ᠮᠠ ᠶᠦᠩ ᠭᠠᠩ  ᠪᠥᠬᠦ ᠬᠤᠰᠢᠭᠤᠨ ᠤ 2025 ᠣᠨ ᠤ ᠭᠤᠤᠯᠳᠠᠯᠭ᠎ᠠ ᠲᠠᠢ ᠲᠥᠷᠥᠯ  ᠵᠦᠢᠯ ᠤᠨ ᠡᠮᠦᠨᠡᠬᠢ ᠬᠤᠭᠤᠴᠠᠭᠠᠨ ᠤ ᠭᠠᠷᠳᠠᠮ  ᠭᠦᠢᠴᠡᠳᠭᠡᠬᠦ  ᠠᠵᠢᠯ ᠢ ᠠᠬᠢᠭᠤᠯᠬᠤ ᠬᠤᠷᠠᠯ ᠢ ᠡᠷᠭᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/2/7
        1 ᠰᠠᠷ᠎ᠠ ᠶᠢᠨ 23 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠮᠠ ᠶᠦᠩ ᠭᠠᠩ ᠪᠥᠬᠦ ᠬᠤᠰᠢᠭᠤᠨ ᠤ ᠭᠤᠤᠯᠳᠠᠯᠭ᠎ᠠ ᠲᠠᠢ ᠲᠥᠷᠥᠯ ᠵᠦᠢᠯ ᠤᠨ ᠡᠮᠦᠨᠡᠬᠢ ᠬᠤᠭᠤᠴᠠᠭᠠᠨ ᠤ ᠭᠠᠷᠳᠠᠮ   ᠭᠦᠢᠴᠡᠳᠭᠡᠬᠦ  ᠠᠵᠢᠯ ᠢ ᠠᠬᠢᠭᠤᠯᠬᠤ ᠬᠤᠷᠠᠯ ᠢ ᠡᠷᠭᠢᠯᠡᠨ ᠬᠤᠷᠠᠯᠳᠤᠭᠤᠯᠪᠠ᠃  ᠭᠤᠤ ᠶᠦᠩ ᠡᠤ᠂ ᠸᠠᠩ ᠵᠢᠶᠦ᠋ᠨ ᠵᠢᠶᠦ᠋ᠨ᠂ ᠴᠠᠭᠠᠨᠪᠠᠭᠠᠳᠤᠷ᠂ ᠳᠤᠪᠳᠤᠨᠰᠡᠩᠭᠡ ᠬᠤᠷᠠᠯ ᠳᠤ ᠣᠷᠣᠯᠴᠠᠪᠠ᠃       ᠬᠤᠷᠠᠯ ᠳᠡᠭᠡᠷ᠎ᠡ᠂ 2025 ᠣᠨ ᠤ ᠭᠤᠤᠯᠳᠠᠯᠭ᠎ᠠ ᠲᠠᠢ ᠲᠥᠷᠥᠯ ᠵᠦᠢᠯ ᠤᠨ ᠭᠠᠷᠳᠠᠮ  ᠭᠦᠢᠴᠡᠳᠬᠡᠭᠰᠡᠨ ᠠᠬᠢᠴᠠ ᠶᠢᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ  ᠰᠤᠨᠤᠰᠴᠤ ᠰᠠᠨᠠᠯ ᠢᠶᠠᠨ  ᠰᠤᠯᠢᠯᠴᠠᠪᠠ᠃      ᠬᠤᠷᠠᠯ ᠠᠴᠠ ᠴᠢᠬᠤᠯᠠᠴᠢᠯᠠᠭᠰᠠᠨ ᠨᠢ᠂ ᠬᠤᠰᠢᠭᠤᠨ  ᠲᠠᠰ ᠤᠨ ᠭᠤᠤᠯᠳᠠᠯᠭ᠎ᠠ ᠲᠠᠢ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠪᠣᠯ ᠮᠠᠨ ᠤ ᠬᠤᠰᠢᠭᠤᠨ ᠤ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠴᠢᠬᠤᠯᠠ ᠭᠠᠷᠳᠠᠴᠠ  ᠪᠤᠯᠬᠤ ᠶᠤᠮ᠃ ᠡᠯ᠎ᠡ ᠰᠠᠯᠠᠭ᠎ᠠ ᠮᠥᠴᠢᠷ ᠤᠨ ᠬᠢᠨ ᠭᠤᠤᠯᠳᠠᠯᠭ᠎ᠠ ᠲᠠᠢ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠠᠬᠢᠭᠤᠯᠬᠤ ᠬᠠᠷᠢᠭᠤᠴᠠᠯᠭᠠᠲᠤ ᠰᠡᠳᠬᠢᠯᠭᠡ ᠪᠠᠨ ᠲᠠᠰᠤᠷᠠᠯᠲᠠ ᠥᠬᠡᠶ ᠴᠢᠩᠭᠠᠳᠬᠠᠵᠤ᠂ ᠲᠥᠷᠥᠯ ᠵᠦᠢᠯ ᠤᠨ ᠡᠮᠦᠨᠡᠬᠢ ᠬᠤᠭᠤᠴᠠᠭᠠᠨ ᠤ ᠭᠠᠷᠳᠠᠮ  ᠭᠦᠢᠴᠡᠳᠬᠡᠬᠦ  ᠶᠠᠪᠤᠴᠠ ᠲᠤᠭᠳᠠᠴᠠ  ᠶᠢ  ᠲᠡᠭᠦᠯᠳᠡᠷᠵᠢᠭᠦᠯᠵᠦ᠂ ᠭᠤᠤᠯᠳᠠᠯᠭ᠎ᠠ ᠲᠠᠢ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠬᠤᠷᠳᠤᠴᠠ ᠶᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠪᠥᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠶ  ᠃ ᠭᠤᠣᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂  ᠲᠥᠯᠥᠪᠯᠡᠭᠡ  ᠲᠤᠭᠳᠠᠭᠠᠨ᠂ ᠴᠠᠭ ᠬᠤᠭᠤᠴᠠᠭ᠎ᠠ  ᠶᠢ ᠲᠣᠳᠣᠷᠬᠠᠶᠢᠯᠠᠵᠤ᠂ ᠰᠠᠯᠠᠭ᠎ᠠ ᠮᠥᠴᠢᠷ ᠤᠨ ᠬᠤᠭᠤᠷᠣᠨᠳᠣᠬᠢ ᠵᠣᠬᠢᠴᠠᠭᠤᠯᠭ᠎ᠠ ᠶᠢ  ᠴᠢᠩᠭᠠᠳᠬᠠᠨ᠂  ᠨᠡᠶᠢᠯᠡᠮᠡᠯ ᠬᠦᠴᠦᠨ ᠢ ᠨᠢᠭᠲᠠᠷᠠᠭᠤᠯᠵᠤ᠂ ᠲᠥᠷᠥᠯ ᠵᠦᠢᠯ ᠤᠨ ᠨᠠᠶᠢᠳᠠᠪᠤᠷᠢᠵᠢᠭᠤᠯᠤᠯᠲᠠ ᠶᠢ ᠪᠦᠬᠦ ᠲᠠᠯ᠎ᠠ ᠪᠠᠷ ᠠᠬᠢᠭᠤᠯᠬᠤ ᠬᠡᠷᠡᠭᠲᠡᠢ᠃ ᠬᠢᠨᠠᠨ ᠵᠢᠯᠣᠭᠤᠳᠴᠤ ᠪᠠᠶᠢᠴᠠᠭᠠᠬᠤ ᠠᠵᠢᠯ ᠤᠨ ᠲᠣᠭᠲᠠᠴᠠ ᠶᠢ ᠪᠦᠷᠢᠯᠳᠦᠭᠦᠯᠵᠦ᠂ ᠲᠣᠬᠢᠷᠠᠭᠤᠯᠤᠯᠲᠠ ᠶᠢ ᠴᠢᠩᠭᠠᠳᠬᠠᠨ᠂ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠣᠭᠲᠠᠭᠰᠠᠨ ᠬᠤᠭᠤᠴᠠᠭᠠᠨ ᠳᠤ ᠠᠬᠢᠭᠤᠯᠬᠤ ᠶᠢ ᠪᠠᠲᠤᠯᠠᠵᠤ᠂ ᠪᠦᠬᠦ ᠬᠤᠰᠢᠭᠤᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠬᠦᠴᠦᠯᠡᠨ ᠠᠬᠢᠭᠤᠯᠬᠤ ᠬᠡᠷᠡᠭᠲᠡᠢ ᠭᠡᠵᠡᠢ  ᠃
 
ᠢᠷᠡᠯᠲᠡ᠄ ᠣᠩᠨᠢᠭᠤᠳ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号