| | 1 ᠰᠠᠷ᠎ᠠ ᠶᠢᠨ 23 ᠤ ᠡᠳᠦᠷ᠂ ᠬᠤᠰᠢᠭᠤᠨ ᠤ ᠨᠠᠮ ᠤᠨ ᠬᠤᠷᠢᠶ᠎ᠠ ᠶᠢᠨ ᠱᠦᠵᠢ ᠮᠥᠩᠬᠡ ᠬᠤᠰᠢᠭᠤᠨ ᠤ | ᠨᠠᠮ ᠤᠨ ᠬᠤᠷᠢᠶᠠᠨ ᠤ ᠣᠨᠣᠯ ᠤᠨ ᠰᠤᠷᠤᠯᠴᠠᠯᠭ᠎ᠠ ᠶᠢᠨ ᠭᠤᠤᠯᠯᠠᠬᠤ ᠳᠤᠭᠤᠶᠢᠯᠠᠩ ᠤᠨ 2025 ᠣᠨ ᠤ | ᠠᠩᠬᠠᠳᠤᠭᠠᠷ ᠤᠳᠠᠭᠠᠨ ᠤ ᠰᠤᠷᠤᠯᠴᠠᠯᠭ᠎ᠠ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ᠶᠡᠷᠦᠩᠬᠡᠶ ᠱᠦᠵᠢ ᠰᠢ ᠶᠢᠨ | ᠫᠢᠩ ᠤᠨ ᠨᠠᠮ ᠤᠨ ᠲᠥᠪ ᠬᠤᠷᠢᠶ᠎ᠠ ᠶᠢᠨ ᠤᠯᠤᠰ ᠲᠥᠷᠥ ᠶᠢᠨ ᠲᠣᠪᠴᠢᠶ᠎ᠠ ᠶᠢᠨ ᠠᠷᠠᠳᠴᠢᠯᠠᠭᠰᠠᠨ ᠠᠮᠢᠳᠤᠷᠠᠯ ᠤᠨ | ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠰᠤᠷᠤᠯᠴᠠᠨ᠂ ᠰᠤᠳᠤᠯᠤᠨ ᠶᠠᠷᠢᠯᠴᠠᠪᠠ᠃ | ᠬᠤᠷᠠᠯ ᠠᠴᠠ᠂ ᠨᠠᠮ ᠢ ᠬᠠᠮᠢᠶᠠᠷᠴᠤ ᠨᠠᠮ ᠢ ᠵᠠᠰᠠᠬᠤ ᠤᠯᠤᠰ ᠲᠦᠷᠦ ᠶᠢᠨ ᠬᠠᠷᠢᠭᠤᠴᠠᠯᠭ᠎ᠠ ᠪᠠᠨ ᠨᠠᠷᠢᠨ | ᠬᠢᠨᠠᠮᠠᠭᠠᠢ ᠭᠦᠢᠴᠡᠳᠬᠡᠵᠦ᠂ ᠤᠨᠤᠯ ᠤᠨ ᠰᠤᠷᠤᠯᠴᠠᠯᠭ᠎ᠠ ᠳᠤᠮᠳᠠ ᠨᠠᠮᠴᠢ ᠴᠢᠨᠠᠷ ᠢᠶᠠᠨ ᠳᠡᠭᠡᠭᠰᠢᠯᠡᠭᠦᠯᠬᠦ ᠶᠢ | ᠪᠠᠷᠢᠮᠲᠠᠯᠠᠵᠤ᠂ ᠲᠦᠷᠢᠮ ᠲᠣᠭᠲᠠᠭᠠᠯ ᠢ ᠵᠢᠷᠤᠮᠯᠠᠨ ᠰᠠᠬᠢᠯᠭ᠎ᠠ ᠪᠠᠲᠤ ᠶᠢ ᠰᠠᠬᠢᠬᠤ ᠳᠤᠮᠳᠠ ᠠᠵᠢᠯ ᠬᠢᠵᠦ ᠦᠢᠯᠡᠰ | ᠪᠤᠰᠬᠠᠬᠤ ᠶᠢ ᠪᠠᠷᠢᠮᠲᠠᠯᠠᠵᠤ᠂ ᠠᠷᠢᠭᠤᠨ ᠴᠢᠬᠡᠴᠢ ᠪᠠᠷ ᠪᠡᠶ᠎ᠡ ᠪᠠᠨ ᠪᠠᠷᠢᠬᠤ ᠳᠤᠮᠳᠠ ᠬᠤᠷᠢᠭ᠎ᠠ ᠱᠤᠭᠤᠮ ᠢ ᠪᠠᠲᠤ | ᠰᠠᠬᠢᠬᠤ ᠶᠢ ᠪᠠᠷᠢᠮᠲᠠᠯᠠᠵᠤ᠂ ᠰᠠᠨᠠᠭᠠᠴᠢᠯᠠᠭ᠎ᠠ ᠠᠴᠠ ᠪᠠᠨ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢᠨ ᠤᠳᠤᠷᠢᠳᠤᠯᠭ᠎ᠠ᠂ | ᠬᠡᠷᠡᠭᠵᠢᠭᠦᠯᠦᠭᠴᠢ᠂ ᠠᠬᠢᠭᠤᠯᠤᠭᠴᠢ ᠪᠤᠯᠵᠤ᠂ ᠰᠤᠷᠲᠠᠯ ᠴᠢᠬᠡᠴᠢ ᠣᠪᠣᠷ ᠲᠥᠪ ᠰᠠᠶᠢᠨ ᠰᠠᠶᠢᠬᠠᠨ ᠤᠯᠤᠰ | ᠲᠦᠷᠦ ᠶᠢᠨ ᠠᠮᠢ ᠠᠬᠤᠢ ᠶᠢ ᠪᠦᠬᠦ ᠬᠦᠴᠦᠨ ᠢᠶᠠᠷ ᠢᠶᠠᠨ ᠬᠠᠮᠠᠭᠠᠯᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃ |