ᠬᠤᠰᠢᠭᠤᠨ ᠵᠠᠰᠠᠭ ᠤᠨ ᠣᠷᠳᠣᠨ ᠯᠣᠤᠬ᠎ᠠ ᠶᠢᠨ ᠭᠤᠣᠯ ᠰᠢᠷᠠᠮᠥ᠋ᠷᠡᠨ ᠭᠤᠣᠯ ᠴᠦᠨᠳᠦᠪ ᠤᠨ ᠭᠤᠣᠯ ᠤᠨ ᠬᠡᠪᠡᠯᠢ ᠳᠤ ᠲᠠᠷᠢᠶ᠎ᠠ ᠲᠠᠷᠢᠬᠤ ᠶᠢ ᠴᠠᠭᠠᠵᠠᠯᠠᠬᠤ ᠲᠤᠬᠠᠢ ᠠᠯᠪᠠᠨ ᠵᠠᠷᠯᠠᠯ ᠨᠡᠶᠢᠲᠡᠯᠡᠪᠡ
ᠨᠡᠶᠢᠲᠡᠯᠡᠭᠰᠡᠨ ᠴᠠᠭ᠄
2025/3/10
      ᠣᠶᠢᠷ᠎ᠠ ᠳᠤ᠂ ᠬᠤᠰᠢᠭᠤᠨ ᠵᠠᠰᠠᠭ ᠤᠨ ᠣᠷᠳᠣᠨ ᠯᠤᠤᠬ᠎ᠠ ᠶᠢᠨ ᠭᠤᠣᠯ᠂ ᠰᠢᠷᠠᠮᠦ᠋ᠷᠡᠨ ᠭᠤᠣᠯ᠂ ᠴᠦᠨᠳᠦᠪ ᠤᠨ ᠭᠤᠣᠯ ᠤᠨ ᠬᠡᠪᠡᠯᠢ ᠳᠤ ᠲᠠᠷᠢᠶ᠎ᠠ ᠳᠠᠷᠢᠬᠤ ᠶᠢ ᠴᠠᠭᠠᠵᠠᠯᠠᠬᠤ ᠬᠠᠮᠢᠶᠠᠷᠤᠯᠲᠠ ᠶᠢ ᠴᠢᠩᠭ᠎ᠠ ᠨᠠᠶᠢᠳᠠᠪᠤᠷᠢᠵᠢᠭᠤᠯᠬᠤ ᠲᠤᠬᠠᠢ ᠠᠯᠪᠠᠨ ᠵᠠᠷ ᠨᠡᠶᠢᠲᠡᠯᠡᠪᠡ᠃      ᠠᠯᠪᠠᠨ ᠵᠠᠷᠯᠠᠯ ᠳᠤ᠂ ᠳᠡᠭᠡᠳᠦ ᠱᠠᠲᠤᠨ ᠤ ᠭᠤᠤᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢᠨ ᠲᠦᠷᠢᠮ ᠢ ᠭᠦᠨᠵᠡᠭᠡᠶ ᠲᠤᠭᠤᠰᠢᠯᠠᠭᠤᠯᠵᠤ᠂ ᠯᠤᠤᠬ᠎ᠠ ᠶᠢᠨ ᠭᠤᠤᠯ᠂ ᠰᠢᠷᠠᠮᠥ᠋ᠷᠡᠨ ᠭᠤᠤᠯ᠂ ᠴᠦᠨᠲᠦᠪ ᠤᠨ ᠭᠤᠤᠯ ᠤᠨ ᠭᠤᠤᠯ ᠤᠨ ᠬᠡᠪᠡᠯᠢ ᠶᠢᠨ ᠬᠠᠮᠢᠶᠠᠷᠤᠯᠲᠠ ᠶᠢ ᠦᠨᠡᠨ ᠬᠦ ᠴᠢᠩᠭᠠᠳᠬᠠᠨ᠂ ᠭᠤᠤᠯ ᠮᠥᠷᠡᠨ ᠨᠠᠭᠤᠷ ᠴᠥᠭᠦᠷᠥᠮ ᠤᠨ ︽ᠳᠥᠷᠪᠡᠨ ᠡᠮᠬᠢ ᠵᠠᠮᠪᠠᠷᠠᠭ᠎ᠠ ᠦᠭᠡᠢ ᠶᠢ ᠠᠷᠢᠯᠭᠠᠬᠤ︾ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠵᠦ᠂ ᠭᠤᠤᠯ ᠤᠨ ᠬᠡᠪᠡᠯᠢ ᠶᠢᠨ ᠦᠶᠡᠷ ᠤᠨ ᠤᠰᠤᠨ ᠤ ᠰᠠᠭᠠᠳ ᠥᠬᠡᠶ ᠨᠡᠪᠲᠡᠷᠡᠬᠦ ᠪᠠ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠪᠠᠲᠤᠯᠠᠵᠤ᠂ ᠪᠥᠬᠦ ᠬᠤᠰᠢᠭᠤᠨ ᠤ ᠭᠤᠤᠯ ᠮᠥᠷᠡᠨ᠂ ᠨᠠᠭᠤᠷ ᠴᠥᠭᠦᠷᠥᠮ ᠤᠨ ᠠᠮᠢ ᠠᠬᠤᠶ ᠶᠢᠨ ᠣᠷᠴᠢᠨ ᠲᠣᠭᠤᠷᠢᠨ ᠢ ᠪᠦᠲᠦᠮᠵᠢᠲᠡᠶ ᠬᠠᠮᠠᠭᠠᠯᠠᠨ᠂ ︽ᠨᠢᠭᠡ ᠱᠤᠭᠤᠮ ᠬᠤᠶᠠᠷ ᠲᠣᠭᠤᠷᠢᠭ︾ ᠤᠨ ᠣᠷᠣᠨ ᠬᠤᠪᠢᠶᠠᠨ ᠬᠠᠮᠢᠶᠠᠷᠤᠨ ᠡᠵᠡᠮᠳᠡᠬᠦ ᠶᠢ ᠪᠦᠬᠦ ᠲᠠᠯ᠎ᠠ ᠪᠠᠷ ᠬᠡᠷᠡᠭᠵᠢᠭᠦᠯᠵᠦ᠂ ᠲᠠᠷᠢᠶ᠎ᠠ ᠲᠠᠷᠢᠬᠤ ᠶᠢ ᠴᠠᠭᠠᠵᠠᠯᠠᠬᠤ ᠬᠠᠮᠢᠶᠠᠷᠤᠯᠲᠠ ᠶᠢ ᠴᠢᠩᠭ᠎ᠠ ᠨᠠᠶᠢᠳᠠᠪᠤᠷᠢᠵᠢᠭᠤᠯᠬᠤ ᠬᠡᠷᠡᠭᠲᠡᠢ ᠭᠡᠵᠡᠢ᠃      ᠲᠠᠷᠢᠶ᠎ᠠ ᠲᠠᠷᠢᠬᠤ ᠶᠢ ᠴᠠᠭᠠᠵᠠᠯᠠᠬᠤ ᠬᠠᠮᠢᠶᠠᠷᠤᠯᠲᠠ ᠶᠢᠨ ᠬᠡᠪᠴᠢᠶᠡᠨ ᠳᠤ ᠯᠤᠤᠬ᠎ᠠ ᠶᠢᠨ ᠭᠤᠣᠯ᠂ ᠰᠢᠷᠠᠮᠦ᠋ᠷᠡᠨ ᠭᠤᠣᠯ ᠤᠨ ᠣᠩᠨᠢᠭᠤᠳ ᠬᠤᠰᠢᠭᠤᠨ ᠤ ᠬᠡᠰᠡᠭ ᠪᠤᠯᠤᠨ ᠴᠦᠨᠳᠦᠪ ᠤᠨ ᠭᠤᠤᠯ ᠤᠨ ᠵᠠᠭᠠᠭᠯᠠᠨ ᠲᠣᠭᠲᠠᠭᠠᠭᠰᠠᠨ ᠲᠠᠷᠢᠶ᠎ᠠ ᠳᠠᠷᠢᠬᠤ ᠶᠢ ᠴᠠᠭᠠᠵᠠᠯᠠᠬᠤ ᠭᠤᠤᠯ ᠤᠨ ᠬᠡᠪᠡᠯᠢ ᠪᠠᠭᠲᠠᠨ᠎ᠠ᠃᠃ ᠭᠤᠤᠯ ᠤᠨ ᠬᠡᠪᠡᠯᠢ ᠳᠤ ᠲᠣᠭᠲᠠᠭᠠᠯ ᠠᠴᠠ ᠵᠥᠷᠢᠴᠡᠨ ᠲᠠᠷᠢᠶ᠎ᠠ ᠳᠠᠷᠢᠬᠤ ᠶᠢ ᠴᠢᠩᠭ᠎ᠠ ᠬᠠᠮᠢᠶᠠᠷᠤᠨ ᠡᠵᠡᠮᠳᠡᠵᠦ᠂ ᠣᠲᠣ ᠶᠢᠨ ᠪᠠᠶᠢᠭ᠎ᠠ ᠲᠠᠷᠢᠶᠠᠨ ᠭᠠᠵᠠᠷ ᠢ ᠠᠯᠬᠤᠮ ᠠᠯᠬᠤᠮ ᠢᠶᠠᠷ ᠤᠬᠤᠷᠢᠭᠤᠯᠤᠨ ᠭᠠᠷᠭᠠᠵᠤ᠂ ᠦᠶᠡᠷ ᠵᠠᠯᠠᠬᠤ ᠶᠢ ᠬᠠᠷᠰᠢᠯᠠᠵᠤ ᠪᠠᠶᠢᠭ᠎ᠠ ᠣᠶ ᠮᠣᠳᠣ᠂ ᠬᠡᠷᠡᠮ ᠬᠠᠰᠢᠯᠭ᠎ᠠ ᠵᠡᠷᠭᠡ ᠶᠢ ᠴᠠᠭ ᠲᠤᠬᠠᠶ ᠳᠤᠨᠢ ᠴᠡᠪᠡᠷᠯᠡᠨ᠂ ᠭᠤᠤᠯ ᠤᠨ ᠤᠷᠤᠰᠬᠠᠯ ᠢ ᠬᠤᠷᠢᠭᠯᠠᠵᠤ ᠪᠠᠶᠢᠭ᠎ᠠ ᠵᠠᠮ ᠪᠤᠯᠤᠨ ᠬᠥᠭᠦᠷᠭᠡ ᠶᠢ ᠦᠳᠲᠡᠷ ᠲᠦᠷᠭᠡᠨ ᠦᠭᠡᠷᠡᠴᠢᠯᠡᠨ ᠵᠠᠰᠠᠵᠤ᠂ ᠭᠤᠤᠯ ᠤᠨ ᠤᠰᠤ ᠰᠠᠭᠠᠳ ᠥᠬᠡᠶ ᠨᠡᠪᠲᠡᠷᠡᠬᠦ ᠶᠢ ᠦᠨᠡᠨ ᠬᠦ ᠪᠠᠲᠤᠯᠠᠬᠤ ᠬᠡᠷᠡᠭᠲᠡᠢ᠃ ᠤᠰᠤᠨ ᠴᠥᠭᠦᠷᠥᠮ ᠤᠨ ᠤᠰᠤ ᠤᠷᠤᠭᠤᠯᠵᠤ ᠤᠰᠤ ᠵᠠᠯᠠᠬᠤ ᠵᠠᠮ ᠢ ᠴᠦ ᠭᠤᠤᠯ ᠤᠨ ᠬᠡᠪᠡᠯᠢ ᠶᠢᠨ ᠬᠠᠮᠢᠶᠠᠷᠤᠯᠲᠠ ᠶᠢᠨ ᠲᠦᠷᠢᠮ ᠢᠶᠠᠷ ᠬᠠᠮᠢᠶᠠᠷᠤᠨ ᠡᠵᠡᠮᠳᠡᠬᠦ ᠬᠡᠷᠡᠭᠲᠡᠢ ᠭᠡᠵᠡᠢ᠃
 
ᠢᠷᠡᠯᠲᠡ᠄ ᠣᠩᠨᠢᠭᠤᠳ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号