| ᠣᠳᠣᠬᠠᠨ ᠳᠤ᠂ ᠮᠠᠨ ᠤ ᠬᠤᠰᠢᠭᠤᠨ ᠤ ᠡᠯ᠎ᠡ ᠭᠠᠵᠠᠷ ᠤᠷᠤᠨ ᠤ ᠮᠠᠯᠵᠢᠬᠤ ᠡᠷᠥᠬᠡ ᠲᠠᠯᠠᠪᠠᠢ | ᠬᠤᠷᠰᠢᠶᠠᠵᠢᠯ ᠬᠠᠪᠤᠷ ᠤᠨ ᠤᠯᠠᠷᠢᠯ ᠤᠨ ᠲᠦᠯ ᠲᠤᠰᠬᠤ ᠱᠠᠳᠤᠨ ᠳᠤ ᠤᠷᠤᠵᠤ ᠬᠦᠳᠡᠭᠡ ᠲᠤᠰᠬᠤᠨ ᠤ | ᠮᠠᠯᠵᠢᠬᠤ ᠦᠢᠯᠡᠳᠪᠥᠷᠢᠯᠡᠯ ᠶᠠᠭᠠᠷᠠᠯᠳᠠᠢ ᠪᠤᠯᠵᠤ ᠡᠬᠢᠯᠡᠭᠰᠡᠨ ᠪᠠᠶᠢᠨ᠎ᠠ᠃ | ᠬᠠᠪᠤᠷ ᠡᠷᠲᠡ ᠢᠷᠡᠭᠰᠡᠨ ᠴᠤ ᠬᠠᠰᠢᠷ ᠮᠠᠯᠴᠢᠳ ᠪᠡᠯᠡᠳᠬᠡᠯ ᠭᠦᠢᠴᠡᠳ ᠪᠠᠶᠢᠵᠤ᠂ ᠤᠷᠢᠳᠴᠢᠯᠠᠨ ᠡᠪᠡᠰᠦ | ᠪᠣᠷᠳᠤᠭ᠎ᠠ ᠭᠦᠢᠴᠡᠳ ᠨᠥᠭᠡᠴᠡᠯᠡᠵᠦ᠂ ᠰᠢᠨᠵᠢᠯᠡᠬᠦ ᠤᠬᠠᠭᠠᠨᠴᠢ ᠪᠠᠷ ᠲᠡᠵᠢᠭᠡᠨ ᠦᠷᠡᠵᠢᠭᠦᠯᠬᠦ ᠪᠠᠷ ᠳᠠᠮᠵᠢᠭᠤᠯᠤᠨ᠂ | ᠲᠦᠯ ᠮᠠᠯ ᠤᠨ ᠡᠳᠡᠭᠡᠷᠡᠯᠲᠡ ᠶᠢᠨ ᠨᠣᠷᠮ᠎ᠠ ᠶᠢ ᠪᠠᠲᠤᠯᠠᠵᠤ ᠪᠠᠶᠢᠨ᠎ᠠ᠃ | ᠪᠣᠷᠣᠬᠤᠲᠠ ᠪᠠᠯᠭᠠᠰᠤᠨ ᠤ ᠬᠠᠷ᠎ᠠ ᠣᠪᠣᠭ᠎ᠠ ᠭᠠᠴᠠᠭᠠᠨ ᠤ ᠮᠠ ᠳ᠋ᠧ ᠹᠧᠩ ᠤᠨ ᠬᠢᠨ᠂ ᠤᠳᠤᠬᠠᠨ ᠳᠤ | ᠲᠤᠯᠲᠠᠯ᠎ᠠ 100 ᠭᠠᠷᠤᠶ ᠬᠤᠷᠠᠭ᠎ᠠ ᠲᠤᠰᠴᠤ᠂ ᠲᠦᠯ ᠮᠠᠯ ᠤᠨ ᠤᠨᠳᠤᠷᠤᠯᠲᠠ ᠶᠢᠨ ᠨᠤᠷᠮ᠎ᠠ ᠨᠢ 99% ᠳᠤ | ᠬᠦᠷᠥᠭᠰᠡᠨ ᠪᠠᠶᠢᠨ᠎ᠠ᠃ ᠲᠡᠷᠡ ᠶᠠᠷᠢᠬᠤ ᠳᠠᠭᠠᠨ ᠡᠨᠡ ᠪᠦᠬᠦᠨ ᠨᠢ ᠦᠪᠡᠷ ᠤᠨ ᠴᠢᠷᠮᠠᠶᠢᠯᠭ᠎ᠠ ᠠᠴᠠ ᠭᠠᠳᠠᠨ᠎ᠠ | ᠪᠠᠰᠠ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠶᠢᠨ ᠲᠤᠰᠬᠠᠶ ᠮᠡᠷᠭᠡᠵᠢᠯᠲᠡᠨ ᠤ | ᠵᠢᠯᠣᠭᠤᠳᠣᠯᠭ᠎ᠠ ᠠᠴᠠ ᠰᠠᠯᠵᠤ ᠴᠢᠳᠠᠬᠤ ᠦᠭᠡᠢ ᠶᠤᠮ ᠭᠡᠵᠡᠢ᠃ | ᠣᠶᠢᠷ᠎ᠠ ᠶᠢᠨ ᠵᠢᠯ ᠳᠤ᠂ ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠶᠢᠨ ᠰᠠᠯᠠᠭ᠎ᠠ ᠮᠥᠴᠢᠷ ᠮᠠᠯᠴᠢᠨ | ᠲᠠᠷᠢᠶᠠᠴᠢᠨ ᠢ ᠵᠢᠯᠣᠭᠤᠳᠤᠨ ᠪᠠᠷᠢᠮᠵᠢᠶᠠᠵᠢᠭᠰᠠᠨ ᠫᠧᠩ ᠰᠠᠷᠠᠪᠴᠢ ᠪᠠᠶᠢᠭᠤᠯᠵᠤ᠂ ᠡᠪᠡᠰᠦ ᠪᠣᠷᠳᠤᠭ᠎ᠠ ᠭᠦᠢᠴᠡᠳ | ᠨᠦᠭᠡᠴᠢᠯᠡᠨ᠂ ᠰᠢᠨᠵᠢᠯᠡᠬᠦ ᠤᠬᠠᠭᠠᠨᠴᠢ ᠪᠠᠷ ᠲᠡᠵᠢᠭᠡᠨ ᠦᠷᠡᠵᠢᠭᠦᠯᠵᠦ᠂ ᠴᠥᠭᠡᠨ ᠲᠡᠵᠢᠭᠡᠵᠦ ᠨᠠᠷᠢᠯᠢᠭ ᠠᠷᠠᠴᠢᠯᠠᠬᠤ | ᠠᠷᠭ᠎ᠠ ᠠᠪᠴᠠᠯ ᠢ ᠢᠳᠡᠪᠬᠢᠳᠡᠢ ᠨᠠᠶᠢᠳᠠᠪᠤᠷᠢᠵᠢᠭᠤᠯᠤᠭᠰᠠᠨ ᠠᠴᠠ ᠂ ᠤᠳᠤᠬᠠᠨ ᠪᠤᠯᠳᠠᠯ᠎ᠠ ᠪᠦᠬᠦ ᠬᠤᠰᠢᠭᠤ ᠪᠠᠷ | ᠢᠶᠠᠨ 55.7 ᠲᠦᠮᠡᠨ ᠲᠥᠯ ᠮᠠᠯ ᠲᠤᠰᠴᠤ᠂ ᠤᠨᠳᠤᠷᠤᠯᠲᠠ ᠶᠢᠨ ᠨᠤᠷᠮ᠎ᠠ ᠨᠢ 99.7% ᠳᠤ ᠬᠦᠷᠥᠭᠰᠡᠨ | ᠪᠠᠶᠢᠨ᠎ᠠ᠃ |