ᠵᠠᠰᠠᠭ ᠤᠨ ᠣᠷᠳᠣᠨ ᠤ ᠠᠵᠢᠯ ᠤᠨ ᠢᠯᠡᠳᠬᠡᠯ ᠤᠨ ᠲᠠᠶᠢᠯᠤᠮᠵᠢ ︵ᠨᠢᠭᠡ︶
ᠨᠡᠶᠢᠲᠡᠯᠡᠭᠰᠡᠨ ᠴᠠᠭ᠄
2025/2/8
                         2025 ᠣᠨ ᠤ ᠵᠠᠰᠠᠭ ᠤᠨ ᠣᠷᠳᠣᠨ ᠤ ᠠᠵᠢᠯ ᠤᠨ ᠶᠡᠷᠦᠩᠬᠡᠶ ᠰᠡᠳᠬᠢᠮᠵᠢ       2025 ᠤᠨ ᠪᠣᠯ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠡᠴᠦᠰ ᠤᠨ ᠵᠢᠯ ᠮᠦᠷᠲᠡᠭᠡᠨ ︽ᠠᠷᠪᠠᠨ ᠲᠠᠪᠤᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢ ᠪᠠᠶᠢᠷᠢᠯᠠᠭᠤᠯᠬᠤ ᠵᠠᠩᠭᠢᠯᠠᠭ᠎ᠠ ᠶᠢᠨ ᠵᠢᠯ ᠪᠠᠶᠢᠵᠤ᠂ ᠪᠥᠬᠦ ᠵᠢᠯ ᠤᠨ ᠠᠵᠢᠯ ᠢ ᠰᠠᠶᠢᠲᠤᠷ ᠬᠢᠬᠦ ᠨᠢ ᠴᠢᠬᠤᠯᠠ ᠶᠡᠭᠡ ᠠᠴᠢ ᠬᠤᠯᠪᠣᠭᠳᠠᠯ ᠲᠠᠢ ᠮᠦᠷᠲᠡᠭᠡᠨ ᠠᠯᠤᠰ ᠬᠡᠲᠦ ᠶᠢᠨ ᠨᠥᠯᠥᠭᠡ ᠲᠠᠢ ᠶᠤᠮ᠃       ᠡᠨᠡ ᠵᠢᠯ ᠤᠨ ᠵᠠᠰᠠᠭ ᠤᠨ ᠣᠷᠳᠣᠨ ᠤ ᠠᠵᠢᠯ ᠤᠨ ᠶᠡᠷᠦᠩᠬᠡᠶ ᠰᠡᠳᠬᠢᠴᠡ ᠪᠣᠯ᠄ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠤᠯᠭᠠᠨ᠂ ᠨᠠᠮ ᠤᠨ ᠬᠤᠷᠢᠳᠤᠭᠠᠷ ᠶᠡᠭᠡ ᠬᠤᠷᠠᠯ ᠪᠣᠯᠤᠨ ᠬᠤᠷᠢᠳᠤᠭᠠᠷ ᠬᠤᠭᠤᠴᠠᠭᠠᠨ ᠤ ᠬᠤᠶᠠᠳᠤᠭᠠᠷ᠂ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ ᠂ ᠶᠡᠷᠦᠩᠬᠡᠶ ᠱᠦᠵᠢ ᠰᠢ ᠶᠢᠨ ᠫᠢᠩ ᠤᠨ 2025 ᠣᠨ ᠤ ᠠᠵᠤ ᠠᠬᠤᠶ ᠶᠢᠨ ᠠᠵᠢᠯ ᠤᠨ ᠶᠡᠷᠦᠩᠬᠡᠶ ᠱᠠᠭᠠᠷᠳᠠᠯᠭ᠎ᠠ᠂ ᠲᠥᠷᠥ ᠶᠢᠨ ᠪᠣᠳᠣᠯᠭ᠎ᠠ ᠶᠢᠨ ᠬᠠᠨᠳᠤᠰᠢ᠂ ᠭᠤᠤᠯᠳᠠᠯᠭ᠎ᠠ ᠲᠠᠢ ᠡᠭᠦᠷᠭᠡ ᠪᠤᠯᠤᠨ ᠨᠠᠮ ᠤᠨ ᠲᠥᠪ ᠬᠤᠷᠢᠶᠠᠨ ᠤ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠣᠨᠣᠪᠴᠢᠲᠠᠶ ᠤᠶᠢᠯᠠᠭᠠᠨ ᠡᠵᠡᠮᠰᠢᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠠᠵᠢᠯ ᠤᠨ ᠭᠤᠤᠯ ᠰᠢᠵᠢᠮ ᠪᠤᠯᠭᠠᠨ᠂ ᠥᠭᠡᠷᠡᠴᠢᠯᠡᠯᠲᠡ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠬᠦ ᠪᠠᠷ ᠬᠥᠲᠥᠯᠦᠮᠵᠢ ᠪᠣᠯᠭᠠᠵᠤ᠂ ︽ᠮᠣᠩᠭᠤᠯ ᠮᠣᠷᠢᠨ︾ ᠤ ᠵᠣᠷᠢᠭ ᠰᠠᠨᠠᠭ᠎ᠠ ᠶᠢ ᠶᠡᠬᠡᠪᠡᠷ ᠪᠠᠳᠠᠷᠠᠭᠤᠯᠤᠨ᠂ ︽ᠨᠠᠢᠮᠠ ᠶᠢ ᠡᠷᠡᠰ ᠳᠡᠪᠴᠢᠬᠦ︾ ᠶᠢ ᠪᠡᠶᠡᠯᠡᠭᠦᠯᠵᠦ᠂ ᠠᠮᠢ ᠠᠬᠤᠶ ᠶᠢ ᠲᠡᠷᠢᠭᠦᠨ ᠳᠤ ᠲᠠᠯᠪᠢᠬᠤ᠂ ᠪᠣᠬᠢᠷᠲᠤᠯ ᠥᠬᠡᠶ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠵᠠᠮ ᠢᠶᠠᠷ ᠯᠠᠪᠳᠠᠭᠤᠨ ᠪᠠᠲᠤᠲᠠᠶ ᠰᠠᠶᠢᠲᠤᠷ ᠵᠠᠮᠨᠠᠵᠤ᠂ ᠠᠵᠤ ᠦᠢᠯᠡᠰ ᠤᠨ ᠬᠥᠭᠵᠢᠯᠲᠡ᠂ ᠬᠤᠲᠠ ᠬᠥᠳᠡᠭᠡ ᠶᠢᠨ ᠠᠭᠤᠰᠤᠯᠴᠠᠯ᠂ ᠠᠮᠢ ᠠᠬᠤᠶ ‍ᠣᠷᠴᠢᠨ ᠲᠣᠭᠤᠷᠢᠨ ᠤ ᠬᠠᠮᠠᠭᠠᠯᠠᠯᠲᠠ᠂ ᠠᠷᠠᠳ ᠤᠨ ᠠᠮᠢᠳᠤᠷᠠᠯ ᠤᠨ ᠰᠠᠶᠢᠵᠢᠷᠠᠯᠲᠠ᠂ ᠨᠡᠶᠢᠭᠡᠮ ᠤᠨ ᠠᠮᠤᠷ ᠲᠣᠭᠲᠠᠭᠤᠨ ᠤ ᠬᠠᠮᠠᠭᠠᠯᠠᠯᠲᠠ ᠵᠡᠷᠭᠡ ᠭᠤᠤᠯᠳᠠᠯᠭ᠎ᠠ ᠲᠠᠢ ᠬᠦᠷᠢᠶ᠎ᠡ ᠪᠠ ᠵᠠᠩᠭᠢᠯᠠᠭ᠎ᠠ ᠶᠢᠨ ᠭᠤᠭᠴᠤᠭ᠎ᠠ ᠳᠤ ᠨᠠᠩ ᠶᠡᠭᠡ ᠰᠢᠪᠲᠤᠯᠤᠯᠲᠠ ᠭᠠᠷᠭᠠᠨ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠠᠷᠠᠯᠲᠠ ᠡᠭᠦᠷᠭᠡ ᠶᠢ ᠪᠥᠬᠦ ᠬᠦᠴᠦᠨ ᠢᠶᠠᠷ ᠢᠶᠠᠨ ᠪᠡᠶᠡᠯᠡᠭᠦᠯᠵᠦ᠂ ︽ᠠᠷᠪᠠᠨ ᠲᠠᠪᠤᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢᠨ ᠰᠠᠶᠢᠨ ᠡᠬᠢᠯᠡᠯᠲᠡ ᠶᠢ ᠪᠡᠶᠡᠯᠡᠭᠦᠯᠬᠦ ᠳᠤ ᠪᠠᠲᠤ ᠪᠠᠬᠢ ᠰᠠᠭᠤᠷᠢ ᠲᠠᠯᠪᠢᠨ᠎ᠠ ᠭᠡᠵᠡᠢ᠃
 
ᠢᠷᠡᠯᠲᠡ᠄ ᠣᠩᠨᠢᠭᠤᠳ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号