| | 2 ᠰᠠᠷ᠎ᠠ ᠶᠢᠨ 25 ᠤ ᠡᠳᠦᠷ᠂ ᠤᠰᠤᠨ ᠠᠰᠢᠭᠯᠠᠯᠲᠠ ᠶᠢᠨ ᠶᠠᠮᠤᠨ ᠤ ᠰᠤᠩᠭᠠᠷᠢ ᠯᠢᠶᠣᠤᠾᠧ ᠭᠤᠣᠯ ᠤᠨ | ᠤᠰᠤᠨ ᠠᠰᠢᠭᠯᠠᠯᠲᠠ ᠶᠢᠨ ᠵᠥᠪᠯᠡᠯ ᠤᠨ ᠳᠡᠳ᠋ ᠡᠷᠬᠢᠯᠡᠭᠴᠢ ᠯᠢᠶᠠᠨ ᠮᠣᠣ ᠴᠢᠩ ᠪᠦᠯᠬᠦᠮ ᠳᠠᠭᠠᠭᠤᠯᠤᠨ ᠮᠠᠨ ᠤ | ᠬᠤᠰᠢᠭᠤᠨ ᠳᠤ ᠢᠷᠡᠵᠦ᠂ 2025 ᠣᠨ ᠤ ᠯᠤᠤᠬ᠎ᠠ ᠶᠢᠨ ᠭᠤᠣᠯ ᠤᠨ ᠨᠡᠶᠢᠲᠡᠯᠢᠭ ᠬᠠᠮᠠᠭᠠᠯᠠᠯᠳᠠ ᠶᠢᠨ ᠬᠡᠰᠡᠭ ᠢ | ᠲᠣᠭᠤᠷᠢᠨ ᠪᠠᠶᠢᠴᠠᠭᠠᠪᠠ ᠃ ᠲᠣᠰ ᠤᠳᠠᠭᠠᠨ ᠤ ᠲᠣᠭᠤᠷᠢᠨ ᠪᠠᠶᠢᠴᠠᠭᠠᠯᠲᠠ ᠶᠢᠨ ᠵᠣᠷᠢᠯᠭ᠎ᠠ ᠨᠢ ᠨᠠᠮ ᠤᠨ ᠲᠥᠪ | ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠭᠤᠤᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢᠨ | ᠲᠦᠷᠢᠮ ᠢ ᠴᠢᠩᠭᠠᠳᠬᠠᠬᠤ ᠲᠤᠬᠠᠶ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠭᠦᠨᠵᠡᠭᠡᠶ | ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠰᠠᠪᠠ ᠭᠠᠵᠠᠷ ᠬᠢᠭᠡᠳ ᠣᠷᠣᠨ ᠪᠦᠰᠡ ᠶᠢᠨ ᠬᠤᠭᠤᠷᠣᠨᠳᠣᠬᠢ | ᠵᠣᠬᠢᠴᠠᠭᠤᠯᠭ᠎ᠠ ᠬᠠᠮᠵᠢᠯᠴᠠᠭ᠎ᠠ ᠶᠢ ᠴᠢᠩᠭᠠᠳᠬᠠᠵᠤ᠂ ᠪᠠᠷᠠᠭᠤᠨ ᠯᠢᠶᠣᠤ ᠾᠧ ᠭᠤᠤᠯ ᠤᠨ ᠭᠤᠤᠯ ᠤᠷᠤᠰᠬᠠᠯ ᠤᠨ | ᠪᠥᠬᠦ ᠱᠤᠭᠤᠮ ᠢᠶᠠᠷ ᠰᠠᠭᠠᠳ ᠦᠭᠡᠢ ᠤᠰᠤ ᠦᠩᠭᠡᠷᠡᠬᠦ ᠶᠢ ᠬᠠᠮᠵᠢᠯᠴᠠᠨ ᠠᠬᠢᠭᠤᠯᠬᠤ ᠶᠢᠨ ᠲᠥᠯᠥᠭᠡ ᠶᠤᠮ᠃ | ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠤᠨ ᠳᠠᠷᠤᠭ᠎ᠠ ᠱᠧᠩ ᠰᠢᠶᠣᠣ ᠶᠢᠦ᠂ | ᠤᠯᠠᠭᠠᠨᠬᠠᠳᠠ ᠬᠤᠲᠠ ᠶᠢᠨ ᠳᠡᠳ᠋ ᠬᠤᠲᠠ ᠶᠢᠨ ᠳᠠᠷᠤᠭ᠎ᠠ ᠹᠦ᠋ ᠱᠸᠤ ᠯᠢ᠂ ᠬᠤᠲᠠ ᠶᠢᠨ ᠤᠰᠤᠨ ᠠᠰᠢᠭᠯᠠᠯᠲᠠ ᠶᠢᠨ | ᠲᠣᠪᠴᠢᠶ᠎ᠠ ᠶᠢᠨ ᠳᠠᠷᠤᠭ᠎ᠠ ᠯᠢ ᠢᠦᠶ ᠱᠢ᠂ ᠬᠤᠰᠢᠭᠤᠨ ᠳᠡᠳ᠋ ᠬᠤᠰᠢᠭᠤᠨ ᠳᠠᠷᠤᠭ᠎ᠠ ᠴᠠᠭᠠᠨᠪᠠᠭᠠᠲᠤᠷ ᠨᠠᠷ | ᠲᠣᠭᠤᠷᠢᠨ ᠪᠠᠶᠢᠴᠠᠭᠠᠬᠤ ᠳᠤᠭᠤᠶᠢᠯᠠᠩ ᠲᠠᠢ ᠬᠠᠮᠲᠤ ᠪᠠᠷ ᠲᠤᠭᠤᠷᠢᠨ ᠪᠠᠶᠢᠴᠠᠭᠠᠪᠠ᠃ | ᠲᠣᠭᠤᠷᠢᠨ ᠪᠠᠶᠢᠴᠠᠭᠠᠬᠤ ᠳᠤᠭᠤᠶᠢᠯᠠᠩ ᠤᠨ ᠬᠢᠨ ᠬᠤᠩᠱᠠᠨ ᠴᠥᠭᠦᠷᠥᠮ ᠤᠨ ᠤᠳᠠᠨᠳᠤᠬᠤᠢ ᠪᠠᠯᠭᠠᠰᠤ | ᠪᠣᠯᠤᠨ ᠪᠠᠶᠠᠨᠳᠤᠬᠤᠢ ᠰᠤᠮᠤ ᠶᠢᠨ ᠭᠤᠣᠯ ᠤᠨ ᠬᠡᠰᠡᠭ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠵᠦ᠂ | ᠬᠤᠩᠱᠠᠨ ᠴᠥᠭᠦᠷᠥᠮ ᠤᠨ ᠳᠤᠤᠷᠠᠳᠤ ᠤᠷᠤᠰᠬᠠᠯ ᠤᠨ ᠠᠮᠢ ᠠᠬᠤᠢ ᠶᠢᠨ ᠤᠷᠤᠰᠬᠠᠯ ᠢ ᠨᠥᠯᠥᠭᠡᠯᠡᠵᠦ ᠪᠠᠶᠢᠭ᠎ᠠ ᠂ | ᠭᠤᠣᠯ ᠤᠨ ᠵᠠᠮ ᠤᠨ ᠬᠠᠮᠢᠶᠠᠷᠤᠯᠲᠠ ᠶᠢᠨ ᠬᠡᠪᠴᠢᠶᠡᠨ ᠳᠠᠬᠢ ᠬᠠᠶᠢᠷ ᠮᠠᠯᠲᠠᠬᠤ ᠨᠦᠬᠡ᠂ ᠲᠠᠷᠢᠶᠠᠨ ᠭᠠᠵᠠᠷ᠂ | ᠬᠠᠰᠢᠯᠭ᠎ᠠ ᠳᠠᠯᠠᠩ᠂ ᠬᠡᠰᠡᠭ ᠤᠢ ᠵᠡᠷᠭᠡ ᠶᠢ ᠪᠠᠭᠲᠠᠭᠠᠭᠰᠠᠨ ᠪᠦᠭᠯᠡᠷᠡᠯ ᠲᠠᠭᠯᠠᠷᠠᠯ ᠤᠨ ᠠᠰᠠᠭᠤᠳᠠᠯ ᠢ | ᠭᠤᠣᠯᠳᠠᠯᠭ᠎ᠠ ᠲᠠᠢ ᠲᠣᠭᠤᠷᠢᠨ ᠪᠠᠶᠢᠴᠠᠭᠠᠵᠤ ᠂ ᠯᠤᠤᠬ᠎ᠠ ᠶᠢᠨ ᠭᠤᠣᠯ ᠤᠨ ᠬᠤᠩᠱᠠᠨ ᠴᠥᠭᠦᠷᠥᠮ ᠤᠨ ᠳᠤᠤᠷᠠᠳᠤ | ᠤᠷᠤᠰᠬᠠᠯ ᠤᠨ ᠭᠤᠣᠯ ᠤᠨ ᠬᠠᠭᠠᠯᠳᠠ ᠬᠠᠰᠢᠯᠭ᠎ᠠ ᠶᠢᠨ ᠪᠠᠶᠢᠳᠠᠯ ᠢ ᠨᠠᠷᠢᠨ ᠣᠶᠢᠯᠠᠭᠠᠪᠠ᠃ | ᠲᠣᠭᠤᠷᠢᠨ ᠪᠠᠶᠢᠴᠠᠭᠠᠬᠤ ᠳᠤᠭᠤᠶᠢᠯᠠᠩ ᠠᠴᠠ ᠴᠢᠬᠤᠯᠠᠴᠢᠯᠠᠭᠰᠠᠨ ᠨᠢ᠂ ᠬᠠᠷᠢᠭᠤᠴᠠᠯᠭᠠᠲᠤ ᠰᠡᠳᠬᠢᠯᠭᠡ ᠪᠣᠯᠤᠨ | ᠲᠤᠯᠭᠠᠮ᠎ᠠ ᠰᠡᠳᠬᠢᠯᠭᠡ ᠪᠠᠨ ᠦᠨᠡᠨ ᠬᠦ ᠴᠢᠩᠭᠠᠳᠬᠠᠵᠤ ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ | ᠪᠠᠷᠢᠮᠲᠠᠯᠠᠨ᠂ ᠲᠣᠭᠤᠷᠢᠨ ᠪᠠᠶᠢᠴᠠᠭᠠᠯᠲᠠ ᠳᠤ ᠢᠯᠡᠷᠡᠭᠦᠯᠦᠭᠰᠡᠨ ᠠᠰᠠᠭᠤᠳᠠᠯ ᠳᠤ ᠴᠢᠭᠯᠡᠭᠦᠯᠦᠨ᠂ ᠦᠨᠡᠨ ᠬᠦ | ᠬᠡᠷᠡᠭᠵᠢᠭᠦᠯᠵᠦ ᠪᠣᠯᠬᠤᠶᠢᠴᠠ ᠴᠡᠭᠴᠡᠯᠡᠨ ᠰᠠᠶᠢᠵᠢᠷᠠᠭᠤᠯᠬᠤ ᠲᠥᠰᠦᠯ ᠢ ᠳᠤᠭᠳᠠᠭᠠᠨ ᠬᠡᠷᠡᠭᠵᠢᠭᠦᠯᠵᠥ᠂ | ᠠᠰᠠᠭᠤᠳᠠᠯ ᠢ ᠪᠣᠳᠠᠲᠠᠢ ᠴᠡᠭᠴᠡᠯᠡᠨ ᠰᠠᠶᠢᠵᠢᠷᠠᠭᠤᠯᠬᠤ ᠶᠢ ᠪᠠᠲᠤᠯᠠᠬᠤ ᠬᠡᠷᠡᠭᠲᠡᠢ᠃ ᠵᠣᠬᠢᠴᠠᠭᠤᠯᠭ᠎ᠠ | ᠬᠠᠮᠵᠢᠯᠴᠠᠭ᠎ᠠ ᠪᠠᠨ ᠴᠢᠩᠭᠠᠳᠬᠠᠵᠤ᠂ ᠠᠵᠢᠯ ᠤᠨ ᠬᠠᠮᠲᠤᠷᠠᠯ ᠬᠦᠴᠦᠨ ᠢ ᠪᠦᠷᠢᠯᠳᠦᠭᠦᠯᠵᠦ᠂ ᠪᠠᠷᠠᠭᠤᠨ ᠯᠢᠶᠣᠤᠾᠧ | ᠭᠤᠣᠯ ᠤᠨ ᠭᠤᠣᠯ ᠤᠷᠤᠰᠬᠠᠯ ᠤᠨ ᠪᠦᠬᠦ ᠱᠤᠭᠤᠮ ᠤᠨ ᠰᠠᠭᠠᠳ ᠦᠭᠡᠢ ᠤᠷᠤᠰᠬᠠᠯ ᠤᠨ ᠬᠠᠷᠠᠯᠲᠠ ᠶᠢ ᠡᠷᠲᠡᠬᠡᠨ | ᠪᠡᠶᠡᠯᠡᠭᠦᠯᠬᠦ ᠶᠢ ᠬᠠᠮᠲᠤ ᠪᠠᠷ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃ | ᠬᠤᠲᠠ ᠬᠤᠰᠢᠭᠤ ᠶᠢᠨ ᠬᠠᠮᠢᠶ᠎ᠠ ᠪᠦᠬᠦᠢ ᠬᠠᠷᠢᠭᠤᠴᠠᠯᠭᠠᠲᠠᠨ ᠠᠴᠠ ᠂ ᠨᠠᠶᠢᠳᠠᠪᠤᠷᠢᠵᠢᠭᠤᠯᠤᠯᠲᠠ ᠶᠢ ᠴᠢᠩᠭ᠎ᠠ | ᠠᠳᠬᠤᠵᠤ᠂ ᠪᠠᠷᠠᠭᠤᠨ ᠯᠢᠶᠣᠤᠾᠧ ᠭᠤᠤᠯ ᠤᠨ ᠭᠤᠤᠯ ᠤᠷᠤᠰᠬᠠᠯ ᠤᠨ ᠪᠥᠬᠦ ᠱᠤᠭᠤᠮ ᠢᠶᠠᠷ ᠰᠠᠭᠠᠳ ᠦᠭᠡᠢ | ᠥᠩᠭᠡᠷᠡᠬᠦ ᠡᠯ᠎ᠡ ᠵᠦᠢᠯ ᠤᠨ ᠠᠵᠢᠯ ᠢ ᠪᠥᠬᠦ ᠬᠦᠴᠦᠨ ᠢᠶᠠᠷ ᠢᠶᠠᠨ ᠠᠬᠢᠭᠤᠯᠵᠤ᠂ ᠮᠠᠨ ᠤ ᠤᠯᠤᠰ ᠤᠨ ᠤᠮᠠᠷᠠᠲᠤ ᠶᠢᠨ | ᠴᠢᠬᠤᠯᠠ ᠠᠮᠢ ᠠᠬᠤᠶ ᠶᠢᠨ ᠠᠮᠤᠷ ᠲᠦᠪᠰᠢᠨ ᠤ ᠬᠠᠯᠬᠠᠪᠴᠢ ᠶᠢ ᠪᠠᠬᠢᠵᠢᠭᠦᠯᠬᠦ ᠳᠤ ᠨᠠᠩ ᠶᠡᠭᠡ ᠰᠢᠨ᠎ᠡ ᠬᠤᠪᠢ | ᠨᠡᠮᠡᠷᠢ ᠦᠵᠡᠭᠦᠯᠦᠨ᠎ᠡ ᠭᠡᠵᠥ ᠢᠯᠡᠳᠬᠡᠭᠰᠡᠨ ᠪᠠᠶᠢᠨ᠎ᠠ᠃ | | |