| | 2 ᠰᠠᠷ᠎ᠠ ᠶᠢᠨ 6 ᠤ ᠡᠳᠦᠷ ᠠᠴᠠ 7 ᠤ ᠡᠳᠦᠷ ᠪᠣᠯᠲᠠᠯ᠎ᠠ᠂ ᠬᠤᠰᠢᠭᠤᠨ ᠤ ᠨᠠᠮ ᠤᠨ ᠬᠤᠷᠢᠶᠠᠨ ᠤ ᠣᠨᠣᠯ | ᠤᠨ ᠰᠤᠷᠤᠯᠴᠠᠯᠭ᠎ᠠ ᠶᠢᠨ ᠭᠤᠤᠯᠯᠠᠬᠤ ᠳᠤᠭᠤᠶᠢᠯᠠᠩ ᠰᠤᠷᠤᠯᠴᠠᠯᠭ᠎ᠠ ᠶᠢᠨ ᠬᠤᠷᠠᠯ ᠵᠢᠴᠢ ᠴᠠᠭᠠᠨ ᠰᠠᠷ᠎ᠠ ᠶᠢᠨ ᠨᠣᠮ | ᠤᠩᠰᠢᠬᠤ ᠬᠤᠷᠠᠯ ᠬᠤᠷᠠᠯᠳᠤᠵᠤ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠮᠥᠩᠬᠡ ᠬᠤᠷᠠᠯ ᠡᠷᠭᠢᠯᠡᠵᠦ | ᠶᠠᠷᠢᠶ᠎ᠠ ᠲᠠᠯᠪᠢᠪᠠ᠃ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠰᠢᠭᠤᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠵᠠᠰᠠᠭ ᠤᠨ ᠣᠷᠳᠣᠨ᠂ ᠤᠯᠤᠰ ᠲᠥᠷᠥ ᠶᠢᠨ | ᠵᠥᠪᠯᠡᠯᠭᠡᠨ ᠤ ᠤᠳᠤᠷᠢᠳᠬᠤ ᠪᠠᠭ ᠤᠨ ᠤᠳᠤᠷᠢᠳᠤᠯᠭ᠎ᠠ ᠬᠠᠮᠲᠤ ᠶᠢᠨ ᠰᠤᠷᠤᠯᠴᠠᠯᠭ᠎ᠠ ᠳᠤ ᠣᠷᠣᠯᠴᠠᠪᠠ᠃ | ᠬᠤᠷᠠᠯ ᠳᠡᠭᠡᠷ᠎ᠡ᠂ ᠵᠤᠸᠠᠩ ᠭᠦᠸᠧ ᠵᠢᠶᠦ᠋ᠨ᠂ ᠯᠦ ᠵᠠᠨ ᠶᠤᠸᠠᠨ᠂ ᠯᠢ ᠪᠥᠸᠧ ᠵᠡᠷᠭᠡ ᠭᠤᠷᠪᠠᠨ ᠲᠤᠰᠬᠠᠢ | ᠮᠡᠷᠭᠡᠵᠢᠯᠲᠡᠨ ᠲᠤᠰ ᠲᠤᠰ 2025 ᠣᠨ ᠤ ᠬᠤᠷᠸ᠎ᠠ ᠠᠵᠤ ᠠᠬᠤᠢ ᠶᠢᠨ ᠪᠠᠶᠢᠳᠠᠯ ᠪᠣᠯᠤᠨ ᠤᠯᠠᠭᠠᠨᠬᠠᠳᠠ ᠶᠢᠨ | ᠠᠵᠤ ᠦᠢᠯᠡᠳᠪᠦᠷᠢ ᠶᠢᠨ ᠢᠷᠡᠭᠡᠳᠦᠢ ᠶᠢᠨ ᠬᠥᠭᠵᠢᠯᠲᠡ᠂ ᠲᠠᠷᠢᠶᠠᠯᠠᠩ ᠮᠠᠯ ᠠᠵᠤ ᠠᠬᠤᠢ ᠶᠢᠨ ᠴᠢᠨᠠᠷ ᠰᠠᠶᠢᠲᠠᠢ | ᠬᠥᠭᠵᠢᠯᠲᠡ ᠪᠣᠯᠤᠨ ᠤᠮᠠᠷᠠᠲᠤ ᠬᠢᠯᠢ ᠶᠢᠨ ᠰᠣᠶᠣᠯ ᠤᠨ ᠪᠠᠶᠢᠭᠤᠯᠤᠯᠲᠠ ᠵᠡᠷᠭᠡ ᠠᠭᠤᠯᠭ᠎ᠠ ᠶᠢᠨ ᠲᠣᠭᠤᠷᠢᠨ ᠳᠤ | ᠲᠤᠰᠬᠠᠢ ᠰᠡᠳᠦᠪᠲᠦ ᠲᠠᠶᠢᠯᠤᠮᠵᠢ ᠬᠢᠵᠦ᠂ ᠣᠳᠣᠬᠠᠨ ᠤ ᠪᠠ ᠬᠤᠶᠢᠰᠢᠳᠠ ᠶᠢᠨ ᠬᠡᠰᠡᠭ ᠬᠤᠭᠤᠴᠠᠭᠠᠨ ᠤ ᠪᠦᠬᠦ | ᠬᠤᠰᠢᠭᠤᠨ ᠤ ᠡᠯ᠎ᠡ ᠵᠦᠢᠯ ᠤᠨ ᠠᠵᠢᠯ ᠢ ᠰᠠᠶᠢᠲᠤᠷ ᠬᠢᠬᠦ ᠳᠤ ᠴᠢᠭᠯᠡᠯ ᠢ ᠲᠣᠳᠣᠷᠬᠠᠢ ᠵᠢᠭᠠᠵᠤ᠂ ᠦᠨᠳᠦᠰᠦᠨ | ᠵᠢᠷᠤᠮᠯᠠᠯ ᠬᠠᠩᠭᠠᠵᠠᠢ᠃ | ᠬᠤᠷᠠᠯ ᠠᠴᠠ ᠵᠢᠭᠠᠵᠤ ᠭᠠᠷᠭᠠᠭᠰᠠᠨ ᠨᠢ᠂ ᠪᠥᠬᠦ ᠬᠤᠰᠢᠭᠤᠨ ᠤ ᠳᠡᠭᠡᠳᠦ ᠳᠣᠤᠷᠠᠳᠤ ᠱᠠᠲᠤᠨ ᠤ ᠬᠢᠨ | ᠨᠠᠮ ᠤᠨ ᠲᠥᠪ ᠬᠤᠷᠢᠶ᠎ᠠ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠷᠢᠯᠠᠭᠤᠯᠤᠯᠲᠠ | ᠱᠠᠭᠠᠷᠳᠠᠯᠭ᠎ᠠ ᠶᠢ ᠨᠠᠷᠢᠨ ᠬᠢᠨᠠᠮᠠᠭᠠᠶ ᠨᠠᠶᠢᠳᠠᠪᠤᠷᠢᠵᠢᠭᠤᠯᠵᠤ᠂ ᠨᠢᠭᠡᠳᠦᠭᠡᠷ ᠠᠵᠤ ᠦᠢᠯᠡᠰ ᠢ ᠰᠢᠯᠢᠳᠡᠭᠵᠢᠭᠦᠯᠦᠨ | ᠨᠠᠷᠢᠯᠢᠬᠵᠢᠭᠤᠯᠵᠤ᠂ ᠬᠤᠶᠠᠳᠤᠭᠠᠷ ᠠᠵᠤ ᠦᠢᠯᠡᠰ ᠢ ᠪᠤᠵᠠᠭᠠᠶᠢᠷᠠᠭᠤᠯᠤᠨ ᠬᠦᠴᠦᠷᠬᠡᠭᠵᠢᠭᠦᠯᠵᠦ᠂ ᠭᠤᠷᠪᠠᠳᠤᠭᠠᠷ | ᠠᠵᠤ ᠦᠢᠯᠡᠰ ᠢ ᠠᠮᠢᠳᠤᠯᠢᠭᠵᠢᠭᠤᠯᠤᠨ ᠬᠦᠭᠵᠢᠭᠦᠯᠬᠦ ᠬᠡᠷᠡᠭᠳᠡᠢ᠃ ᠬᠡᠪᠴᠢᠶᠡᠵᠢᠭᠦᠯᠥᠯᠳᠡ᠂ | ᠲᠦᠬᠦᠭᠡᠷᠥᠮᠵᠢᠭᠦᠯᠥᠯᠳᠡ᠂ ᠲᠣᠭᠠᠴᠢᠯᠠᠯᠲᠠ᠂ ᠠᠭᠤᠰᠤᠯᠴᠢᠭᠤᠯᠤᠯᠳᠠ᠂ ᠨᠠᠷᠠᠲᠤ ᠲᠡᠮᠳᠡᠭᠵᠢᠯᠲᠡ ᠶᠢᠨ | ᠬᠥᠭᠵᠢᠯᠲᠡ ᠶᠢᠨ ᠴᠢᠭᠯᠡᠯ ᠳᠤ ᠠᠩᠬᠠᠷᠤᠯ ᠢᠶᠠᠨ ᠲᠥᠪᠯᠡᠷᠡᠭᠦᠯᠵᠦ᠂ ᠠᠵᠤ ᠦᠢᠯᠡᠳᠪᠦᠷᠢᠵᠢᠯᠲᠡ ᠶᠢᠨ ᠰᠡᠳᠬᠢᠮᠵᠢ ᠪᠠᠷ | ᠲᠠᠷᠢᠶᠠᠯᠠᠩ ᠮᠠᠯ ᠠᠵᠤ ᠠᠬᠤᠶ ᠶᠢᠨ ᠬᠥᠭᠵᠢᠯᠲᠡ ᠶᠢ ᠠᠬᠢᠭᠤᠯᠬᠤ ᠬᠡᠷᠡᠭᠳᠡᠢ᠃ ᠲᠥᠬᠦᠭᠡᠷᠦᠮᠵᠢ ᠶᠢ | ᠬᠦᠴᠦᠷᠬᠡᠭᠵᠢᠭᠦᠯᠬᠦ᠂ ᠳᠠᠭᠠᠭᠤᠯᠤᠭᠴᠢ ᠶᠢ ᠪᠤᠶᠢᠵᠢᠭᠤᠯᠬᠤ᠂ ᠰᠢᠨᠵᠢᠯᠡᠬᠦ ᠤᠬᠠᠭᠠᠨ ᠮᠡᠷᠭᠡᠵᠢᠯ ᠢᠶᠠᠷ ᠡᠨᠧᠷᠭᠢ | ᠣᠯᠭᠤᠬᠤ᠂ ᠨᠠᠷᠠᠲᠤ ᠲᠡᠮᠳᠡᠭ ᠢ ᠪᠤᠵᠠᠭᠠᠶᠢᠷᠠᠭᠤᠯᠬᠤ᠂ ᠵᠠᠬ᠎ᠠ ᠳᠡᠯᠭᠡᠭᠦᠷ ᠢ ᠥᠷᠭᠡᠳᠬᠡᠬᠦ ᠶᠢ ᠨᠢᠭᠡ ᠴᠤᠭᠴᠠᠵᠢᠭᠤᠯᠤᠨ | ᠬᠥᠭᠵᠢᠭᠦᠯᠬᠦ ᠶᠢ ᠪᠠᠷᠢᠮᠲᠠᠯᠠᠵᠤ᠂ ᠰᠠᠶᠢᠨ ᠲᠠᠷᠢᠶ᠎ᠠ᠂ ᠰᠠᠶᠢᠨ ᠡᠭᠦᠯᠳᠡᠷ ᠂ ᠰᠠᠶᠢᠨ ᠠᠷᠭ᠎ᠠ ᠬᠢᠳᠡᠯ ᠢ ᠢᠳᠡᠪᠬᠢᠲᠡᠶ | ᠳᠡᠯᠭᠡᠷᠡᠭᠦᠯᠵᠦ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢ ᠦᠷᠭᠦᠯᠵᠢᠯᠡᠨ | ᠠᠬᠢᠭᠤᠯᠵᠤ᠂ ᠲᠦᠬᠦᠭᠡᠷᠦᠮᠵᠢᠲᠦ ᠲᠠᠷᠢᠶᠠᠯᠠᠩ᠂ ᠲᠥᠬᠦᠭᠡᠷᠦᠮᠵᠢᠲᠦ ᠮᠠᠯ ᠠᠵᠤ ᠠᠬᠤᠶ᠂ ᠬᠦᠷᠢᠶ᠎ᠡ ᠬᠠᠰᠢᠶ᠎ᠠ ᠶᠢᠨ | ᠠᠵᠤ ᠠᠬᠤᠶ ᠶᠢ ᠶᠡᠭᠡ ᠪᠠᠷ ᠬᠥᠭᠵᠢᠭᠦᠯᠵᠦ᠂ ᠰᠦ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ᠂ ᠡᠭᠦᠯᠳᠡᠷ | ᠦᠷ᠎ᠡ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ ᠶᠢ ᠭᠦᠨᠵᠡᠭᠡᠶ ᠠᠬᠢᠭᠤᠯᠵᠤ᠂ ᠲᠠᠷᠢᠶᠠᠯᠠᠩ ᠮᠠᠯ ᠠᠵᠤ | ᠠᠬᠤᠶ ᠶᠢᠨ ᠲᠣᠮᠣ ᠬᠤᠰᠢᠭᠤ ᠠᠴᠠ ᠲᠠᠷᠢᠶᠠᠯᠠᠩ ᠮᠠᠯ ᠠᠵᠤ ᠠᠬᠤᠶ ᠶᠢᠨ ᠬᠦᠴᠥᠷᠬᠡᠭ ᠬᠤᠰᠢᠭᠤ ᠳᠡᠰᠢ ᠳᠠᠪᠰᠢᠬᠤ | ᠶᠢ ᠠᠬᠢᠭᠤᠯᠵᠤ᠂ ᠪᠥᠬᠦ ᠬᠤᠰᠢᠭᠤᠨ ᠤ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠪᠠ | ᠣᠳᠣᠬᠢᠴᠢᠯᠠᠯᠲᠠ ᠶᠢᠨ ᠪᠥᠲᠥᠭᠡᠨ ᠪᠠᠶᠢᠭᠤᠯᠤᠯᠲᠠ ᠶᠢ ᠠᠬᠢᠭᠤᠯᠬᠤ ᠳᠤ ᠪᠡᠲᠤ ᠪᠠᠬᠢ ᠰᠠᠭᠤᠷᠢ ᠲᠠᠯᠪᠢᠵᠤ ᠦᠭᠬᠦ | ᠬᠡᠷᠡᠭᠲᠡᠶ ᠭᠡᠵᠡᠢ᠃ | | |