠣᠯᠬᠤ ᠬᠡᠷᠡᠭᠲᠡᠢ ᠭᠡᠵᠦ  ᠵᠤᠷᠢᠭᠵᠢᠭᠤᠯᠤᠨ ᠱᠠᠭᠠᠷᠳᠠᠪᠠ᠃    ᠬᠤᠰᠢᠭᠤᠨ ᠤ ᠬᠤᠲᠠ ᠶᠢᠨ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠬᠦ ᠲᠣᠪᠴᠢᠶᠠᠨ ᠳᠤ᠂ ᠮᠠ ᠶᠦᠩ ᠭᠠᠩ  ᠶᠠᠷᠢᠶᠠᠨ ᠳᠠᠭᠠᠨ ᠥᠩᠭᠡᠷᠡᠭᠰᠡᠨ ᠨᠢᠭᠡ ᠵᠢᠯ    ᠤᠨ ᠠᠮᠵᠢᠯᠳᠠ ᠵᠢᠳᠬᠦᠯ ᠢ ᠳᠡᠭᠡᠳᠥ ᠬᠡᠮᠵᠢᠶ᠎ᠡ ᠪᠠᠷ ᠦᠨᠡᠯᠡᠬᠦ ᠶᠢᠨ ᠬᠠᠮᠲᠤ ᠬᠤᠲᠠ ᠶᠢᠨ ᠬᠠᠮᠢᠶᠠᠷᠤᠯᠲᠠ ᠶᠢᠨ ᠲᠣᠪᠴᠢᠶ᠎ᠠ ᠶᠢᠨ ᠪᠥᠬᠦ ᠺᠠᠳ᠋ᠷ ᠠᠵᠢᠯᠲᠠᠨ ᠠᠵᠢᠯᠴᠢᠨ  ᠬᠦᠴᠢᠷ ᠪᠡᠷᠬᠡᠰᠢᠶᠡᠯ  ᠂ ᠶᠠᠳᠠᠷᠠᠯ ᠵᠦᠳᠡᠷᠡᠯ ᠠᠴᠠ   ᠬᠠᠯᠠᠰᠢᠷᠠᠬᠤ ᠦᠭᠡᠢ ᠵᠣᠷᠢᠭ ᠰᠠᠨᠠᠭ᠎ᠠ ᠪᠠᠨ ᠦᠷᠭᠦᠯᠵᠢᠯᠡᠨ ᠪᠠᠳᠠᠷᠠᠭᠤᠯᠵᠤ᠂ ᠬᠤᠲᠠ ᠶᠢᠨ ᠬᠠᠮᠢᠶᠠᠷᠤᠯᠲᠠ ᠶᠢᠨ ᠬᠢᠷᠢ ᠲᠦᠪᠰᠢᠨ ᠢᠶᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠬᠤᠲᠠ ᠶᠢᠨ ᠦᠵᠡᠮᠵᠢ ᠶᠢᠨ ᠣᠷᠴᠢᠨ ᠲᠣᠭᠤᠷᠢᠨ ᠢ ᠴᠢᠨᠠᠷ ᠰᠠᠶᠢᠲᠠᠶ ᠰᠠᠶᠢᠵᠢᠷᠠᠭᠤᠯᠵᠤ᠂ ᠰᠠᠭᠤᠷᠢᠰᠢᠵᠤ ᠠᠵᠢᠯᠯᠠᠬᠤ  ᠳᠤ ᠲᠣᠬᠢᠷᠠᠮᠵᠢᠲᠠᠶ  ᠬᠤᠲᠠ ᠪᠣᠯᠭᠠᠬᠤ   ᠪᠠᠷ ᠴᠢᠷᠮᠠᠶᠢᠬᠤ ᠬᠡᠷᠡᠭᠳᠢ ᠭᠡᠵᠡᠢ᠃    ᠬᠤᠰᠢᠭᠤᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠳᠤ᠂ ᠮᠠ ᠶᠦᠩ ᠭᠠᠩ ᠭᠠᠯ ᠤᠨᠲᠠᠷᠠᠭᠠᠬᠤ ᠠᠪᠤᠷᠠᠨ ᠲᠤᠰᠠᠯᠠᠬᠤ ᠠᠩᠭᠢ ᠶᠢᠨ ᠬᠢᠨ‌ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠥᠩᠭᠡᠷᠡᠭᠰᠡᠨ ᠲᠠᠢ ᠪᠠᠨ ᠠᠳᠠᠯᠢ ᠪᠠᠷ ᠣᠷᠣᠨ ᠨᠤᠲᠤᠭ ᠤᠨ ᠠᠵᠤ ᠠᠬᠤᠶ ᠶᠢᠨ ᠪᠥᠲᠥᠭᠡᠨ ᠪᠠᠶᠢᠭᠤᠯᠤᠯᠲᠠ ᠪᠠ ᠨᠡᠶᠢᠭᠡᠮ ᠤᠨ ᠦᠢᠯᠡᠰ ᠤᠨ ᠬᠥᠭᠵᠢᠯᠲᠡ ᠶᠢ ᠳᠡᠮᠵᠢᠵᠦ᠂ ᠪᠥᠬᠦ ᠬᠤᠰᠢᠭᠤᠨ ᠤ ᠠᠵᠤ ᠠᠬᠤᠶ ᠨᠡᠶᠢᠭᠡᠮ ᠤᠨ ᠬᠥᠭᠵᠢᠯᠲᠡ ᠪᠠ ᠠᠷᠠᠳ ᠣᠯᠠᠨ ᠤ ᠠᠮᠤᠷ ᠲᠠᠶᠢᠪᠤᠩ ᠠᠵᠤ ᠲᠦᠷᠦᠭᠦ ᠳᠤ ᠪᠠᠲᠤ ᠪᠠᠬᠢ ᠪᠠᠲᠤᠯᠠᠭ᠎ᠠ ᠬᠠᠩᠭᠠᠬᠤ ᠬᠡᠷᠡᠭᠲᠡᠶ ᠭᠡᠵᠦ ᠵᠣᠷᠢᠭᠵᠢᠭᠤᠯᠪᠠ᠃  ᠬᠤᠰᠢᠭᠤᠨ ᠤ ᠡᠮᠡᠭᠳᠡᠶᠢᠴᠣᠳ ᠨᠢᠯᠬᠠᠰ ᠤᠨ ᠡᠷᠡᠭᠦᠯᠵᠢᠯ ᠤᠨ ᠡᠮᠨᠡᠯᠭᠡ ᠶᠢᠨ ᠬᠤᠷᠢᠶᠠᠨ ᠳᠤ ᠮᠠ ᠶᠦᠩ ᠭᠠᠩ ᠡᠮᠴᠢ ᠰᠤᠪᠢᠯᠠᠭᠴᠢᠳ ᠢ ᠪᠣᠯᠭᠤᠭᠠᠨ ᠲᠣᠬᠤᠨᠢᠭᠤᠯᠬᠤ ᠶᠢᠨ ᠬᠠᠮᠲᠤ  ᠂ ᠪᠥᠬᠦ ᠬᠤᠰᠢᠭᠤᠨ ᠤ ᠥᠷᠭᠡᠨ ᠣᠯᠠᠨ ᠡᠮ ᠡᠮᠨᠡᠯᠭᠡ ᠶᠢᠨ ᠠᠵᠢᠯᠲᠠᠳ ᠠᠷᠠᠳ ᠣᠯᠠᠨ ᠤ ᠠᠮᠢ ᠨᠠᠰᠤᠨ ᠤ ᠠᠮᠤᠷ ᠲᠦᠪᠰᠢᠨ ᠪᠠ ᠪᠡᠶ᠎ᠡ ᠮᠠᠬᠠᠪᠣᠳ ᠤᠨ ᠡᠷᠡᠭᠦᠯ ᠴᠢᠭᠢᠷᠠᠭ ᠢ ᠪᠥᠬᠦ ᠬᠦᠴᠦᠨ ᠢᠶᠠᠷ ᠢᠶᠠᠨ ᠬᠠᠮᠠᠭᠠᠯᠠᠵᠤ᠂ ᠪᠥᠬᠦ ᠬᠤᠰᠢᠭᠤᠨ ᠤ ᠠᠷᠠᠳ ᠲᠦᠮᠡᠨ ᠤ ᠡᠷᠡᠭᠦᠯ ᠡᠩᠬᠡ ᠠᠮᠤᠷ ᠠᠮᠤᠭᠤᠯᠠᠩ ᠴᠠᠭᠠᠨ ᠰᠠᠷ᠎ᠠ ᠪᠠᠨ ᠥᠩᠭᠡᠷᠡᠭᠦᠯᠬᠦ ᠶᠢ ᠪᠠᠲᠤᠯᠠᠬᠤ ᠬᠡᠷᠡᠭᠲᠡᠶ ᠭᠡᠵᠦ ᠬᠦᠰᠡᠪᠡ᠃
 
ᠢᠷᠡᠯᠲᠡ᠄ ᠣᠩᠨᠢᠭᠤᠳ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号