| | 1 ᠰᠠᠷ᠎ᠠ ᠶᠢᠨ 25 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ | ᠳᠠᠷᠤᠭ᠎ᠠ ᠮᠠ ᠶᠦᠩ ᠭᠠᠩ ᠬᠤᠰᠢᠭᠤᠨ ᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ | 2024 ᠣᠨ ᠤ ᠠᠷᠠᠳᠴᠢᠯᠠᠭᠰᠠᠨ ᠠᠮᠢᠳᠤᠷᠠᠯ ᠤᠨ ᠬᠤᠷᠠᠯ ᠢ ᠡᠷᠭᠢᠯᠡᠨ ᠬᠤᠷᠠᠯᠳᠤᠭᠤᠯᠪᠠ᠃ ᠬᠤᠰᠢᠭᠤᠨ ᠤ | ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠬᠤᠷᠠᠯ ᠳᠤ ᠣᠷᠣᠯᠴᠠᠪᠠ᠃ | ᠬᠤᠰᠢᠭᠤᠨ ᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠨᠢ ᠲᠣᠰ ᠤᠳᠠᠭᠠᠨ ᠤ | ᠠᠷᠠᠳᠴᠢᠯᠠᠭᠰᠠᠨ ᠠᠮᠢᠳᠤᠷᠠᠯ ᠤᠨ ᠬᠤᠷᠠᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ᠂ ᠪᠠᠭ ᠤᠨ ᠪᠦᠷᠢᠯᠳᠦᠬᠦᠨ ᠤ | ᠰᠤᠷᠤᠯᠴᠠᠨ ᠰᠤᠳᠤᠯᠤᠨ ᠶᠠᠷᠢᠯᠴᠠᠬᠤ ᠠᠵᠢᠯ ᠢ ᠨᠠᠷᠢᠨ ᠬᠢᠨᠠᠮᠠᠭᠠᠢ ᠥᠷᠨᠢᠭᠦᠯᠵᠦ᠂ ᠥᠷᠭᠡᠨ ᠢᠶᠠᠷ ᠰᠠᠨᠠᠯ ᠰᠠᠨᠠᠭᠤᠯᠭ᠎ᠠ | ᠬᠤᠷᠢᠶᠠᠨ᠂ ᠰᠡᠳᠬᠢᠯ ᠢᠶᠠᠨ ᠶᠠᠷᠢᠯᠴᠠᠵᠤ᠂ ᠬᠠᠷᠢᠴᠠᠭᠤᠯᠤᠨ ᠪᠠᠶᠢᠴᠠᠭᠠᠬᠤ ᠮᠠᠲ᠋ᠧᠷᠢᠶᠠᠯ ᠢ ᠨᠠᠷᠢᠨ ᠨᠢᠮᠪᠠᠢ | ᠲᠤᠭᠤᠷᠪᠢᠨ᠂ ᠠᠷᠠᠳᠴᠢᠯᠠᠭᠰᠠᠨ ᠠᠮᠢᠳᠤᠷᠠᠯ ᠤᠨ ᠬᠤᠷᠠᠯ ᠢ ᠰᠠᠶᠢᠲᠤᠷ ᠬᠤᠷᠠᠯᠳᠤᠭᠤᠯᠬᠤ ᠳᠤ ᠭᠦᠢᠴᠡᠳ ᠪᠡᠯᠡᠳᠬᠡᠯ | ᠬᠢᠪᠡ᠃ | ᠬᠤᠷᠠᠯ ᠠᠴᠠ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠰᠢ ᠶᠢᠨ ᠫᠢᠩ ᠤᠨ ᠰᠢᠨ᠎ᠡ | ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ | ᠳᠤᠭᠤᠰᠢᠯᠠᠭᠤᠯᠬᠤ ᠭᠤᠤᠯ ᠰᠡᠳᠦᠪᠲᠦ ᠬᠥᠮᠦᠵᠢᠯ ᠤᠨ ᠲᠤᠰᠬᠠᠶ ᠰᠡᠳᠦᠪᠲᠦ ᠠᠷᠠᠳᠴᠢᠯᠠᠯ ᠤᠨ ᠠᠮᠢᠳᠤᠷᠠᠯ ᠤᠨ | ᠬᠤᠷᠠᠯ ᠢ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠤᠭᠰᠠᠨ ᠪᠠᠶᠢᠳᠠᠯ ᠪᠣᠯᠤᠨ ᠲᠣᠰ ᠤᠳᠠᠭᠠᠨ ᠤ | ᠠᠷᠠᠳᠴᠢᠯᠠᠭᠰᠠᠨ ᠠᠮᠢᠳᠤᠷᠠᠯ ᠤᠨ ᠬᠤᠷᠠᠯ ᠤᠨ ᠰᠠᠨᠠᠯ ᠬᠤᠷᠢᠶᠠᠭᠰᠠᠨ ᠪᠠᠶᠢᠳᠠᠯ ᠢ ᠵᠠᠷᠯᠠᠨ ᠮᠡᠳᠡᠭᠳᠡᠪᠡ᠃ ᠮᠠ ᠶᠦᠩ | ᠭᠠᠩ ᠠᠴᠠ ᠬᠤᠰᠢᠭᠤᠨ ᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠢ ᠲᠥᠯᠥᠭᠡᠯᠡᠨ | ᠬᠠᠷᠢᠴᠠᠭᠤᠯᠤᠨ ᠪᠠᠶᠢᠴᠠᠭᠠᠬᠤ ᠶᠢᠨ ᠬᠠᠮᠲᠤ ᠬᠤᠪᠢ ᠬᠥᠮᠦᠨ ᠤ ᠬᠠᠷᠢᠴᠠᠭᠤᠯᠤᠨ ᠪᠠᠶᠢᠴᠠᠭᠠᠯᠲᠠ ᠬᠢᠪᠡ᠃ ᠪᠤᠰᠤᠳ | ᠪᠦᠷᠢᠯᠳᠥᠭᠦᠨ ᠬᠡᠰᠢᠭᠦᠳ ᠨᠢᠭᠡᠳ ᠨᠢᠭᠡ ᠪᠠᠷ ᠬᠠᠷᠢᠴᠠᠭᠤᠯᠤᠨ ᠪᠠᠶᠢᠴᠠᠭᠠᠯᠲᠠ ᠬᠢᠬᠦ ᠶᠢᠨ ᠬᠠᠮᠲᠤ ᠬᠠᠷᠢᠯᠴᠠᠨ ᠰᠠᠨᠠᠯ | ᠰᠢᠭᠦᠮᠵᠢᠯᠠᠯ ᠳᠤᠷᠠᠳᠪᠠ᠃ | ᠬᠤᠷᠠᠯ ᠠᠴᠠ ᠵᠢᠭᠠᠵᠤ ᠭᠠᠷᠭᠠᠭᠰᠠᠨ ᠨᠢ᠂ ᠬᠤᠰᠢᠭᠤᠨ ᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ | ᠳᠤᠭᠤᠶᠢᠯᠠᠩ ᠤᠨ ᠪᠦᠷᠢᠯᠳᠦᠬᠦᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ | ᠪᠠᠬᠢ ᠪᠣᠶ ᠪᠣᠯᠭᠠᠬᠤ ᠶᠢ ᠢᠮᠠᠭᠲᠠ ᠡᠯ᠎ᠡ ᠵᠦᠢᠯ ᠤᠨ ᠠᠵᠢᠯ ᠤᠨ ᠭᠤᠤᠯ ᠰᠢᠵᠢᠮ ᠪᠣᠯᠭᠠᠵᠤ᠂ ᠬᠦᠭᠵᠢᠯᠳᠡ ᠶᠢ | ᠲᠡᠷᠢᠭᠦᠨ ᠴᠢᠬᠤᠯᠠ ᠡᠭᠦᠷᠭᠡ ᠪᠤᠯᠭᠠᠨ ᠪᠠᠷᠢᠮᠲᠠᠯᠠᠬᠤ ᠬᠡᠷᠡᠭᠲᠡᠶ᠃ ᠰᠡᠳᠬᠢᠯ ᠢᠶᠠᠨ ᠨᠢᠭᠡᠳᠬᠡᠨ ᠬᠦᠴᠦ ᠪᠠᠨ | ᠬᠠᠮᠲᠤᠳᠬᠠᠵᠤ ᠬᠤᠶᠠᠷ ᠶᠡᠭᠡ ᠶᠠᠪᠤᠳᠠᠯ ᠢ ᠰᠠᠶᠢᠲᠤᠷ ᠬᠢᠵᠦ᠂ ︽ᠵᠢᠷᠭᠤᠭᠠᠨ ᠢᠨᠵᠧᠨᠧᠷᠢᠩ︾ ᠢ ᠯᠠᠪᠳᠠᠭᠤᠨ | ᠪᠠᠲᠤᠲᠠᠶ ᠠᠬᠢᠭᠤᠯᠵᠤ᠂ ︽ᠵᠢᠷᠭᠤᠭᠠᠨ ᠠᠵᠢᠯᠯᠠᠭ᠎ᠠ︾ ᠪᠠ ︽ᠠᠷᠪᠠᠨ ᠶᠡᠭᠡ ᠠᠵᠢᠯᠯᠠᠭ᠎ᠠ︾ ᠶᠢ ᠲᠦᠷᠭᠡᠳᠬᠡᠨ | ᠬᠡᠷᠡᠭᠵᠢᠭᠦᠯᠵᠦ᠂ ᠬᠤᠪᠢᠳᠠᠨ ᠬᠠᠮᠢᠶᠠᠷᠴᠤ ᠪᠠᠶᠢᠭ᠎ᠠ ᠬᠦᠷᠢᠶᠡᠨ ᠳᠠᠬᠢ ᠡᠯ᠎ᠡ ᠵᠦᠢᠯ ᠤᠨ ᠭᠤᠤᠯᠳᠠᠯᠭ᠎ᠠ ᠲᠠᠢ ᠠᠵᠢᠯ ᠤᠨ | ᠡᠭᠦᠷᠭᠡ ᠶᠢ ᠨᠢᠭᠡᠳᠦᠯᠲᠡᠶ ᠲᠥᠯᠥᠪᠯᠡᠨ ᠰᠠᠶᠢᠲᠤᠷ ᠬᠢᠵᠦ᠂ ᠪᠥᠬᠦ ᠬᠤᠰᠢᠭᠤᠨ ᠤ ᠠᠵᠤ ᠠᠬᠤᠶ ᠨᠡᠶᠢᠭᠡᠮ ᠤᠨ | ᠬᠥᠭᠵᠢᠯᠲᠡ ᠶᠢᠨ ᠳᠠᠬᠢᠨ ᠰᠢᠨ᠎ᠡ ᠨᠢᠭᠡᠨ ᠳᠡᠭᠲᠡᠷ ᠲᠤ ᠭᠠᠷᠴᠤ᠂ ᠰᠢᠨ᠎ᠡ ᠦᠷ᠎ᠡ ᠪᠦᠲᠦᠮᠵᠢ ᠤᠯᠬᠤ ᠶᠢ | ᠠᠬᠢᠭᠤᠯᠬᠤ ᠬᠡᠷᠡᠭᠳᠡᠢ ᠭᠡᠰᠡᠨ ᠪᠠᠶᠢᠨ᠎ᠠ᠃ |