| | 2 ᠰᠠᠷ᠎ᠠ ᠶᠢᠨ 7 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠮᠥᠩᠬᠡ ᠠᠷᠪᠠᠨ ᠲᠠᠪᠤᠳᠤᠭᠠᠷ | ᠬᠤᠭᠤᠴᠠᠭᠠᠨ ᠤ ᠬᠤᠰᠢᠭᠤᠨ ᠤ ᠨᠠᠮ ᠤᠨ ᠬᠤᠷᠢᠶᠠᠨ ᠤ 142 ᠳ᠋ᠤᠭᠠᠷ ᠤᠳᠠᠭᠠᠨ ᠤ ᠪᠠᠶᠢᠩᠭᠤ ᠶᠢᠨ ᠬᠤᠷᠢᠶᠠᠨ ᠤ | ᠬᠤᠷᠠᠯ ᠢ ᠡᠷᠭᠢᠯᠡᠨ ᠬᠤᠷᠠᠯᠳᠤᠭᠤᠯᠪᠠ ᠃ ᠮᠠ ᠶᠦᠩ ᠭᠠᠩ᠂ ᠰᠦᠨ ᠮᠢᠩ ᠲᠤᠤ᠂ ᠾᠧᠦ ᠭᠦᠸᠧ ᠵᠢᠩ᠂ ᠸᠠᠩ | ᠵᠢᠶᠦ᠋ᠨ ᠵᠢᠶᠦ᠋ᠨ᠂ ᠬᠤ᠋ ᠹᠧᠩ ᠶᠠᠨ᠂ ᠭᠧᠩ ᠸᠧᠶ ᠳ᠋ᠦᠩ᠂ ᠵᠦ ᠴᠦᠨ ᠶᠦᠩ᠂ ᠸᠠᠩ ᠶᠢᠩ ᠬᠤᠷᠠᠯ ᠳᠤ | ᠤᠷᠤᠯᠴᠠᠪᠠ᠃ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ | ᠡᠷᠬᠢᠯᠡᠭᠴᠢ ᠯᠢ ᠢᠦᠶ ᠲᠢᠩ᠂ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠬᠥᠭᠵᠢᠯᠲᠦ | ᠬᠤᠷᠠᠯ ᠳᠤ ᠰᠤᠯᠠ ᠣᠷᠣᠯᠴᠠᠪᠠ᠃ | ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠴᠠᠭᠠᠨ ᠰᠠᠷ᠎ᠠ ᠠᠴᠠ ᠡᠮᠦᠨᠡᠬᠢ ᠯᠢᠶᠣᠤᠨᠢᠩ ᠳᠤ | ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠪᠣᠯᠤᠨ ᠲᠥᠪ ᠬᠤᠷᠢᠶ᠎ᠠ᠂ | ᠥᠪᠡᠷᠲᠡᠭᠡᠨ ᠵᠠᠰᠠᠬᠤ ᠣᠷᠣᠨ᠂ ᠤᠯᠠᠭᠠᠨᠬᠠᠳᠠ ᠬᠤᠳᠠ ᠶᠢᠨ ᠬᠠᠮᠢᠶ᠎ᠠ ᠪᠦᠬᠦᠢ ᠬᠤᠷᠠᠯ᠂ ᠪᠢᠴᠢᠭ ᠮᠠᠲ᠋ᠧᠷᠢᠶᠠᠯ ᠤᠨ | ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠬᠠᠮᠢᠶ᠎ᠠ ᠪᠦᠬᠦᠢ ᠨᠠᠶᠢᠳᠠᠪᠤᠷᠢᠵᠢᠭᠤᠯᠬᠤ ᠠᠵᠢᠯ ᠢ ᠲᠤᠬᠢᠷᠠᠭᠤᠯᠤᠨ | ᠪᠠᠶᠢᠷᠢᠯᠠᠭᠤᠯᠵᠠᠢ᠃ ᠬᠤᠷᠠᠯ ᠠᠴᠠ 2024 ᠣᠨ ᠤ ᠪᠥᠬᠦ ᠬᠤᠰᠢᠭᠤᠨ ᠤ ᠨᠢᠭᠡᠳᠦᠮᠡᠯ ᠹᠷᠣᠨᠲ ᠤᠨ ᠠᠵᠢᠯ ᠤᠨ | ᠪᠠᠶᠢᠳᠠᠯ ᠤᠨ ᠬᠠᠷᠢᠭᠤ ᠮᠡᠳᠡᠭᠦᠯᠦᠯᠲᠡ ᠪᠠ ᠨᠢᠭᠡᠳᠦᠭᠡᠷ ᠤᠯᠠᠷᠢᠯ ᠤᠨ ᠪᠥᠬᠦ ᠬᠤᠰᠢᠭᠤᠨ ᠤ ᠠᠵᠤ ᠠᠬᠤᠶ ᠶᠢᠨ | ᠠᠵᠢᠯᠯᠠᠭᠠᠨ ᠤ ︽ᠰᠠᠶᠢᠨ ᠡᠬᠢᠯᠡᠯᠲᠡ︾ ᠵᠢᠴᠢ ᠭᠤᠤᠯᠳᠠᠯᠭ᠎ᠠ ᠲᠠᠢ ᠲᠥᠷᠥᠯ ᠵᠦᠢᠯ ᠤᠨ ᠬᠤᠯᠪᠣᠭᠳᠠᠯ ᠪᠥᠬᠦᠶ | ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ ᠃ ︽ᠣᠩᠨᠢᠭᠤᠳ ᠬᠤᠰᠢᠭᠤᠨ ᠤ ᠬᠡᠷᠡᠯ ᠴᠡᠨᠡᠭ ᠢᠶᠠᠷ | ᠬᠠᠪᠰᠤᠷᠤᠨ ᠲᠡᠳᠬᠦᠬᠦ ᠴᠠᠬᠢᠯᠭᠠᠨ ᠥᠷᠲᠡᠭᠡ ᠶᠢᠨ ᠪᠥᠲᠥᠭᠡᠨ ᠪᠠᠶᠢᠭᠤᠯᠤᠯᠲᠠ ᠶᠢᠨ ᠬᠡᠷᠡᠭᠵᠢᠭᠦᠯᠬᠦ ᠲᠥᠰᠦᠯ ︾ ᠢ | ᠬᠢᠨᠠᠨ ᠵᠥᠪᠯᠡᠪᠡ᠃ | ᠬᠤᠷᠠᠯ ᠠᠴᠠ ᠵᠢᠭᠠᠵᠤ ᠭᠠᠷᠭᠠᠭᠰᠠᠨ ᠨᠢ᠂ ᠪᠥᠬᠦ ᠬᠤᠰᠢᠭᠤᠨ ᠤ ᠳᠡᠭᠡᠳᠦ ᠳᠣᠤᠷᠠᠳᠤ ᠱᠠᠲᠤᠨ ᠤ ᠬᠢᠨ | ᠬᠥᠭᠵᠢᠯᠲᠡ ᠪᠣᠯ ᠲᠡᠷᠢᠭᠦᠨ ᠴᠢᠬᠤᠯᠠ ᠡᠭᠦᠷᠭᠡ ᠪᠤᠯᠬᠤ᠂ ᠬᠤᠰᠢᠭᠤᠨ ᠤ ᠨᠠᠮ ᠤᠨ ᠬᠤᠷᠢᠶᠠᠨ ᠤ ᠠᠷᠪᠠᠨ | ᠲᠠᠪᠤᠳᠤᠭᠠᠷ ᠬᠤᠭᠤᠴᠠᠭᠠᠨ ᠤ ᠶᠢᠰᠦᠳᠦᠭᠡᠷ ᠪᠥᠬᠦᠳᠡ ᠬᠤᠷᠠᠯ ᠪᠠ ᠪᠥᠬᠦ ᠬᠤᠰᠢᠭᠤᠨ ᠤ ︽ᠬᠤᠶᠠᠷ ᠬᠤᠷᠠᠯ︾ ᠤᠨ | ᠪᠠᠶᠢᠷᠢᠯᠠᠭᠤᠯᠤᠯᠲᠠ ᠶᠢᠨ ᠡᠯ᠎ᠡ ᠵᠦᠢᠯ ᠤᠨ ᠭᠤᠤᠯᠳᠠᠯᠭ᠎ᠠ ᠲᠠᠢ ᠡᠭᠦᠷᠭᠡ ᠶᠣᠰᠣᠭᠠᠷ᠂ ︽ᠨᠠᠢᠮᠠ ᠶᠢ ᠡᠷᠡᠰ ᠳᠡᠪᠴᠢᠬᠦ︾ | ᠱᠠᠭᠠᠷᠳᠠᠯᠭ᠎ᠠ ᠶᠢ ᠨᠠᠷᠢᠨ ᠬᠢᠨᠠᠮᠠᠭᠠᠶ ᠨᠠᠶᠢᠳᠠᠪᠤᠷᠢᠵᠢᠭᠤᠯᠬᠤ ᠬᠡᠷᠡᠭᠳᠡᠢ᠃ ᠨᠢᠭᠡᠳᠦᠭᠡᠷ ᠠᠵᠤ ᠦᠢᠯᠡᠰ ᠢ | ᠰᠢᠯᠢᠳᠡᠭᠵᠢᠭᠦᠯᠦᠨ ᠨᠠᠷᠢᠯᠢᠬᠵᠢᠭᠤᠯᠵᠤ᠂ ᠬᠤᠶᠠᠳᠤᠭᠠᠷ ᠠᠵᠤ ᠦᠢᠯᠡᠰ ᠢ ᠪᠤᠵᠠᠭᠠᠶᠢᠷᠠᠭᠤᠯᠤᠨ ᠬᠦᠴᠦᠷᠬᠡᠭᠵᠢᠭᠦᠯᠵᠦ᠂ | ᠭᠤᠷᠪᠠᠳᠤᠭᠠᠷ ᠠᠵᠤ ᠦᠢᠯᠡᠰ ᠢ ᠠᠮᠢᠳᠤᠯᠢᠭᠵᠢᠭᠤᠯᠤᠨ ᠬᠦᠭᠵᠢᠭᠦᠯᠵᠥ᠂ ᠰᠢᠨ᠎ᠡ ᠡᠨᠧᠷᠭᠢ᠂ ᠠᠭᠤᠷᠬᠠᠶ ᠶᠢᠨ | ᠦᠢᠯᠡᠰ ᠤᠨ ᠠᠵᠤ ᠠᠬᠤᠶ᠂ ᠲᠠᠷᠢᠶᠠᠯᠠᠩ ᠤᠨ ᠪᠦᠲᠦᠭᠡᠭᠳᠡᠬᠦᠨ ᠮᠠᠯᠵᠢᠯ ᠤᠨ ᠠᠰᠢᠭ ᠰᠢᠮ᠎ᠡ ᠶᠢ ᠨᠠᠷᠢᠯᠢᠭ ᠡᠳ᠋ᠰᠢᠭᠦᠯᠬᠦ | ᠵᠡᠷᠭᠡ ᠠᠵᠤ ᠦᠢᠯᠡᠰ ᠲᠤ ᠠᠩᠬᠠᠷᠤᠯ ᠢᠶᠠᠨ ᠲᠥᠪᠯᠡᠷᠡᠭᠦᠯᠵᠦ᠂ ᠠᠵᠢᠯ ᠤᠨ ᠡᠷᠴᠢᠮ ᠢᠶᠠᠨ ᠴᠢᠩᠭᠠᠷᠠᠭᠤᠯᠵᠤ᠂ ᠠᠵᠤ | ᠦᠢᠯᠡᠰ ᠤᠨ ᠰᠢᠯᠵᠢᠯᠲᠡ ᠶᠢ ᠢᠳᠡᠪᠬᠢᠲᠡᠶ ᠭᠥᠯᠢᠶᠡᠨ ᠠᠪᠴᠤ᠂ ᠤᠯᠠᠮ ᠨᠢᠭᠡ ᠠᠯᠬᠤᠮ ᠬᠡᠯᠬᠢᠶᠡᠵᠢᠯ ᠢ | ᠤᠷᠲᠤᠳᠬᠠᠨ ᠂ ᠨᠥᠬᠦᠪᠥᠷᠢᠯᠡᠵᠦ ᠂ ᠴᠢᠩᠭᠠᠳᠬᠠᠨ᠂ ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠢ | ᠲᠦᠷᠭᠡᠳᠬᠡᠨ ᠪᠠᠶᠢᠭᠤᠯᠬᠤ ᠬᠡᠷᠡᠭᠲᠡᠶ᠃ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠬᠥᠭᠵᠢᠯᠲᠡ ᠶᠢ ᠯᠠᠪᠳᠠᠭᠤᠨ | ᠪᠠᠲᠤᠲᠠᠢ ᠠᠬᠢᠭᠤᠯᠵᠤ᠂ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠭᠤᠣᠯᠳᠠᠯᠭ᠎ᠠ ᠶᠢ ᠳᠤᠪᠤᠶᠢᠯᠭᠠᠨ᠂ | ᠬᠦᠴᠢᠷ ᠠᠰᠠᠭᠤᠳᠠᠯ ᠢ ᠰᠢᠢᠳᠪᠦᠷᠢᠯᠡᠵᠦ᠂ ᠦᠵᠡᠯ ᠰᠠᠨᠠᠭ᠎ᠠ ᠣᠶᠢᠯᠠᠭᠠᠭᠳᠠᠬᠤᠨ ᠢᠶᠠᠨ ᠦᠷᠭᠦᠯᠵᠢᠯᠡᠨ ᠰᠢᠨᠡᠴᠢᠯᠡᠵᠥ᠂ | ᠴᠢᠬᠤᠯᠠ ᠶᠡᠭᠡ ᠲᠦᠷᠦᠯ ᠵᠦᠢᠯ ᠢ ᠲᠥᠯᠥᠪᠵᠢᠭᠦᠯᠦᠨ ᠪᠦᠳᠦᠭᠡᠨ ᠪᠠᠶᠢᠭᠤᠯᠬᠤ᠂ ᠠᠷᠠᠯᠵᠢᠶᠠᠴᠢᠨ ᠤᠷᠢᠵᠤ ᠪᠡᠯᠡ | ᠣᠷᠣᠭᠤᠯᠬᠤ ᠶᠠᠰᠤ ᠴᠢᠨᠠᠷ ᠦᠷ᠎ᠡ ᠠᠰᠢᠭ ᠢ ᠳᠡᠭᠡᠭᠰᠢᠯᠡᠭᠦᠯᠬᠦ᠂ ᠨᠡᠩ ᠰᠢᠯᠢᠳᠡᠭ ᠠᠷᠠᠯᠵᠢᠶ᠎ᠠ ᠡᠵᠡᠩᠨᠡᠬᠦ ᠣᠷᠴᠢᠨ | ᠲᠣᠭᠤᠷᠢᠨ ᠢ ᠪᠤᠢ ᠪᠣᠯᠭᠠᠬᠤ᠂ ᠡᠬᠢ ᠪᠠᠶᠠᠯᠢᠭ ᠢ ᠠᠷᠪᠢᠯᠠᠵᠤ ᠡᠷᠴᠢᠮᠵᠢᠭᠦᠯᠦᠨ ᠠᠰᠢᠭᠯᠠᠬᠤ᠂ ᠭᠠᠳᠠᠭᠠᠳᠤ ᠨᠡᠬᠡᠬᠡᠯᠳᠡ | ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠬᠦ ᠵᠡᠷᠭᠡ ᠲᠠᠯ᠎ᠠ ᠪᠠᠷ ᠪᠣᠳᠠᠲᠠᠢ ᠠᠷᠭ᠎ᠠ ᠤᠬᠠᠭᠠᠨ ᠭᠠᠷᠭᠠᠵᠤ᠂ ᠦᠨᠡᠨ ᠬᠦ | ᠬᠦᠴᠦ ᠤᠷᠤᠭᠤᠯᠤᠨ᠂ ᠴᠢᠨᠠᠷ ᠰᠠᠶᠢᠲᠠᠢ ᠬᠥᠭᠵᠢᠯᠲᠡ ᠶᠢᠨ ᠰᠠᠭᠤᠷᠢ ᠶᠢ ᠪᠠᠬᠢᠵᠢᠭᠦᠯᠬᠦ ᠬᠡᠷᠡᠭᠲᠡᠢ ᠭᠡᠵᠡᠢ᠃ | ᠬᠤᠷᠠᠯ ᠠᠴᠠ᠂ ᠬᠥᠭᠵᠢᠯᠲᠡ ᠶᠢᠨ ᠳᠤᠮᠳᠠ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ ᠶᠢ | ᠪᠠᠷᠢᠮᠲᠠᠯᠠᠵᠤ᠂ ᠬᠤᠳᠠ ᠬᠥᠳᠡᠭᠡ ᠶᠢ ᠠᠭᠤᠰᠤᠯᠴᠠᠭᠤᠯᠤᠨ ᠬᠥᠭᠵᠢᠭᠦᠯᠬᠦ᠂ ᠣᠷᠣᠨ ᠪᠦᠰᠡ ᠶᠢᠨ ᠵᠣᠬᠢᠴᠠᠩᠭᠤᠢ | ᠬᠥᠭᠵᠢᠯᠲᠡ ᠶᠢ ᠨᠢᠭᠡᠳᠦᠯᠲᠡᠢ ᠲᠥᠯᠥᠪᠵᠢᠭᠦᠯᠵᠦ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠭᠰᠠᠨ | ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠦᠨ ᠥᠷᠭᠡᠳᠬᠡᠵᠦ᠂ ᠬᠥᠳᠡᠭᠡ ᠲᠣᠰᠬᠤᠨ ᠢ ᠪᠦᠬᠦ ᠲᠠᠯ᠎ᠠ ᠪᠠᠷ | ᠬᠥᠭᠵᠢᠭᠦᠯᠦᠨ ᠮᠠᠨᠳᠤᠭᠤᠯᠬᠤ ᠶᠢ ᠠᠬᠢᠭᠤᠯᠵᠤ᠂ ᠭᠠᠵᠠᠷ ᠣᠷᠣᠨ ᠤ ᠪᠠᠶᠢᠳᠠᠯ ᠳᠠᠭᠠᠨ ᠲᠤᠬᠢᠷᠠᠭᠤᠯᠤᠨ ᠠᠷᠠᠳ ᠢ | ᠪᠠᠶᠠᠵᠢᠭᠤᠯᠬᠤ ᠤᠨᠴᠠᠯᠢᠬᠳᠤ ᠠᠵᠤ ᠦᠢᠯᠡᠰ ᠢ ᠬᠥᠭᠵᠢᠭᠦᠯᠵᠦ᠂ ᠮᠠᠯᠴᠢᠨ ᠲᠠᠷᠢᠶᠠᠴᠢᠨ ᠤ ᠣᠷᠣᠯᠭ᠎ᠠ ᠶᠢ | ᠦᠷᠭᠦᠯᠵᠢᠯᠡᠨ ᠨᠡᠮᠡᠭᠳᠡᠭᠦᠯᠬᠦ ᠬᠡᠷᠡᠭᠲᠡᠢ᠃ ︽ ᠮᠢᠩᠭ᠎ᠠ ᠲᠦᠮᠡᠨ ᠤ ᠢᠨᠵᠧᠨᠧᠷᠢᠩ︾ ᠤᠨ ᠲᠤᠷᠰᠢᠯᠭ᠎ᠠ ᠶᠢ ᠭᠦᠨᠵᠡᠭᠡᠶ | ᠰᠤᠷᠤᠯᠴᠠᠨ ᠬᠡᠷᠡᠭᠯᠡᠵᠦ᠂ ᠮᠠᠯᠵᠢᠬᠤ ᠲᠠᠷᠢᠶᠠᠯᠠᠬᠤ ᠣᠷᠣᠨ ᠤ ᠰᠠᠭᠤᠭᠠᠯᠢ ᠣᠷᠴᠢᠨ ᠲᠣᠭᠤᠷᠢᠨ ᠢ ᠴᠡᠭᠴᠡᠯᠡᠨ | ᠵᠠᠰᠠᠬᠤ ᠶᠢ ᠯᠠᠪᠳᠠᠭᠤᠨ ᠪᠠᠲᠤᠲᠠᠶ ᠠᠬᠢᠭᠤᠯᠤᠨ᠂ ᠮᠠᠯᠵᠢᠬᠤ ᠲᠠᠷᠢᠶᠠᠯᠠᠬᠤ ᠣᠷᠣᠨ ᠤ ᠣᠶᠤᠨ ᠤ ᠪᠣᠯᠪᠠᠰᠤᠨ ᠤ | ᠪᠠᠶᠢᠭᠤᠯᠤᠯᠲᠠ ᠶᠢ ᠴᠢᠩᠭᠠᠳᠬᠠᠵᠤ᠂ ᠣᠷᠣᠰᠢᠨ ᠰᠠᠭᠤᠬᠤ ᠳᠤ ᠲᠣᠬᠢᠷᠠᠮᠵᠢᠲᠠᠶ ᠠᠵᠢᠯ ᠦᠢᠯᠡᠰ ᠡᠷᠬᠢᠯᠡᠬᠦ ᠳᠤ | ᠲᠣᠬᠢᠷᠠᠮᠵᠢᠲᠠᠶ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠢ ᠪᠣᠶ ᠪᠣᠯᠭᠠᠬᠤ ᠬᠡᠷᠡᠭᠲᠡᠶ ᠭᠡᠵᠡᠢ᠃ | ᠬᠤᠷᠠᠯ ᠠᠴᠠ᠂ ᠰᠣᠶᠣᠯ ᠤᠨ ᠢᠲᠡᠭᠡᠯ ᠢᠶᠠᠨ ᠪᠠᠲᠤᠳᠬᠠᠵᠤ᠂ ᠤᠮᠠᠷᠠᠲᠤ ᠬᠢᠯᠢ ᠶᠢᠨ ᠰᠣᠶᠣᠯ ᠤᠨ | ᠪᠠᠶᠢᠭᠤᠯᠤᠯᠲᠠ ᠶᠢ ᠴᠢᠩᠭᠠᠳᠬᠠᠨ᠂ ᠰᠣᠶᠣᠯ ᠤᠨ ᠪᠦᠲᠦᠭᠡᠯᠴᠢ ᠬᠦᠴᠦᠨ ᠢ ᠳᠡᠭᠡᠭᠰᠢᠯᠡᠭᠦᠯᠵᠦ᠂ ᠨᠡᠩ ᠤᠯᠠᠨ | ᠰᠣᠳᠣᠨ ᠪᠦᠲᠦᠭᠡᠯ ᠢ ᠡᠭᠦᠳᠥᠨ᠂ ᠰᠣᠶᠣᠯ ᠤᠨ ᠦᠢᠯᠡᠰ ᠪᠣᠯᠤᠨ ᠰᠣᠶᠣᠯ ᠤᠨ ᠠᠵᠤ ᠦᠢᠯᠡᠰ ᠤᠨ ᠬᠥᠭᠵᠢᠯᠲᠡ ᠶᠢ | ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠬᠥᠳᠡᠭᠡ ᠠᠵᠤ ᠠᠬᠤᠢ ᠰᠣᠶᠣᠯ ᠵᠢᠭᠤᠯᠴᠢᠯᠠᠯ ᠠᠷᠠᠯᠵᠢᠶᠠᠨ ᠤ | ᠠᠭᠤᠰᠤᠯᠴᠠᠨ ᠬᠥᠭᠵᠢᠬᠦ ᠶᠢ ᠠᠬᠢᠭᠤᠯᠬᠤ ᠬᠡᠷᠡᠭᠲᠡᠢ᠃ ᠨᠠᠮ ᠤᠨ ᠤᠳᠤᠷᠢᠳᠤᠯᠭ᠎ᠠ ᠶᠢ ᠪᠠᠷᠢᠮᠲᠠᠯᠠᠨ ᠴᠢᠩᠭᠠᠳᠬᠠᠵᠤ᠂ | ᠡᠷᠡᠰ ᠭᠤᠶᠢᠪᠢᠰᠢ ᠦᠭᠡᠢ ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠵᠤ᠂ ᠲᠥᠪ ᠤᠨ ᠨᠠᠢᠮᠠᠨ ᠵᠤᠷᠪᠤᠰ ᠲᠣᠭᠲᠠᠭᠠᠯ | ᠵᠢᠴᠢ ᠲᠡᠭᠦᠨ ᠤ ᠬᠡᠷᠡᠭᠵᠢᠭᠦᠯᠬᠦ ᠨᠠᠷᠢᠨ ᠲᠦᠷᠢᠮ ᠤᠨ ᠵᠣᠷᠢᠭ ᠰᠠᠨᠠᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ | ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠪᠣᠯᠤᠨ ᠢᠯᠵᠢᠷᠡᠯ ᠢ ᠡᠰᠡᠷᠭᠦᠴᠡᠬᠦ ᠲᠡᠮᠡᠴᠡᠯ ᠢ ᠯᠠᠪᠳᠠᠭᠤᠨ | ᠪᠠᠲᠤᠲᠠᠢ ᠠᠬᠢᠭᠤᠯᠵᠤ᠂ ᠢᠯᠵᠠᠷᠠᠬᠤ ᠠᠴᠠ ᠵᠢᠷᠦᠬᠡᠰᠢᠶᠡᠬᠦ᠂ ᠢᠯᠵᠠᠷᠠᠵᠤ ᠲᠡᠶᠢᠯᠬᠦ ᠦᠭᠡᠢ᠂ ᠢᠯᠵᠠᠷᠠᠬᠤ ᠶᠢ ᠪᠤᠳᠤᠬᠤ | ᠦᠭᠡᠢ ᠪᠠᠶᠢᠬᠤ ᠶᠢ ᠨᠢᠭᠡ ᠴᠤᠭᠴᠠᠵᠢᠭᠤᠯᠤᠨ ᠠᠬᠢᠭᠤᠯᠵᠤ᠂ ᠰᠤᠷᠲᠠᠯ ᠴᠢᠬᠡᠴᠢ ᠣᠪᠣᠷ ᠲᠥᠪ ᠤᠯᠤᠰ ᠲᠦᠷᠦ ᠶᠢᠨ | ᠠᠮᠢ ᠠᠬᠤᠢ ᠶᠢ ᠪᠤᠢ ᠪᠣᠯᠭᠠᠬᠤ ᠬᠡᠷᠡᠭᠲᠡᠢ ᠭᠡᠵᠡᠢ᠃ | ᠬᠤᠷᠠᠯ ᠠᠴᠠ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ | ᠭᠤᠣᠯ ᠰᠢᠵᠢᠮ ᠪᠣᠯᠭᠠᠵᠤ᠂ ᠨᠠᠮ ᠤᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠵᠤ᠂ | ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢ ᠡᠭᠦᠳᠦᠨ ᠪᠠᠶᠢᠭᠤᠯᠬᠤ ᠠᠵᠢᠯ ᠢ ᠪᠦᠬᠦ ᠲᠠᠯ᠎ᠠ ᠪᠠᠷ ᠭᠦᠨᠵᠡᠭᠡᠢ | ᠤᠳᠠᠭᠠᠨ ᠳᠠᠭᠠᠭᠠᠮᠠᠭᠠᠢ ᠥᠷᠨᠢᠭᠦᠯᠵᠦ᠂ ᠦᠨᠳᠦᠰᠦᠲᠡᠨ ᠨᠦᠭᠦᠳ ᠤᠨ ᠤᠯᠠᠨ ᠲᠦᠮᠡᠨ ᠤ ᠨᠡᠩ ᠰᠠᠶᠢᠨ ᠶᠠᠪᠤᠯᠴᠠᠭ᠎ᠠ | ᠰᠣᠯᠢᠯᠴᠠᠭ᠎ᠠ ᠠᠭᠤᠰᠤᠯᠴᠠᠯ ᠢ ᠠᠬᠢᠭᠤᠯᠬᠤ ᠶᠢ ᠬᠦᠳᠦᠯᠦᠨ ᠵᠢᠯᠣᠭᠤᠳᠴᠤ ᠠᠬᠢᠭᠤᠯᠤᠨ᠂ ᠬᠠᠷᠢᠯᠴᠠᠨ | ᠠᠭᠤᠰᠤᠯᠴᠠᠬᠤ ᠮᠠᠶ᠋ᠢᠭ ᠤᠨ ᠨᠡᠶᠢᠭᠡᠮ ᠤᠨ ᠪᠦᠲᠦᠴᠡ ᠪᠣᠯᠤᠨ ᠨᠡᠶᠢᠭᠡᠮ ᠤᠨ ᠣᠷᠴᠢᠨ ᠲᠣᠭᠤᠷᠢᠨ ᠢ ᠢᠳᠡᠪᠬᠢᠲᠡᠢ | ᠪᠠᠶᠢᠭᠤᠯᠵᠤ᠂ ᠰᠢᠨ᠎ᠡ ᠴᠠᠭ ᠦᠶ᠎ᠡ ᠶᠢᠨ ᠨᠢᠭᠡᠳᠦᠮᠡᠯ ᠹᠷᠣᠨᠲ ᠤᠨ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ | ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ ᠴᠢᠬᠤᠯᠠᠴᠢᠯᠠᠭᠰᠠᠨ ᠨᠢ᠂ ᠪᠥᠬᠦ ᠬᠤᠰᠢᠭᠤᠨ ᠤ ᠳᠡᠭᠡᠳᠦ ᠳᠣᠤᠷᠠᠳᠤ ᠱᠠᠲᠤᠨ ᠤ ᠬᠢᠨ ᠦᠵᠡᠯ | ᠰᠠᠨᠠᠭ᠎ᠠ ᠲᠠᠨᠢᠯᠲᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠣᠶᠤᠨ ᠴᠢᠳᠠᠯ ᠢᠶᠠᠨ ᠠᠵᠤ ᠠᠬᠤᠶ ᠶᠢᠨ | ᠪᠥᠲᠥᠭᠡᠨ ᠪᠠᠶᠢᠭᠤᠯᠤᠯᠲᠠ ᠳᠡᠭᠡᠷ᠎ᠡ ᠲᠥᠪᠯᠡᠷᠡᠭᠦᠯᠦᠨ᠂ ᠮᠣᠩᠭᠤᠯ ᠮᠣᠷᠢᠨ ᠤ ᠵᠣᠷᠢᠭ ᠰᠠᠨᠠᠭ᠎ᠠ ᠶᠢ ᠶᠡᠭᠡ ᠪᠠᠷ | ᠪᠠᠳᠠᠷᠠᠭᠤᠯᠵᠤ᠂ ᠨᠠᠷᠢᠨ ᠬᠢᠨᠠᠮᠠᠭᠠᠢ ᠣᠪᠣᠷ ᠢᠶᠠᠷ ᠠᠵᠢᠯ ᠨᠢᠭᠡᠪᠦᠷᠢ ᠶᠢ ᠰᠠᠶᠢᠲᠤᠷ ᠲᠥᠯᠥᠪᠵᠢᠭᠦᠯᠵᠦ᠂ ᠰᠠᠶᠢᠲᠤᠷ | ᠳᠣᠭᠢᠷᠠᠭᠤᠯᠤᠨ᠂ ᠲᠦᠷᠦᠭᠦᠤ ᠤᠯᠠᠷᠢᠯ ᠳᠤ ︽ᠰᠠᠶᠢᠨ ᠡᠬᠢᠯᠡᠯᠲᠡ︾ ᠶᠢ ᠪᠡᠶᠡᠯᠡᠭᠦᠯᠬᠦ ᠬᠡᠷᠡᠭᠲᠡᠶ ᠭᠡᠵᠡᠢ᠃ | | | | |