ᠮᠠᠨ ᠤ ᠬᠤᠰᠢᠭᠤ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ︽ᠵᠢᠷᠭᠤᠭᠠᠨ ᠠᠵᠢᠯᠯᠠᠭ᠎ᠠ ︾ ᠪᠠ ᠬᠤᠲᠠ ᠶᠢᠨ ᠨᠠᠮ ᠤᠨ ᠬᠤᠷᠢᠶ᠎ᠠ ᠶᠢᠨ ︽ᠠᠷᠪᠠᠨ ᠶᠡᠭᠡ ᠠᠵᠢᠯᠯᠠᠭ᠎ᠠ︾ ᠵᠢᠴᠢ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2025/3/10
       2 ᠰᠠᠷ᠎ᠠ ᠶᠢᠨ 26 ᠤ ᠡᠳᠦᠷ᠂  ᠮᠠᠨ ᠤ ᠬᠤᠰᠢᠭᠤ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ︽ᠵᠢᠷᠭᠤᠭᠠᠨ ᠠᠵᠢᠯᠯᠠᠭ᠎ᠠ︾ ᠪᠠ ᠬᠤᠲᠠ ᠶᠢᠨ ᠨᠠᠮ ᠤᠨ ᠬᠤᠷᠢᠶ᠎ᠠ ᠶᠢᠨ ︽ᠠᠷᠪᠠᠨ ᠶᠡᠭᠡ ᠠᠵᠢᠯᠯᠠᠭ᠎ᠠ ︾ ᠵᠢᠴᠢ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠬᠤᠷᠠᠯ  ᠬᠤᠷᠠᠯᠳᠤᠪᠠ᠃ ᠬᠤᠰᠢᠭᠤᠨ ᠤ ᠨᠠᠮ ᠤᠨ ᠬᠤᠷᠢᠶᠠᠨ ᠤ ᠱᠦᠵᠢ ᠮᠥᠩᠬᠡ ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠮᠠ ᠶᠦᠩ ᠭᠠᠩ ᠬᠤᠷᠠᠯ ᠢ ᠡᠷᠭᠢᠯᠡᠪᠡ᠃      ᠬᠤᠷᠠᠯ ᠠᠴᠠ ᠵᠢᠭᠠᠵᠤ ᠭᠠᠷᠭᠠᠭᠰᠠᠨ ᠨᠢ᠂ ᠪᠥᠬᠦ ᠬᠤᠰᠢᠭᠤᠨ ᠤ ᠳᠡᠭᠡᠳᠦ ᠳᠣᠤᠷᠠᠳᠤ ᠱᠠᠲᠤᠨ ᠤ ᠬᠢᠨ ᠤᠯᠤᠰ ᠲᠥᠷᠥ ᠶᠢᠨ ᠵᠣᠭᠰᠣᠴᠠ ᠪᠠᠨ ᠤᠯᠠᠮ ᠨᠢᠭᠡ ᠠᠯᠬᠤᠮ  ᠳᠡᠭᠡᠭᠰᠢᠯᠡᠭᠦᠯᠥᠨ᠂ ︽ ᠡᠬᠢᠯᠡᠮᠡᠭᠴᠡ  ᠱᠠᠯᠠᠮᠠᠭᠠᠶᠢᠯᠠᠨ ᠪᠠᠶᠢᠯᠳᠤᠵᠤ᠂  ᠡᠬᠢᠯᠡᠮᠡᠭᠴᠡ ᠰᠢᠪᠲᠤᠯᠤᠯᠲᠠ ᠬᠢᠬᠦ︾ ᠣᠪᠣᠷ ᠢᠶᠠᠷ  ᠂ ᠠᠵᠢᠯᠯᠠᠭ᠎ᠠ ᠨᠢᠭᠡᠪᠦᠷᠢ ᠶᠢ ᠪᠡᠶᠡᠯᠡᠭᠦᠯᠬᠦ ᠠᠷᠭ᠎ᠠ ᠵᠠᠮ  ᠢᠶᠠᠨ ᠨᠠᠷᠢᠯᠢᠬᠵᠢᠭᠤᠯᠤᠨ ᠲᠡᠭᠦᠯᠳᠡᠷᠵᠢᠭᠦᠯᠵᠦ᠂ ᠦᠵᠡᠯ ᠰᠠᠨᠠᠭ᠎ᠠ ᠪᠠᠨ ᠤᠯᠠᠮ ᠨᠢᠭᠡ ᠠᠯᠬᠤᠮ ᠴᠢᠯᠥᠭᠡᠯᠡᠨ᠂ ᠠᠵᠢᠯ ᠢᠶᠠᠨ ᠭᠦᠨᠵᠡᠭᠡᠶ ᠰᠤᠳᠤᠯᠵᠤ᠂ ᠵᠣᠷᠢᠭᠲᠠᠶ ᠪᠠᠷ ᠬᠦᠴᠢᠷ ᠢ ᠰᠥᠷᠦᠨ ᠤᠷᠤᠭᠰᠢᠯᠠᠵᠤ᠂ ᠡᠯ᠎ᠡ ᠵᠦᠢᠯ ᠤᠨ ᠠᠵᠢᠯ ᠤᠨ  ᠡᠮᠦᠨ᠎ᠡ ᠡᠩᠨᠡᠭᠡᠨ ᠳᠤ  ᠬᠤᠰᠢᠭᠤᠷᠠᠬᠤ ᠶᠢ ᠠᠬᠢᠭᠤᠯᠬᠤ ᠬᠡᠷᠡᠭᠲᠡᠶ  ᠭᠡᠪᠡ᠃      ᠬᠤᠷᠠᠯ ᠠᠴᠠ ᠵᠢᠭᠠᠵᠤ ᠭᠠᠷᠭᠠᠭᠰᠠᠨ ᠨᠢ᠂ ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠤᠨ ᠪᠠᠶᠢᠭᠤᠯᠤᠯᠲᠠ ᠶᠢ ᠶᠡᠬᠡᠪᠡᠷ ᠠᠬᠢᠭᠤᠯᠵᠤ᠂ ᠭᠤᠣᠯᠳᠠᠯᠭ᠎ᠠ ᠲᠠᠢ ᠲᠦᠷᠦᠯ ᠵᠦᠢᠯ ᠢ ᠲᠦᠷᠭᠡᠨ  ᠠᠬᠢᠭᠤᠯᠤᠨ᠂ ᠵᠠᠩᠭᠢᠯᠠᠭ᠎ᠠ ᠶᠢᠨ ᠴᠡᠭ ᠲᠤ ᠪᠠᠷᠢᠯᠭ᠎ᠠ ᠶᠢᠨ ᠬᠤᠭᠤᠴᠠᠭ᠎ᠠ ᠶᠢ ᠠᠬᠢᠭᠤᠯᠬᠤ ᠶᠢ ᠪᠠᠷᠢᠮᠲᠠᠯᠠᠵᠤ᠂ ᠭᠠᠵᠠᠷ ᠰᠢᠷᠣᠢ᠂ ᠪᠡᠯᠡ ᠮᠥᠩᠭᠦ ᠵᠡᠷᠭᠡ ᠡᠯᠧᠮᠧᠨ᠋ᠲ ᠤᠨ ᠪᠠᠲᠤᠯᠠᠭ᠎ᠠ ᠶᠢ ᠴᠢᠩᠭᠠᠳᠬᠠᠵᠤ᠂ ᠨᠢᠭᠡᠳᠦᠭᠡᠷ ᠤᠯᠠᠷᠢᠯ ᠳᠤ ︽ᠰᠠᠶᠢᠨ ᠡᠬᠢᠯᠡᠯᠲᠡ︾ ᠶᠢ ᠪᠡᠶᠡᠯᠡᠭᠦᠯᠬᠦ ᠬᠡᠷᠡᠭᠲᠡᠢ᠃ ᠠᠵᠤ ᠦᠢᠯᠡᠳᠪᠦᠷᠢ ᠶᠢ ᠶᠡᠬᠡᠪᠡᠷ ᠠᠳᠬᠤᠬᠤ ᠶᠢ ᠭᠤᠶᠢᠪᠢᠰᠢ ᠦᠭᠡᠢ ᠪᠠᠷᠢᠮᠲᠠᠯᠠᠵᠤ᠂ ︽ᠣᠩᠨᠢᠭᠤᠳ ᠬᠤᠰᠢᠭᠤᠨ ᠤ ᠠᠵᠤ ᠦᠢᠯᠡᠳᠪᠦᠷᠢ︾ ᠶᠢᠨ ᠬᠠᠷᠠᠯᠲᠠ ᠶᠢ ᠲᠠᠬᠢᠨ ᠪᠠᠶᠢᠭᠤᠯᠵᠤ᠂ ᠰᠢᠨ᠎ᠡ ᠡᠨᠧᠷᠭᠢ ᠶᠢᠨ ᠠᠵᠤ ᠦᠢᠯᠡᠰ᠂ ᠠᠭᠤᠷᠬᠠᠢ ᠶᠢᠨ ᠦᠢᠯᠡᠰ ᠤᠨ ᠠᠵᠤ ᠠᠬᠤᠢ᠂ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠵᠡᠷᠭᠡ ᠭᠤᠷᠪᠠᠨ ᠭᠤᠣᠯ ᠰᠢᠪᠲᠤᠯᠤᠯᠲᠠ ᠶᠢᠨ ᠴᠢᠭᠯᠡᠯ ᠢ ᠴᠢᠩᠭ᠎ᠠ ᠠᠩᠬᠠᠷᠴᠤ᠂ ᠠᠵᠤ ᠦᠢᠯᠡᠳᠪᠦᠷᠢ ᠶᠢ ᠲᠥᠪᠯᠡᠷᠡᠭᠦᠯᠦᠨ ᠬᠥᠭᠵᠢᠭᠦᠯᠬᠦ᠂ ᠲᠦᠷᠭᠡᠨ ᠨᠡᠮᠡᠭᠳᠡᠭᠦᠯᠬᠦ ᠶᠢ ᠶᠡᠬᠡᠪᠡᠷ ᠠᠬᠢᠭᠤᠯᠬᠤ ᠬᠡᠷᠡᠭᠲᠡᠢ᠃   ᠮᠠᠯᠵᠢᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠡᠳ᠋ᠰᠢᠭᠦᠯᠬᠦ ᠠᠵᠤ ᠠᠬᠤᠶᠢᠯᠠᠯ ᠢ ᠪᠤᠵᠠᠭᠠᠶᠢᠷᠠᠭᠤᠯᠤᠨ ᠬᠦᠴᠦᠷᠬᠡᠭᠵᠢᠭᠦᠯᠬᠦ᠂  ᠬᠡᠯᠬᠢᠶᠡᠵᠢᠯ ᠢ ᠤᠷᠲᠤᠳᠬᠠᠬᠤ ᠶᠢ ᠶᠡᠬᠡᠪᠡᠷ ᠲᠡᠳᠬᠦᠵᠦ᠂ ᠲᠤᠬᠠᠢ ᠶᠢᠨ ᠭᠠᠵᠠᠷ ᠲᠤᠨᠢ ᠡᠳ᠋ᠰᠢᠭᠦᠯᠦᠨ ᠬᠤᠪᠢᠷᠠᠭᠤᠯᠬᠤ ᠨᠤᠷᠮ᠎ᠠ ᠪᠣᠯᠤᠨ ᠪᠦᠲᠦᠭᠡᠭᠳᠡᠬᠦᠨ ᠤ ᠨᠡᠮᠡᠯᠲᠡ ᠦᠷᠳᠡᠭ ᠢ ᠲᠠᠰᠤᠷᠠᠯᠳᠠ ᠦᠭᠡᠢ ᠳᠡᠭᠡᠭᠰᠢᠯᠡᠭᠦᠯᠬᠦ ᠬᠡᠷᠡᠭᠲᠡᠢ ᠭᠡᠵᠡᠢ᠃     ᠬᠤᠷᠠᠯ ᠠᠴᠠ᠂ ︽ᠬᠤᠶᠠᠷ  ᠰᠢᠨᠡᠴᠢᠯᠡᠯᠳᠡ︾ ᠶᠢᠨ ᠲᠦᠷᠦ ᠶᠢᠨ ᠪᠤᠳᠤᠯᠭ᠎ᠠ ᠶᠢ ᠭᠦᠨᠵᠡᠭᠡᠢ ᠨᠠᠶᠢᠳᠠᠪᠤᠷᠢᠵᠢᠭᠤᠯᠵᠤ᠂ ᠳᠠᠯᠳᠠ ᠬᠦᠴᠦᠨ ᠢ ᠤᠯᠠᠮ  ᠨᠢᠭᠡ ᠠᠯᠬᠤᠮ  ᠠᠭᠤᠳᠠᠯᠯᠠᠨ᠂ ᠬᠡᠷᠡᠭᠯᠡᠭᠡᠨ ᠤ ᠳᠠᠯᠳᠠ ᠴᠢᠳᠠᠪᠤᠷᠢ ᠶᠢ ᠭᠦᠢᠴᠡᠳ ᠬᠥᠭᠵᠢᠭᠡᠵᠦ᠂ ᠠᠵᠤ ᠠᠬᠤᠢ ᠶᠢᠨ ᠨᠡᠮᠡᠭᠳᠡᠯ ᠳᠤ ᠬᠦᠴᠦᠲᠡᠢ ᠲᠤᠯᠭᠠᠭᠤᠷᠢᠯᠠᠯ ᠬᠠᠩᠭᠠᠬᠤ ᠬᠡᠷᠡᠭᠲᠡᠢ᠃ ︽ᠠᠵᠢᠯ ᠣᠯᠭᠤᠯᠲᠠ ᠶᠢ ᠠᠬᠢᠭᠤᠯᠬᠤ ᠠᠵᠢᠯᠯᠠᠭ᠎ᠠ︾ ᠶᠢ ᠰᠠᠶᠢᠲᠤᠷ  ᠨᠠᠶᠢᠳᠠᠪᠤᠷᠢᠵᠢᠭᠤᠯᠤᠨ᠂ ᠭᠤᠤᠯᠳᠠᠯᠭ᠎ᠠ ᠲᠠᠢ ᠬᠥᠮᠦᠰ ᠤᠨ ᠠᠳᠠᠯ ᠦᠢᠯᠡᠰ ᠴᠣᠭᠴᠠᠯᠠᠬᠤ ᠪᠠ  ᠠᠵᠢᠯ ᠣᠯᠭᠤᠬᠤ ᠶᠢ ᠰᠠᠶᠢᠲᠤᠷ ᠠᠳᠬᠤᠵᠤ᠂  ᠬᠡᠷ ᠪᠦᠯᠢ  ᠪᠦᠬᠦᠨ   ᠳᠤ  ᠠᠵᠢᠯ   ᠲᠠᠢ ᠬᠦᠮᠥᠨ ᠲᠠᠢ  ᠪᠤᠯᠭᠠᠬᠤ ᠶᠢ ᠠᠬᠢᠭᠤᠯᠬᠤ ᠬᠡᠷᠡᠭᠲᠡᠶ  ᠭᠡᠵᠡᠢ᠃     ᠬᠤᠷᠠᠯ ᠠᠴᠠ᠂ ᠠᠵᠤ ᠠᠬᠤᠢ ᠶᠢᠨ ᠬᠥᠭᠵᠢᠯᠲᠡ ᠶᠢᠨ ᠰᠢᠨ᠎ᠡ ᠬᠥᠳᠡᠯᠭᠡᠬᠦ ᠬᠦᠴᠦᠨ ᠢ ᠦᠷᠭᠦᠯᠵᠢᠯᠡᠨ ᠴᠢᠩᠭᠠᠳᠬᠠᠬᠤ ᠳᠤ᠂ ᠡᠷᠬᠡᠪᠰᠢ ︽ᠴᠢᠷᠮᠠᠶᠢᠨ ᠲᠡᠮᠡᠴᠡᠬᠦ︾ ᠤᠬᠠᠮᠰᠠᠷ ᠢ ᠪᠤᠢ ᠪᠣᠯᠭᠠᠵᠤ᠂ ᠪᠦᠬᠦ ᠬᠦᠴᠦᠨ ᠢᠶᠠᠷ ᠢᠶᠠᠨ ᠲᠦᠷᠦᠯ ᠵᠦᠢᠯ  ᠤᠷᠢᠨ᠂ ᠪᠡᠯᠡ ᠮᠥᠩᠭᠦ  ᠣᠷᠣᠭᠤᠯᠤᠨ  ᠠᠪᠴᠢᠷᠠᠬᠤ ᠬᠡᠷᠡᠭᠳᠡᠢ᠃   ᠠᠷᠠᠯᠵᠢᠶ᠎ᠠ ᠡᠵᠡᠩᠨᠡᠬᠦ ᠣᠷᠴᠢᠨ ᠲᠣᠭᠤᠷᠢᠨ ᠢ ᠰᠢᠯᠢᠳᠡᠭᠵᠢᠭᠦᠯᠥᠨ᠂ ᠰᠢᠨᠵᠢᠯᠡᠬᠦ ᠤᠬᠠᠭᠠᠨ ᠮᠡᠷᠭᠡᠵᠢᠯ ᠤᠨ ᠲᠤᠯᠭᠠᠭᠤᠷᠢᠯᠠᠯ ᠢ ᠴᠢᠩᠭᠠᠳᠬᠠᠵᠤ ᠂ ᠬᠥᠭᠵᠢᠯᠲᠡ ᠶᠢᠨ ᠳᠣᠲᠣᠭᠠᠳᠤ ᠬᠥᠳᠡᠯᠭᠡᠬᠦ ᠬᠦᠴᠦᠨ ᠢ ᠬᠤᠷᠠᠮᠳᠤᠭᠤᠯᠵᠤ᠂ ᠴᠢᠨᠠᠷ ᠰᠠᠶᠢᠲᠠᠢ ᠬᠥᠭᠵᠢᠯᠲᠡ ᠪᠣᠯᠤᠨ ᠳᠠᠪᠠᠯᠲᠠ ᠶᠢ ᠪᠡᠶᠡᠯᠡᠭᠦᠯᠬᠦ ᠬᠡᠷᠡᠭᠲᠡᠢ᠃ ᠠᠵᠤ ᠠᠬᠤᠶᠢᠯᠠᠯ ᠤᠨ ᠦᠢᠯᠡᠴᠢᠯᠡᠭᠡᠨ ᠤ ᠪᠠᠲᠤᠯᠠᠭ᠎ᠠ ᠶᠢ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠠᠵᠤ ᠠᠬᠤᠶᠢᠯᠠᠯ ᠢ ᠬᠠᠪᠰᠤᠷᠤᠨ ᠠᠵᠢᠯᠴᠢᠨ ᠬᠡᠷᠡᠭᠯᠡᠬᠦ᠂ ᠪᠠᠯᠠ ᠮᠥᠩᠭᠦ᠂ ᠪᠠᠷᠠᠭᠠᠨ ᠤ ᠭᠦᠢᠯᠭᠡᠭᠡ ᠵᠡᠷᠭᠡ ᠪᠣᠳᠠᠲᠠᠶ ᠬᠦᠴᠢᠷᠳᠡᠯ ᠢ ᠨᠢ  ᠰᠢᠢᠳᠪᠥᠷᠢᠯᠡᠨ ᠦᠭᠴᠥ᠂ ᠠᠷᠠᠳ ᠤᠨ ᠡᠵᠡᠩᠨᠡᠯᠳᠥ ᠠᠵᠤ ᠠᠬᠤᠶ ᠶᠢᠨ ᠡᠷᠡᠭᠦᠯ ᠢᠶᠠᠷ ᠬᠥᠭᠵᠢᠬᠦ ᠶᠢ ᠠᠬᠢᠭᠤᠯᠬᠤ ᠬᠡᠷᠡᠭᠲᠡᠶ᠃ ᠰᠢᠨᠵᠢᠯᠡᠬᠦ ᠤᠬᠠᠭᠠᠨ ᠮᠡᠷᠭᠡᠵᠢᠯ ᠤᠨ ᠰᠢᠪᠲᠤᠯᠤᠯᠲᠠ ᠶᠢ ᠯᠠᠪᠳᠠᠭᠤᠨ ᠪᠠᠲᠤᠲᠠᠢ ᠠᠬᠢᠭᠤᠯᠵᠤ᠂ ᠤᠳᠤ ᠦᠶ᠎ᠡ ᠶᠢᠨ ᠲᠠᠷᠢᠶᠠᠯᠠᠩ ᠮᠠᠯ ᠠᠵᠤ ᠠᠬᠤᠢ᠂ ᠲᠠᠷᠢᠶᠠᠯᠠᠩ  ᠮᠠᠯᠵᠢᠯ ᠤᠨ ᠠᠰᠢᠭ ᠰᠢᠮ᠎ᠡ  ᠶᠢᠨ ᠪᠦᠲᠥᠭᠡᠭᠳᠡᠬᠦᠨ ᠢ ᠨᠠᠷᠢᠯᠢᠭ ᠡᠳ᠋ᠰᠢᠭᠦᠯᠬᠦ᠂ ᠰᠢᠨ᠎ᠡ ᠮᠠᠲ᠋ᠧᠷᠢᠶᠠᠯ᠂ ᠲᠣᠨᠤᠭ ᠲᠥᠬᠦᠭᠡᠷᠦᠮᠵᠢ ᠦᠢᠯᠡᠳᠬᠦ᠂ ᠡᠯᠡᠰᠦ ᠶᠢ  ᠰᠡᠷᠭᠡᠶᠢᠯᠡᠨ ᠵᠠᠰᠠᠬᠤ᠂ ᠠᠮᠢ ᠠᠬᠤᠢ ᠶᠢᠨ ᠠᠵᠤ ᠦᠢᠯᠡᠰ ᠵᠡᠷᠭᠡ ᠬᠦᠷᠢᠶ᠎ᠡ ᠴᠠᠷᠠᠭ᠎ᠠ ᠶᠢᠨ ᠲᠣᠭᠤᠷᠢᠨ ᠳᠤ᠂ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠢ ᠢᠳᠡᠪᠬᠢᠲᠡᠢ ᠪᠠᠷ ᠣᠷᠣᠭᠤᠯᠤᠨ ᠠᠪᠴᠢᠷᠠᠬᠤ ᠪᠠ ᠪᠤᠶᠢᠵᠢᠭᠤᠯᠵᠤ᠂ ︽ᠦᠢᠯᠡᠳᠪᠦᠷᠢᠯᠡᠬᠦ ᠵᠢᠭᠠᠬᠤ ᠰᠤᠳᠤᠯᠬᠤ ᠬᠡᠷᠡᠭᠯᠡᠬᠦ︾ ᠶᠢ ᠠᠭᠤᠰᠤᠯᠴᠠᠭᠤᠯᠤᠨ ᠬᠥᠭᠵᠢᠭᠦᠯᠬᠦ ᠲᠠᠪᠴᠠᠩ ᠢ ᠰᠠᠶᠢᠲᠤᠷ ᠪᠠᠶᠢᠭᠤᠯᠵᠤ᠂ ᠨᠡᠩ ᠤᠯᠠᠨ ᠰᠢᠨᠵᠢᠯᠡᠬᠦ ᠤᠬᠠᠭᠠᠨ ᠤ ᠰᠤᠳᠤᠯᠭᠠᠨ ᠤ ᠦᠷ᠎ᠡ ᠪᠦᠲᠦᠭᠡᠯ ᠢ ᠣᠩᠨᠢᠭᠤᠳ ᠬᠤᠰᠢᠭᠤᠨ ᠳᠤ ᠤᠯᠠᠷᠢᠭᠤᠯᠤᠨ  ᠠᠭᠤᠰᠤᠯᠴᠠᠭᠤᠯᠬᠤ ᠬᠡᠷᠡᠭᠲᠡᠢ ᠭᠡᠵᠡᠢ᠃      ᠬᠤᠷᠠᠯ ᠠᠴᠠ᠂  ᠣᠷᠣᠰᠢᠨ ᠰᠠᠭᠤᠬᠤ ᠳᠤ ᠲᠣᠬᠢᠷᠠᠮᠵᠢᠲᠠᠢ ᠦᠵᠡᠰᠬᠦᠯᠡᠩᠲᠦ ᠰᠠᠶᠢᠬᠠᠨ ᠬᠤᠳᠠ ᠶᠢᠨ ᠪᠦᠳᠦᠭᠡᠨ ᠪᠠᠶᠢᠭᠤᠯᠤᠯᠲᠠ ᠶᠢᠨ ᠠᠯᠬᠤᠴᠠ ᠶᠢ ᠲᠦᠷᠭᠡᠳᠬᠡᠵᠦ᠂ ᠠᠮᠢ ᠠᠬᠤᠢ ᠣᠷᠴᠢᠨ ᠲᠣᠭᠤᠷᠢᠨ ᠤ ᠶᠠᠰᠤ ᠴᠢᠨᠠᠷ ᠢ ᠳᠡᠭᠡᠭᠰᠢᠯᠡᠭᠦᠯᠬᠦ᠂ ᠤᠯᠠᠨ ᠨᠡᠶᠢᠲᠡ ᠶᠢᠨ ᠦᠢᠯᠡᠴᠢᠯᠡᠭᠡᠨ ᠤ ᠲᠦᠪᠰᠢᠨ ᠢ ᠳᠡᠭᠡᠭᠰᠢᠯᠡᠭᠦᠯᠬᠦ  ᠪᠠ ᠨᠡᠶᠢᠭᠡᠮ ᠤᠨ ᠡᠶ᠎ᠡ ᠵᠣᠬᠢᠴᠠᠩᠭᠤᠢ ᠲᠣᠭᠲᠠᠭᠤᠨ ᠢ ᠬᠠᠮᠠᠭᠠᠯᠠᠬᠤ ᠪᠠᠷ ᠳᠠᠮᠵᠢᠭᠤᠯᠵᠤ᠂ ᠤᠯᠠᠨ ᠲᠦᠮᠡᠨ ᠤ ᠬᠦᠷᠲᠡᠮᠵᠢ ᠶᠢᠨ ᠲᠦᠷᠦᠭᠳᠡᠯ᠂ ᠵᠣᠯ ᠵᠢᠷᠭᠠᠯᠲᠤ ᠲᠦᠷᠦᠭᠳᠡᠯ ᠪᠣᠯᠤᠨ ᠠᠮᠤᠷ ᠲᠦᠪᠰᠢᠨ ᠤ ᠲᠦᠷᠦᠭᠳᠡᠯ ᠢ ᠦᠨᠡᠨᠬᠦ ᠨᠡᠮᠡᠭᠳᠡᠭᠦᠯᠬᠦ ᠬᠡᠷᠡᠭᠲᠡᠢ ᠭᠡᠰᠡᠨ ᠪᠠᠶᠢᠨ᠎ᠠ᠃     ᠬᠤᠷᠠᠯ ᠳᠡᠭᠡᠷ᠎ᠡ᠂ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂  ᠪᠠᠶᠢᠩᠭᠤ ᠶᠢᠨ ᠳᠡᠳ᠋ ᠬᠤᠰᠢᠭᠤᠨ ᠳᠠᠷᠤᠭ᠎ᠠ ᠭᠤᠤ ᠶᠦᠩ ᠡᠤ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ︽ᠵᠢᠷᠭᠤᠭᠠᠨ ᠠᠵᠢᠯᠯᠠᠭ᠎ᠠ︾ ᠪᠣᠯᠤᠨ ᠬᠤᠲᠠ ᠶᠢᠨ ᠨᠠᠮ ᠤᠨ ᠬᠤᠷᠢᠶ᠎ᠠ ᠶᠢᠨ ︽ᠠᠷᠪᠠᠨ ᠶᠡᠭᠡ ᠠᠵᠢᠯᠯᠠᠭ᠎ᠠ︾ ᠶᠢᠨ ᠭᠤᠤᠯᠳᠠᠯᠭ᠎ᠠ ᠲᠠᠢ ᠠᠵᠢᠯ ᠤᠨ ᠡᠭᠦᠷᠭᠡ ᠶᠢ ᠳᠣᠭᠢᠷᠠᠭᠤᠯᠤᠨ ᠪᠠᠶᠢᠷᠢᠯᠠᠭᠤᠯᠪᠠ︔ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠳᠡᠳ᠋  ᠬᠤᠰᠢᠭᠤᠨ ᠳᠠᠷᠤᠭ᠎ᠠ ᠸᠠᠩ ᠵᠢᠶᠦ᠋ᠨ ᠵᠢᠶᠦ᠋ᠨ 2025 ᠣᠨ ᠤ  ᠠᠷᠠᠯᠵᠢᠶᠠᠴᠢᠨ ᠤᠷᠢᠵᠤ ᠪᠠᠯᠠ ᠣᠷᠣᠭᠤᠯᠬᠤ ᠶᠢ ᠥᠷᠭᠡᠳᠬᠡᠬᠦ ᠠᠵᠢᠯᠯᠠᠭ᠎ᠠ ᠶᠢᠨ ᠠᠵᠢᠯ ᠤᠨ ᠡᠭᠦᠷᠭᠡ ᠶᠢ ᠳᠣᠭᠢᠷᠠᠭᠤᠯᠤᠨ ᠪᠠᠶᠢᠷᠢᠯᠠᠭᠤᠯᠪᠠ︔ ᠬᠤᠰᠢᠭᠤᠨ ᠤ ᠰᠢᠭᠤᠳ ᠬᠠᠷᠢᠶ᠎ᠠ ᠬᠡᠰᠡᠭ ᠰᠠᠯᠠᠭ᠎ᠠ ᠮᠥᠴᠢᠷ ᠪᠣᠯᠤᠨ ᠭᠤᠤᠯᠳᠠᠯᠭ᠎ᠠ ᠲᠠᠢ ᠠᠵᠤ ᠠᠬᠤᠶᠢᠯᠠᠯ ᠤᠨ ᠬᠠᠷᠢᠭᠤᠴᠠᠯᠭᠠᠲᠠᠨ ᠨᠥᠬᠦᠳ ᠤᠷᠢᠳ ᠬᠤᠵᠢᠳ ᠰᠠᠨᠠᠯ ᠢᠶᠠᠨ ᠰᠣᠯᠢᠯᠴᠠᠬᠤ ᠶᠠᠷᠢᠶ᠎ᠠ ᠲᠠᠯᠪᠢᠪᠠ᠃    ᠬᠤᠰᠢᠭᠤᠨ ᠤ ᠤᠳᠤᠷᠢᠳᠤᠯᠭ᠎ᠠ ᠯᠢ ᠢᠦᠶ ᠲᠢᠩ᠂ ᠬᠥᠭᠵᠢᠯᠲᠦ᠂ ᠾᠧᠦ ᠭᠦᠸᠧ ᠵᠢᠩ᠂ ᠭᠤᠤ ᠶᠦᠩ ᠡᠤ᠂ ᠸᠠᠩ ᠵᠢᠶᠦ᠋ᠨ ᠵᠢᠶᠦ᠋ᠨ᠂ ᠯᠢ ᠶᠠ ᠵᠢᠶᠦ᠋ᠨ᠂ ᠬᠤ᠋ ᠹᠧᠩ ᠶᠠᠨ᠂ ᠭᠧᠩ ᠸᠧᠶ ᠳ᠋ᠦᠩ᠂ ᠵᠦ ᠴᠦᠨ ᠶᠦᠩ᠂ ᠸᠠᠩ ᠶᠢᠩ᠂ ᠳ᠋ᠦᠩ ᠵᠢᠦ ᠪᠢᠩ ᠨᠠᠷ ᠬᠤᠷᠠᠯ ᠳᠤ ᠣᠷᠣᠯᠴᠠᠵᠠᠶ᠃
 
ᠢᠷᠡᠯᠲᠡ᠄ ᠣᠩᠨᠢᠭᠤᠳ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号