ᠬᠥᠭᠵᠢᠯᠲᠦ ᠣᠩᠨᠢᠭᠤᠳ ᠬᠤᠰᠢᠭᠤᠨ ᠳᠤ ᠰᠠᠭᠤᠭ᠎ᠠ ᠴᠡᠷᠢᠭ ᠠᠩᠭᠢ ᠶᠢᠨ ᠳᠠᠷᠤᠭ᠎ᠠ ᠪᠠᠶᠢᠯᠳᠤᠭᠴᠢᠳ ᠢ ᠪᠣᠯᠭᠤᠭᠠᠨ ᠲᠣᠬᠤᠨᠢᠭᠤᠯᠪᠠ
ᠨᠡᠶᠢᠲᠡᠯᠡᠭᠰᠡᠨ ᠴᠠᠭ᠄
2025/2/7
       ᠴᠠᠭᠠᠨ ᠰᠠᠷ᠎ᠠ ᠬᠦᠷᠴᠦ ᠢᠷᠡᠬᠦ ᠲᠠᠰᠢᠷᠠᠮ ᠢᠶᠠᠷ᠂ 1 ᠰᠠᠷ᠎ᠠ ᠶᠢᠨ 24 ᠤ ᠡᠳᠦᠷ᠂  ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠬᠥᠭᠵᠢᠯᠲᠦ ᠣᠩᠨᠢᠭᠤᠳ ᠬᠤᠰᠢᠭᠤᠨ ᠳᠤ ᠰᠠᠭᠤᠭ᠎ᠠ ᠴᠡᠷᠢᠭ ᠠᠩᠬᠢ ᠶᠢᠨ ᠷᠠᠳᠠᠷ ᠤᠨ ᠥᠷᠲᠡᠭᠡ ᠳᠤ ᠬᠦᠷᠴᠦ᠂  ᠳᠠᠷᠤᠭ᠎ᠠ ᠪᠠᠶᠢᠯᠳᠤᠭᠴᠢᠳ ᠢ ᠪᠣᠯᠭᠤᠭᠠᠨ ᠲᠣᠬᠤᠨᠢᠭᠤᠯᠵᠤ᠂  ᠨᠠᠮ  ᠵᠠᠰᠠᠭ ᠤᠨ  ᠬᠠᠶᠢᠷ᠎ᠠ ᠬᠠᠯᠠᠮᠵᠢ ᠶᠢ  ᠳᠠᠮᠵᠢᠭᠤᠯᠤᠨ᠂  ᠴᠠᠭᠠᠨ ᠰᠠᠷ᠎ᠠ ᠶᠢᠨ ᠮᠡᠨᠳᠦᠴᠢᠯᠡᠯ  ᠳᠡᠪᠰᠢᠭᠦᠯᠪᠡ᠃     ᠬᠥᠭᠵᠢᠯᠲᠦ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠡᠮᠦᠨ᠎ᠡ ᠠᠴᠠ ᠰᠠᠭᠤᠭ᠎ᠠ ᠴᠡᠷᠢᠭ ᠠᠩᠬᠢ ᠶᠢᠨ ᠳᠠᠷᠤᠭ᠎ᠠ ᠪᠠᠶᠢᠯᠳᠤᠭᠴᠢᠳ ᠤᠨ ᠡᠭᠦᠷᠭᠡ ᠬᠠᠷᠢᠭᠤᠴᠠᠯᠭ᠎ᠠ ᠪᠠᠨ ᠦᠨᠡᠨᠴᠢ ᠪᠠᠷ ᠭᠦᠢᠴᠡᠳᠬᠡᠵᠦ᠂ ᠡᠬᠡ ᠤᠯᠤᠰ ᠤᠨ ᠡᠩᠬᠡ ᠲᠠᠶᠢᠪᠤᠩ ᠠᠮᠤᠷ ᠲᠣᠭᠲᠠᠭᠤᠨ ᠢ ᠬᠠᠮᠠᠭᠠᠯᠠᠬᠤ ᠳᠤ ᠦᠵᠡᠭᠦᠯᠦᠭᠰᠡᠨ ᠬᠤᠪᠢ ᠨᠡᠮᠡᠷᠢ  ᠦᠵᠡᠭᠦᠯᠥᠭᠰᠡᠨ ᠳᠤ ᠲᠠᠯᠠᠷᠬᠠᠵᠤ ᠪᠠᠶᠢᠬᠤ ᠪᠠᠨ ᠢᠯᠡᠳᠬᠡᠪᠡ᠃ ᠲᠡᠷᠡ᠂ ᠬᠤᠰᠢᠭᠤᠨ ᠤ ᠨᠠᠮ ᠤᠨ ᠬᠤᠷᠢᠶ᠎ᠠ᠂  ᠵᠠᠰᠠᠭ ᠤᠨ ᠣᠷᠳᠣᠨ ᠥᠩᠭᠡᠷᠡᠭᠰᠡᠨ ᠲᠠᠢ ᠪᠠᠨ ᠠᠳᠠᠯᠢ ᠪᠠᠷ ᠴᠡᠷᠢᠭ ᠠᠩᠭᠢ ᠶᠢᠨ ᠪᠥᠲᠥᠭᠡᠨ ᠪᠠᠶᠢᠭᠤᠯᠤᠯᠲᠠ ᠶᠢ ᠬᠠᠯᠠᠮᠵᠢᠯᠠᠨ ᠳᠡᠮᠵᠢᠵᠦ᠂ ᠴᠡᠷᠢᠭ ᠠᠩᠭᠢ ᠪᠠ ᠣᠷᠣᠨ ᠨᠤᠲᠤᠭ ᠤᠨ ᠬᠠᠮᠲᠤ ᠪᠠᠷ ᠪᠥᠲᠥᠭᠡᠨ ᠪᠠᠶᠢᠭᠤᠯᠬᠤ ᠠᠵᠢᠯᠯᠠᠭ᠎ᠠ ᠶᠢ ᠶᠡᠭᠡ ᠪᠠᠷ ᠠᠬᠢᠭᠤᠯᠵᠤ᠂  ᠴᠡᠷᠢᠭ ᠠᠷᠠᠳ ᠤᠨ ᠪᠦᠯᠬᠦᠮᠳᠡᠯ ᠤᠨ ᠰᠢᠨ᠎ᠡ ᠪᠠᠶᠢᠳᠠᠯ ᠢ ᠬᠠᠮᠲᠤ ᠪᠠᠷ ᠡᠭᠦᠳᠦᠨ᠎ᠡ ᠭᠡᠵᠦ ᠢᠯᠡᠳᠬᠡᠪᠡ᠃ ᠡᠭᠦᠨ ᠤ ᠬᠠᠮᠲᠤ᠂ ᠰᠠᠭᠤᠭ᠎ᠠ ᠴᠡᠷᠢᠭ ᠠᠩᠭᠢ ᠶᠢᠨ ᠳᠠᠷᠤᠭ᠎ᠠ ᠪᠠᠶᠢᠯᠳᠤᠭᠴᠢᠳ ᠥᠩᠭᠡᠷᠡᠭᠰᠡᠨ ᠲᠠᠢ ᠪᠠᠨ ᠠᠳᠠᠯᠢ ᠪᠠᠷ ᠵᠠᠰᠠᠭ ᠢᠶᠠᠨ ᠬᠦᠷᠢᠶᠡᠯᠡᠨ ᠠᠷᠠᠳ ᠢᠶᠠᠨ ᠬᠠᠶᠢᠷᠠᠯᠠᠬᠤ ᠢᠷᠠᠭᠤ ᠠᠯᠳᠠᠷᠲᠤ ᠤᠯᠠᠮᠵᠢᠯᠠᠯ ᠢᠶᠠᠨ ᠪᠠᠳᠠᠷᠠᠭᠤᠯᠵᠤ᠂ ᠴᠡᠷᠢᠭ ᠠᠩᠭᠢ ᠪᠠ ᠣᠷᠣᠨ ᠨᠤᠲᠤᠭ ᠤᠨ ᠬᠠᠮᠲᠤᠷᠠᠯ ᠢᠶᠠᠨ  ᠴᠢᠩᠭᠠᠳᠬᠠᠵᠤ᠂ ᠴᠡᠷᠢᠭ ᠠᠷᠠᠳ ᠰᠡᠳᠬᠢᠯ ᠢᠶᠠᠨ  ᠨᠢᠭᠡᠳᠬᠡᠨ᠂ ᠣᠩᠨᠢᠭᠤᠳ ᠬᠤᠰᠢᠭᠤᠨ ᠤ ᠪᠥᠲᠥᠭᠡᠨ ᠪᠠᠶᠢᠭᠤᠯᠤᠯᠲᠠ ᠬᠥᠭᠵᠢᠯᠲᠡ ᠳᠤ ᠣᠶᠤᠨ ᠤᠬᠠᠭᠠᠨ ᠪᠠ ᠬᠦᠴᠦᠨ ᠴᠢᠳᠠᠯ ᠢᠶᠠᠨ ᠡᠷᠭᠦᠬᠦ ᠶᠢ  ᠬᠦᠰᠡᠭᠰᠡᠨ ᠪᠠᠶᠢᠨ᠎ᠠ᠃
 
ᠢᠷᠡᠯᠲᠡ᠄ ᠣᠩᠨᠢᠭᠤᠳ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号