ᠵᠠᠰᠠᠭ ᠤᠨ ᠣᠷᠳᠣᠨ ᠤ ᠠᠵᠢᠯ ᠤᠨ ᠢᠯᠡᠳᠬᠡᠯ ᠤᠨ ᠲᠠᠶᠢᠯᠤᠮᠵᠢ᠄ ( ᠨᠠᠢᠮᠠ︶
ᠨᠡᠶᠢᠲᠡᠯᠡᠭᠰᠡᠨ ᠴᠠᠭ᠄
2025/3/10
         ᠣᠯᠠᠨ ᠲᠦᠮᠡᠨ ᠤ ᠵᠣᠯ ᠵᠢᠷᠭᠠᠯᠲᠤ ᠲᠥᠷᠥᠭᠳᠡᠯ ᠢ ᠨᠡᠮᠡᠭᠳᠡᠭᠦᠯᠦᠨ᠎ᠡ      ︽ᠵᠠᠰᠠᠭ ᠤᠨ ᠣᠷᠳᠣᠨ ᠤ ᠠᠵᠢᠯ ᠤᠨ ᠢᠯᠡᠳᠬᠡᠯ︾ ᠳᠤ᠂ 2025 ᠣᠨ ᠳᠤ᠂ ᠬᠤᠰᠢᠭᠤᠨ ᠨᠠᠮ ᠤᠨ ᠬᠤᠷᠢᠶ᠎ᠠ ᠵᠠᠰᠠᠭ ᠤᠨ ᠣᠷᠳᠣᠨ ᠬᠥᠮᠦᠨ ᠢᠶᠠᠷ ᠦᠨᠳᠦᠰᠦ ᠪᠣᠯᠭᠠᠬᠤ ᠶᠢ ᠪᠠᠷᠢᠮᠲᠠᠯᠠᠵᠤ᠂ ᠠᠷᠠᠳ ᠤᠯᠠᠨ ᠤ ᠬᠦᠰᠡᠯ ᠨᠠᠶᠢᠳᠠᠯᠭ᠎ᠠ ᠳᠤ ᠠᠩᠬᠠᠷᠤᠯ ᠢᠶᠠᠨ ᠲᠦᠪᠯᠡᠷᠡᠭᠦᠯᠦᠨ᠂ ᠠᠷᠠᠳ ᠲᠤ ᠠᠰᠢᠭ ᠬᠦᠷᠲᠡᠭᠡᠬᠦ ᠡᠷᠴᠢᠮ ᠢᠶᠠᠨ ᠴᠢᠩᠭᠠᠳᠬᠠᠵᠤ᠂ ᠬᠥᠭᠵᠢᠯᠲᠡ ᠶᠢ ᠠᠬᠢᠭᠤᠯᠤᠨ᠂ ᠠᠷᠠᠳ ᠣᠯᠠᠨ ᠤ ᠵᠤᠯ ᠵᠢᠷᠭᠠᠯᠲᠤ ᠲᠦᠷᠦᠭᠳᠡᠯ ᠢ ᠨᠡᠮᠡᠭᠳᠡᠭᠦᠯᠬᠦ ᠪᠠᠷ ᠴᠢᠷᠮᠠᠶᠢᠨ᠎ᠠ ᠭᠡᠵᠡᠢ᠃      ᠠᠵᠢᠯ ᠤᠯᠭᠤᠯᠲᠠ ᠶᠢ ᠢᠳᠡᠪᠬᠢᠲᠡᠢ ᠠᠬᠢᠭᠤᠯᠤᠨ᠎ᠠ᠃ ᠠᠵᠢᠯ ᠣᠯᠭᠤᠯᠲᠠ ᠶᠢ ᠲᠡᠷᠢᠭᠦᠨ ᠳᠤ ᠲᠠᠯᠪᠢᠬᠤ ᠪᠠᠶᠢᠯᠳᠤᠬᠤ ᠪᠣᠳᠣᠯᠭ᠎ᠠ ᠶᠢ ᠭᠦᠨᠵᠡᠭᠡᠶ ᠨᠠᠶᠢᠳᠠᠪᠤᠷᠢᠵᠢᠭᠤᠯᠵᠤ᠂ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ᠂ ᠬᠦᠯᠦᠰᠦᠨ ᠠᠵᠢᠯ ᠬᠢᠭᠰᠡᠳ᠂ ᠴᠡᠷᠢᠭ ᠠᠴᠠ ᠬᠠᠯᠠᠭᠳᠠᠭᠰᠠᠳ᠂ ᠠᠵᠢᠯ ᠤᠯᠬᠤ ᠳᠤ ᠬᠦᠴᠢᠷᠲᠡᠶ ᠬᠥᠮᠦᠰ ᠵᠡᠷᠭᠡ ᠭᠤᠤᠯᠳᠠᠯᠭ᠎ᠠ ᠲᠠᠢ ᠬᠥᠮᠦᠰ ᠲᠤ ᠠᠩᠬᠠᠷᠤᠯ ᠢᠶᠠᠨ ᠲᠥᠪᠯᠡᠷᠡᠭᠦᠯᠵᠦ᠂ ᠠᠵᠢᠯ ᠣᠯᠭᠤᠯᠲᠠ ᠶᠢ ᠳᠡᠮᠵᠢᠬᠦ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ᠂ ᠠᠵᠢᠯ ᠣᠯᠭᠤᠯᠲᠠ ᠶᠢᠨ ᠲᠡᠮᠵᠢᠯᠭᠡ᠂ ᠦᠢᠯᠡᠰ ᠴᠤᠭᠴᠠᠯᠠᠯᠲᠠ ᠶᠢᠨ ᠲᠡᠮᠵᠢᠯᠭᠡ ᠪᠤᠯᠤᠨ ᠮᠡᠷᠭᠡᠵᠢᠯ ᠤᠨ ᠪᠣᠯᠪᠠᠰᠤᠷᠠᠭᠤᠯᠤᠯ ᠵᠡᠷᠭᠡ ᠣᠯᠠᠨ ᠨᠡᠶᠢᠲᠡ ᠶᠢᠨ ᠦᠢᠯᠡᠴᠢᠯᠡᠭᠡ ᠶᠢ ᠰᠠᠶᠢᠲᠤᠷ ᠬᠢᠵᠦ ᠂ ᠠᠵᠢᠯ ᠤᠯᠭᠤᠯᠲᠠ  ᠶᠢ ᠪᠦᠬᠦ ᠬᠦᠴᠦᠨ ᠢᠶᠠᠷ ᠢᠶᠠᠨ ᠠᠬᠢᠭᠤᠯᠤᠨ᠎ᠠ᠃       ᠨᠡᠶᠢᠭᠡᠮ ᠤᠨ ᠦᠢᠯᠡᠰ ᠢ ᠶᠡᠬᠡᠪᠡᠷ ᠬᠥᠭᠵᠢᠭᠦᠯᠦᠨ᠎ᠡ᠃ ᠰᠤᠷᠭᠠᠨ ᠬᠥᠮᠦᠵᠢᠯ᠂ ᠡᠮ ᠡᠮᠨᠡᠯᠭᠡ ᠶᠢᠨ ᠶᠠᠰᠤ ᠴᠢᠨᠠᠷ ᠢ ᠳᠡᠭᠡᠭᠰᠢᠯᠡᠭᠦᠯᠵᠦ᠂ ᠰᠤᠷᠭᠠᠨ ᠬᠥᠮᠦᠵᠢᠯ ᠤᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠂ ᠰᠤᠷᠭᠠᠨ ᠬᠥᠮᠦᠵᠢᠯ ᠤᠨ ᠡᠬᠢ ᠪᠠᠶᠠᠯᠢᠭ ᠤᠨ ᠲᠣᠬᠢᠷᠠᠭᠤᠯᠤᠯᠲᠠ ᠪᠠ ᠰᠤᠷᠭᠠᠭᠤᠯᠢ ᠡᠷᠭᠢᠯᠡᠬᠦ ᠨᠥᠬᠦᠴᠡᠯ ᠢ ᠲᠠᠰᠤᠷᠠᠯᠲᠠ ᠥᠬᠡᠶ ᠰᠢᠯᠢᠳᠡᠭᠵᠢᠭᠦᠯᠦᠨ᠂ ᠵᠢᠭᠠᠨ ᠰᠤᠷᠭᠠᠯᠲᠠ ᠶᠢᠨ ᠶᠠᠰᠤ ᠴᠢᠨᠠᠷ ᠢ ᠦᠷᠭᠦᠯᠵᠢᠯᠡᠨ ᠳᠡᠭᠡᠭᠰᠢᠯᠡᠭᠦᠯᠦᠨ᠎ᠡ᠃ ᠡᠮ ᠡᠮᠨᠡᠯᠬᠡ ᠶᠢᠨ ᠦᠭᠡᠷᠡᠴᠢᠯᠡᠯᠳᠡ ᠶᠢ ᠳᠥᠷᠭᠡᠳᠭᠡᠵᠦ᠂ ᠰᠢᠶᠡᠨ ᠤ ᠭᠡᠪᠴᠢᠶᠡᠨ ᠤ ᠡᠮᠴᠢᠯᠡᠭᠡᠨ ᠤ ᠬᠠᠮᠳᠣ ᠶᠢᠨ ᠴᠣᠠᠠᠴᠠ ᠶᠢᠨ ᠪᠠᠶᠢᠭᠤᠯᠥᠯᠳᠡ ᠶᠢ ᠠᠬᠢᠭᠤᠯᠥᠨ᠂ ᠳᠡᠰ ᠬᠤᠪᠢᠶᠡᠨ ᠣᠨᠣᠰᠢᠯᠠᠨ ᠡᠮᠨᠡᠬᠦ ᠳᠥᠷᠢᠮ ᠢ ᠳᠡᠬᠦᠯᠳᠡᠷᠵᠢᠬᠦᠯᠵᠦ᠂ ᠬᠢᠳᠡᠳ ᠮᠣᠩᠭᠤᠯ ᠡᠮᠨᠡᠯᠭᠡ ᠶᠢᠨ ᠤᠯᠠᠮᠵᠢᠯᠠᠯ ᠰᠢᠨᠡᠴᠢᠯᠡᠯ ᠢ ᠠᠬᠢᠭᠤᠯᠥᠨ᠎ᠠ᠃ ᠪᠠᠭᠰᠢ ᠶᠢᠨ ᠮᠣᠷᠠᠯ ᠰᠤᠷᠲᠠᠯ ᠪᠤᠯᠤᠨ ᠡᠮᠴᠢ ᠶᠢᠨ ᠮᠣᠷᠠᠯ ᠰᠤᠷᠲᠠᠯ ᠤᠨ ᠪᠠᠶᠢᠭᠤᠯᠤᠯᠲᠠ ᠶᠢ ᠨᠢᠭᠡᠳᠦᠯᠲᠡᠶ ᠲᠦᠯᠦᠪᠵᠢᠭᠦᠯᠦᠨ ᠴᠢᠩᠭ᠎ᠠ ᠠᠳᠬᠤᠵᠤ᠂ ᠪᠠᠭᠰᠢ ᠡᠮᠴᠢ ᠶᠢᠨ ᠨᠠᠩ ᠣᠯᠠᠨ ᠣᠶᠤᠨ ᠴᠢᠳᠠᠯ ᠢᠶᠠᠨ ᠲᠤᠬᠠᠶᠢᠯᠠᠭᠰᠠᠨ ᠠᠵᠢᠯ ᠢᠶᠠᠨ ᠰᠤᠳᠤᠯᠬᠤ᠂ ᠦᠢᠯᠡᠴᠢᠯᠡᠭᠡ ᠪᠠᠨ ᠰᠢᠯᠢᠳᠡᠭᠵᠢᠭᠦᠯᠬᠦ ᠳᠡᠭᠡᠷ᠎ᠡ ᠲᠠᠯᠪᠢᠬᠤ ᠶᠢ ᠬᠥᠲᠥᠯᠦᠨ ᠵᠢᠯᠤᠭᠤᠳᠤᠨ᠎ᠠ᠃ ᠤᠮᠠᠷᠠᠲᠤ ᠬᠢᠯᠢ ᠶᠢᠨ ᠰᠣᠶᠣᠯ ᠤᠨ ᠪᠠᠶᠢᠭᠤᠯᠤᠯᠲᠠ ᠶᠢ ᠳᠡᠭᠡᠭᠰᠢᠯᠡᠭᠦᠯᠬᠦ ᠠᠵᠢᠯ ᠢ ᠯᠠᠪᠳᠠᠭᠤᠨ ᠪᠠᠲᠤᠲᠠᠶ ᠥᠷᠨᠢᠭᠦᠯᠵᠦ ᠂ ᠲᠡᠤᠬᠡ ᠶᠢᠨ ᠳᠤᠷᠠᠰᠬᠠᠯᠲᠤ ᠵᠦᠢᠯᠡᠰ ᠪᠠ ᠪᠣᠳᠠᠰ ᠤᠨ ᠪᠤᠰᠤ ᠰᠣᠶᠣᠯ ᠤᠨ ᠥᠪ ᠢ ᠬᠠᠮᠠᠭᠠᠯᠠᠵᠤ ᠬᠥᠭᠵᠢᠭᠦᠯᠬᠦ ᠶᠢ ᠴᠢᠩᠭᠠᠳᠬᠠᠨ᠂ ᠤᠯᠠᠭᠠᠨᠮᠥ᠋ᠴᠢᠷ ᠢ ᠦᠨᠳᠦᠰᠦᠨ ᠱᠠᠲᠤᠨ ᠳᠤ ᠪᠠᠭᠤᠯᠭᠠᠬᠤ᠂ ᠰᠢ ᠲᠠᠭᠤᠤᠷᠢᠯᠢᠭ ᠢ ᠬᠥᠳᠡᠭᠡ ᠲᠣᠰᠬᠤᠨ ᠳᠤ ᠤᠷᠤᠭᠤᠯᠬᠤ ᠵᠡᠷᠭᠡ ᠲᠣᠭᠯᠠᠯᠲᠠ ᠶᠢᠨ ᠠᠵᠢᠯᠯᠠᠭ᠎ᠠ ᠶᠢ ᠪᠠᠶᠢᠩᠭᠤᠵᠢᠭᠤᠯᠤᠨ ᠥᠷᠨᠢᠭᠦᠯᠵᠦ᠂ ᠣᠯᠠᠨ ᠲᠦᠮᠡᠨ ᠤ ᠣᠶᠤᠨ ᠤ ᠠᠮᠢᠳᠤᠷᠠᠯ ᠢ ᠪᠠᠶᠠᠯᠢᠭᠵᠢᠭᠤᠯᠤᠨ᠎ᠠ᠃      ᠨᠡᠶᠢᠭᠡᠮ ᠤᠨ ᠪᠠᠲᠤᠯᠠᠭ᠎ᠠ ᠶᠢ ᠪᠦᠬᠦ ᠲᠠᠯ᠎ᠠ ᠪᠠᠷ ᠴᠢᠩᠭᠠᠳᠬᠠᠨ᠎ᠠ᠃ ᠠᠷᠠᠳ ᠲᠦᠮᠡᠨ ᠤ ᠬᠦᠰᠡᠯ ᠨᠠᠶᠢᠳᠠᠯᠭ᠎ᠠ ᠶᠢ ᠰᠤᠨᠤᠰᠴᠤ᠂ ᠪᠡᠯᠡ ᠮᠥᠩᠭᠦ ᠶᠢ ᠨᠢᠭᠡᠳᠦᠯᠲᠡᠢ ᠲᠥᠯᠥᠪᠵᠢᠭᠦᠯᠬᠦ ᠪᠠ ᠪᠡᠯᠡ ᠣᠷᠣᠭᠤᠯᠬᠤ ᠡᠷᠴᠢᠮ ᠢᠶᠠᠨ ᠴᠢᠩᠭᠠᠳᠬᠠᠨ᠂ ᠠᠷᠠᠳ ᠤᠨ ᠠᠮᠢᠳᠤᠷᠠᠯ ᠳᠤ ᠬᠤᠯᠪᠤᠭᠳᠠᠭᠰᠠᠨ ᠪᠣᠳᠠᠲᠤ ᠶᠠᠪᠤᠳᠠᠯ ᠢ ᠰᠡᠳᠬᠢᠯ ᠲᠠᠯᠪᠢᠨ ᠰᠠᠶᠢᠲᠤᠷ ᠬᠢᠬᠦ ᠬᠡᠷᠡᠭᠲᠡᠢ᠃ ᠪᠥᠬᠦ ᠠᠷᠠᠳ ᠢᠶᠠᠷ ᠢᠶᠠᠨ ᠳᠠᠭᠠᠳᠬᠠᠯ ᠳᠤ ᠣᠷᠣᠯᠴᠠᠬᠤ ᠲᠥᠯᠥᠪᠯᠡᠭᠡ ᠶᠢ ᠭᠦᠨᠵᠡᠭᠡᠶ ᠨᠠᠶᠢᠳᠠᠪᠤᠷᠢᠵᠢᠭᠤᠯᠤᠨ᠂ ᠨᠡᠶᠢᠭᠡᠮ ᠤᠨ ᠳᠠᠭᠠᠳᠬᠠᠯ᠂ ᠡᠮᠨᠡᠯᠭᠡ ᠶᠢᠨ ᠳᠠᠭᠠᠳᠬᠠᠯ ᠳᠤ ᠤᠷᠤᠯᠴᠠᠬᠤ ᠶᠢ ᠯᠠᠪᠳᠠᠭᠤᠨ ᠪᠠᠲᠤᠲᠠᠶ ᠠᠬᠢᠭᠤᠯᠵᠤ᠂ ᠨᠡᠶᠢᠭᠡᠮ ᠤᠨ ᠪᠠᠲᠤᠯᠠᠭ᠎ᠠ᠂ ᠡᠮᠨᠡᠯᠭᠡ ᠶᠢᠨ ᠳᠠᠭᠠᠳᠬᠠᠯ ᠤᠨ ᠰᠠᠭᠤᠷᠢ ᠮᠥᠩᠭᠦ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠂ ᠴᠡᠷᠢᠭ ᠠᠴᠠ ᠬᠠᠯᠠᠭᠳᠠᠭᠰᠠᠳ ᠤᠨ ᠦᠢᠯᠡᠴᠢᠯᠡᠭᠡ ᠪᠠᠲᠤᠯᠠᠭ᠎ᠠ ᠶᠢᠨ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠨ᠎ᠡ᠃
 
ᠢᠷᠡᠯᠲᠡ᠄ ᠣᠩᠨᠢᠭᠤᠳ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号