ᠳᠤᠮᠳᠠᠳᠤ ᠤᠯᠤᠰ ᠤᠨ ᠡᠪ ᠬᠠᠮᠲᠤ ᠨᠠᠮ ᠤᠨ ᠣᠩᠨᠢᠭᠤᠳ ᠬᠤᠰᠢᠭᠤᠨ ᠤ ᠠᠷᠪᠠᠨ ᠲᠠᠪᠤᠳᠤᠭᠠᠷ ᠬᠤᠭᠤᠴᠠᠭᠠᠨ ᠤ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ 144 ᠳ᠋ᠤᠭᠡᠷ ᠤᠳᠠᠭᠠᠨ ᠤ  ᠥᠷᠭᠡᠳᠬᠡᠭᠰᠡᠨ ᠬᠤᠷᠠᠯ ᠬᠤᠷᠠᠯᠳᠣᠪᠠ
ᠨᠡᠶᠢᠲᠡᠯᠡᠭᠰᠡᠨ ᠴᠠᠭ᠄
2025/3/10
       2 ᠰᠠᠷ᠎ᠠ ᠶᠢᠨ 25 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠮᠥᠩᠬᠡ ᠠᠷᠪᠠᠨ ᠲᠠᠪᠤᠳᠤᠭᠠᠷ ᠬᠤᠭᠤᠴᠠᠭᠠᠨ ᠤ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ   ᠶᠢᠨ 144 ᠳ᠋ᠤᠭᠡᠷ ᠤᠳᠠᠭᠠᠨ ᠤ ᠥᠷᠭᠡᠳᠬᠡᠭᠰᠡᠨ  ᠬᠤᠷᠠᠯ ᠢ ᠡᠷᠭᠢᠯᠡᠨ ᠬᠤᠷᠠᠯᠳᠤᠭᠤᠯᠪᠠ᠃ ᠮᠠ ᠶᠦᠩ ᠭᠠᠩ᠂ ᠾᠧᠦ ᠭᠦᠸᠧ ᠵᠢᠩ᠂ ᠭᠤᠤ ᠶᠦᠩ ᠡᠤ᠂ ᠸᠠᠩ ᠵᠢᠶᠦ᠋ᠨ ᠵᠢᠶᠦ᠋ᠨ᠂ ᠬᠤ᠋ ᠹᠧᠩ ᠶᠠᠨ᠂ ᠭᠧᠩ ᠸᠧᠶ ᠳ᠋ᠦᠩ᠂ ᠵᠦ ᠴᠦᠨ ᠶᠦᠩ᠂ ᠸᠠᠩ ᠶᠢᠩ᠂ ᠳ᠋ᠦᠩ ᠵᠢᠦ ᠪᠢᠩ ᠬᠤᠷᠠᠯ ᠳᠤ  ᠤᠷᠤᠯᠴᠠᠪᠠ  ᠃ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠯᠢ ᠢᠦᠶ ᠲᠢᠩ᠂ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠬᠦᠭᠵᠢᠯᠲᠦ  ᠨᠠᠷ ᠬᠤᠷᠠᠯ ᠳᠤ ᠰᠤᠯᠠ  ᠤᠷᠤᠯᠴᠠᠪᠠ  ᠃      ᠬᠤᠷᠠᠯ  ᠳᠡᠭᠡᠷ᠎ᠡ ᠶᠡᠷᠦᠩᠬᠡᠢ ᠱᠦᠵᠢ ᠰᠢ ᠶᠢᠨ ᠫᠢᠩ ᠤᠨ ᠤᠢᠢᠷ᠎ᠠ ᠶᠢᠨ ᠬᠤᠭᠤᠴᠠᠭᠠᠨ ᠤ ᠴᠢᠬᠤᠯᠠ ᠶᠠᠷᠢᠶ᠎ᠠ᠂ ᠴᠢᠬᠤᠯᠠ ᠵᠢᠭᠠᠪᠤᠷᠢ ᠪᠣᠯᠤᠨ ᠴᠢᠬᠤᠯᠠ ᠵᠣᠬᠢᠶᠠᠯ ᠤᠨ ᠵᠣᠷᠢᠭ ᠰᠠᠨᠠᠭ᠎ᠠ ᠵᠢᠴᠢ ᠲᠥᠪ᠂ ᠥᠪᠡᠷᠲᠡᠭᠡᠨ ᠵᠠᠰᠠᠬᠤ ᠣᠷᠣᠨ ᠂ ᠤᠯᠠᠭᠠᠨᠬᠠᠳᠠ ᠬᠤᠳᠠ ᠶᠢᠨ ᠬᠠᠮᠢᠶ᠎ᠠ ᠪᠦᠬᠦᠢ ᠬᠤᠷᠠᠯ᠂ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠬᠠᠮᠢᠶ᠎ᠠ ᠪᠦᠬᠦᠢ ᠨᠠᠶᠢᠳᠠᠪᠤᠷᠢᠵᠢᠭᠤᠯᠬᠤ ᠠᠵᠢᠯ ᠢ ᠲᠤᠬᠢᠷᠠᠭᠤᠯᠤᠨ  ᠪᠠᠶᠢᠷᠢᠯᠠᠭᠤᠯᠪᠠ᠃ ᠬᠤᠷᠠᠯ ᠠᠴᠠ ᠬᠤᠰᠢᠭᠤᠨ ᠤ ᠨᠠᠮ ᠤᠨ ᠬᠤᠷᠢᠶ᠎ᠠ ᠶᠢᠨ ᠵᠣᠬᠢᠶᠠᠨ ᠪᠠᠶᠢᠭᠤᠯᠬᠤ ᠬᠡᠯᠲᠡᠰ᠂ ᠤᠬᠠᠭᠤᠯᠬᠤ ᠬᠡᠯᠲᠡᠰ ᠤᠨ 2024 ᠣᠨ ᠤ ᠠᠵᠢᠯ ᠤᠨ ᠪᠠᠶᠢᠳᠠᠯ ᠪᠠ 2025 ᠣᠨ ᠤ ᠠᠵᠢᠯ ᠤᠨ ᠲᠣᠬᠢᠷᠠᠭᠤᠯᠤᠯᠲᠠ ᠶᠢᠨ ᠬᠠᠷᠢᠭᠤ ᠮᠡᠳᠡᠭᠦᠯᠦᠯᠲᠡ ᠶᠢ  ᠰᠣᠨᠣᠰᠪᠠ  ᠃ ︽ᠣᠩᠨᠢᠭᠤᠳ ᠬᠤᠰᠢᠭᠤᠨ ᠤ ᠤᠯᠠᠭᠠᠨᠬᠠᠳᠠ ᠬᠤᠲᠠ ᠶᠢᠨ ︿ᠠᠷᠪᠠᠨ ᠶᠡᠭᠡ ᠠᠵᠢᠯᠯᠠᠭ᠎ᠠ﹀ ᠶᠢ ᠨᠠᠶᠢᠳᠠᠪᠤᠷᠢᠵᠢᠭᠤᠯᠬᠤ ᠬᠡᠷᠡᠭᠵᠢᠭᠦᠯᠬᠦ ᠲᠥᠰᠦᠯ︾᠂ ︽ᠣᠩᠨᠢᠭᠤᠳ ᠬᠤᠰᠢᠭᠤᠨ ᠤ ᠤᠯᠠᠭᠠᠨᠬᠠᠳᠠ ᠬᠤᠲᠠ ᠶᠢᠨ ︿ᠠᠷᠪᠠᠨ ᠶᠡᠭᠡ ᠠᠵᠢᠯᠯᠠᠭ᠎ᠠ﹀ ᠶᠢᠨ ᠡᠭᠦᠷᠭᠡ ᠶᠢ ᠨᠠᠶᠢᠳᠠᠪᠤᠷᠢᠵᠢᠭᠤᠯᠬᠤ ᠨᠠᠷᠢᠨ ᠲᠠᠩᠰᠠ︾ ᠪᠠ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠣᠩᠨᠢᠭᠤᠳ ᠬᠤᠰᠢᠭᠤᠨ ᠤ  ᠬᠤᠷᠢᠶᠠᠨ ᠤ  ᠪᠠᠶᠢᠩᠭᠤ ᠶᠢᠨ ᠬᠤᠷᠢᠶ᠎ᠠ ᠶᠢᠨ 2025 ᠣᠨ ᠤ ᠠᠵᠢᠯ ᠤᠨ ᠭᠤᠤᠯᠳᠠᠯᠭ᠎ᠠ︾ ᠶᠢ ᠬᠢᠨᠠᠨ ᠵᠥᠪᠯᠡᠪᠡ  ᠃     ᠬᠤᠷᠠᠯ ᠠᠴᠠ ᠵᠢᠭᠠᠵᠤ ᠭᠠᠷᠭᠠᠭᠰᠠᠨ ᠨᠢ᠂ ᠪᠥᠬᠦ ᠬᠤᠰᠢᠭᠤᠨ ᠤ ᠳᠡᠭᠡᠳᠦ ᠳᠣᠤᠷᠠᠳᠤ ᠱᠠᠲᠤᠨ ᠤ ᠬᠢᠨ ᠦᠵᠡᠯ ᠰᠠᠨᠠᠭ᠎ᠠ ᠲᠠᠨᠢᠯᠲᠠ ᠪᠠᠨ ᠳᠡᠭᠡᠭᠰᠢᠯᠡᠭᠦᠯᠵᠦ᠂ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠰᠤᠷᠤᠯᠴᠠᠨ  ᠳᠤᠭᠤᠰᠢᠯᠠᠭᠤᠯᠬᠤ ᠶᠢ ᠰᠢ ᠶᠢᠨ ᠫᠢᠩ ᠶᠡᠷᠦᠩᠬᠡᠶ ᠱᠦᠵᠢ ᠶᠢᠨ ᠥᠪᠥᠷ ᠮᠣᠩᠭᠤᠯ ᠤᠨ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠰᠤᠷᠤᠯᠴᠠᠨ  ᠳᠤᠭᠤᠰᠢᠯᠠᠭᠤᠯᠬᠤ ᠲᠠᠢ ᠤᠶᠠᠯᠳᠤᠭᠤᠯᠵᠤ᠂ ᠨᠠᠷᠢᠨ ᠬᠢᠨᠠᠮᠠᠭᠠᠶ ᠰᠤᠷᠤᠯᠴᠠᠨ  ᠂  ᠠᠭᠤᠯᠭ᠎ᠠ ᠪᠠ ᠦᠢᠯᠡᠳᠦᠯᠭᠡ ᠶᠢᠨ ᠱᠠᠭᠠᠷᠳᠠᠯᠭ᠎ᠠ ᠶᠢ ᠣᠨᠣᠪᠴᠢᠲᠠᠶ ᠡᠵᠡᠮᠰᠢᠵᠦ᠂ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠪᠥᠬᠦ ᠬᠤᠰᠢᠭᠤᠨ ᠤ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠬᠦᠴᠦᠷᠬᠡᠭ ᠶᠡᠭᠡ ᠬᠥᠳᠡᠯᠭᠡᠬᠦ ᠬᠦᠴᠦᠨ ᠪᠠ ᠠᠮᠢᠳᠤᠯᠢᠭ ᠦᠢᠯᠡᠳᠦᠯᠭᠡ ᠪᠣᠯᠭᠠᠨ ᠬᠤᠪᠢᠷᠠᠭᠤᠯᠬᠤ ᠬᠡᠷᠡᠭᠲᠡᠶ ᠭᠡᠵᠡᠢ᠃      ᠬᠤᠷᠠᠯ ᠠᠴᠠ᠂ ᠥᠭᠡᠷᠡᠴᠢᠯᠡᠯᠲᠡ  ᠡᠭᠦᠳᠥᠯᠳᠡ ᠬᠥᠭᠵᠢᠯᠲᠡ ᠶᠢ  ᠪᠠᠷᠢᠮᠲᠠᠯᠠᠨ᠂ ᠥᠭᠡᠷᠡᠴᠢᠯᠡᠯᠲᠡ ᠶᠢ  ᠤᠯᠠᠮ ᠨᠢᠭᠡ ᠠᠯᠬᠤᠮ ᠪᠦᠬᠦ ᠲᠠᠯ᠎ᠠ ᠪᠠᠷ ᠭᠦᠨᠵᠡᠭᠡᠶᠢᠷᠡᠭᠦᠯᠵᠦ᠂ ᠰᠢᠨ᠎ᠡ ᠡᠨᠧᠷᠭᠢ᠂ ᠠᠭᠤᠷᠬᠠᠢ ᠶᠢᠨ ᠦᠢᠯᠡᠰ ᠤᠨ ᠠᠵᠤ ᠠᠬᠤᠢ᠂ ᠲᠠᠷᠢᠶᠠᠯᠠᠩ   ᠮᠠᠯᠵᠢᠯ ᠤᠨ ᠠᠰᠢᠭ ᠰᠢᠮ᠎ᠡ  ᠶᠢᠨ ᠪᠦᠲᠥᠭᠡᠭᠳᠡᠬᠦᠨ ᠢ ᠨᠠᠷᠢᠯᠢᠭ ᠡᠳ᠋ᠰᠢᠭᠦᠯᠬᠦ ᠵᠡᠷᠭᠡ ᠠᠵᠤ ᠦᠢᠯᠡᠰ ᠲᠤ ᠠᠩᠬᠠᠷᠤᠯ ᠢᠶᠠᠨ ᠲᠥᠪᠯᠡᠷᠡᠭᠦᠯᠵᠦ᠂ ᠠᠷᠠᠳ ᠤᠨ  ᠡᠵᠡᠩᠨᠡᠯᠳᠥ ᠠᠵᠤ ᠠᠬᠤᠢ ᠶᠢᠨ ᠬᠥᠭᠵᠢᠯᠲᠡ ᠶᠢᠨ ᠣᠷᠴᠢᠨ ᠲᠣᠭᠤᠷᠢᠨ ᠢ  ᠰᠢᠯᠢᠳᠡᠭᠵᠢᠭᠦᠯᠥᠨ᠂ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠡᠷᠴᠢᠮ ᠢᠶᠠᠨ ᠴᠢᠩᠭᠠᠷᠠᠭᠤᠯᠵᠤ᠂ ᠵᠠᠬ᠎ᠠ ᠳᠡᠯᠭᠡᠭᠦᠷᠴᠢᠯᠡᠭᠰᠡᠨ ᠬᠠᠤᠯᠢᠵᠢᠯ ᠤᠨ ᠡᠵᠡᠩᠨᠡᠯᠲᠡ ᠶᠢᠨ ᠣᠷᠴᠢᠨ ᠲᠣᠭᠤᠷᠢᠨ ᠢ ᠪᠤᠢ ᠪᠣᠯᠭᠠᠵᠤ᠂ ᠴᠢᠨᠠᠷ ᠰᠠᠶᠢᠲᠠᠢ ᠬᠥᠭᠵᠢᠯᠲᠡ ᠶᠢᠨ ᠰᠠᠭᠤᠷᠢ ᠶᠢ ᠪᠠᠬᠢᠵᠢᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃      ᠬᠤᠷᠠᠯ ᠠᠴᠠ᠂ ᠬᠥᠭᠵᠢᠯᠲᠡ ᠶᠢᠨ ᠳᠤᠮᠳᠠ ᠠᠷᠠᠳ ᠤᠨ ᠠᠮᠢᠳᠤᠷᠠᠯ ᠢ  ᠪᠠᠲᠤᠯᠠᠭ᠎ᠠ ᠶᠢ ᠰᠠᠶᠢᠵᠢᠷᠠᠭᠤᠯᠬᠤ ᠶᠢ ᠪᠠᠷᠢᠮᠲᠠᠯᠠᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠦᠨ ᠥᠷᠭᠡᠳᠬᠡᠵᠦ᠂ ᠬᠥᠳᠡᠭᠡ ᠲᠣᠰᠬᠤᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ  ᠠᠬᠢᠭᠤᠯᠤᠨ᠂ ᠭᠠᠵᠠᠷ ᠣᠷᠣᠨ ᠤ ᠪᠠᠶᠢᠳᠠᠯ ᠳᠠᠭᠠᠨ ᠲᠤᠬᠢᠷᠠᠭᠤᠯᠤᠨ  ᠠᠷᠠᠳ ᠢ ᠪᠠᠶᠠᠵᠢᠭᠤᠯᠬᠤ ᠤᠨᠴᠠᠯᠢᠬᠳᠤ ᠠᠵᠤ ᠦᠢᠯᠡᠰ ᠢ ᠬᠥᠭᠵᠢᠭᠦᠯᠵᠦ᠂ ᠮᠠᠯᠴᠢᠨ ᠲᠠᠷᠢᠶᠠᠴᠢᠨ  ᠤ ᠣᠷᠣᠯᠭ᠎ᠠ ᠶᠢ ᠦᠷᠭᠦᠯᠵᠢᠯᠡᠨ ᠨᠡᠮᠡᠭᠳᠡᠭᠦᠯᠬᠦ ᠬᠡᠷᠡᠭᠲᠡᠢ᠃ ᠬᠡᠪᠴᠢᠶᠡᠵᠢᠯᠲᠡ᠂  ᠲᠦᠬᠦᠭᠡᠷᠴᠢᠯᠡᠯᠳᠡ᠂ ᠲᠣᠭᠠᠴᠢᠯᠠᠯᠲᠠ᠂ ᠠᠭᠤᠰᠤᠯᠴᠠᠯ᠂ ᠲᠦᠷᠦᠯ ᠳᠡᠮᠳᠡᠭᠵᠢᠭᠰᠡᠨ ᠬᠥᠭᠵᠢᠯᠲᠡ ᠶᠢᠨ ᠴᠢᠭᠯᠡᠯ ᠳᠤ ᠠᠩᠬᠠᠷᠤᠯ ᠢᠶᠠᠨ ᠲᠥᠪᠯᠡᠷᠡᠭᠦᠯᠵᠦ᠂ ᠠᠵᠤ ᠦᠢᠯᠡᠳᠪᠦᠷᠢᠵᠢᠯᠲᠡ ᠶᠢᠨ ᠰᠡᠳᠬᠢᠬᠦᠢ ᠪᠠᠷ ᠲᠠᠷᠢᠶᠠᠯᠠᠩ ᠮᠠᠯ ᠠᠵᠤ ᠠᠬᠤᠢ ᠶᠢᠨ ᠬᠥᠭᠵᠢᠯᠲᠡ ᠶᠢ ᠠᠬᠢᠭᠤᠯᠵᠤ᠂ ︽ᠲᠠᠷᠢᠶᠠᠯᠠᠩ  ᠢᠶᠠᠷ ᠡᠬᠢᠯᠡᠭᠦᠯᠵᠥ  ᠠᠵᠤ ᠦᠢᠯᠡᠳᠪᠥᠷᠢ ᠪᠠᠷ ᠰᠡᠭᠦᠯ ᠬᠤᠷᠢᠶᠠᠬᠤ︾᠂ ︽ᠠᠮᠤ  ᠪᠤᠳᠠᠭ᠎ᠠ ᠪᠠᠷ ᠡᠬᠢᠯᠡᠭᠦᠯᠵᠥ  ᠢᠳᠡᠭᠡᠨ ᠢᠶᠠᠷ ᠰᠡᠭᠦᠯ ᠬᠤᠷᠢᠶᠠᠬᠤ︾᠂ ︽ ᠮᠠᠯᠵᠢᠯ ᠢᠶᠠᠷ ᠡᠬᠢᠯᠡᠭᠦᠯᠵᠥ ᠮᠢᠬᠠᠨ ᠤ ᠲᠦᠷᠥᠯ ᠢᠶᠠᠷ ᠰᠡᠭᠦᠯ  ᠬᠤᠷᠢᠶᠠᠬᠤ︾  ᠦᠷᠳᠡᠭ   ᠤᠨ ᠨᠡᠮᠡᠭᠳᠡᠯ ᠤᠨ ᠠᠵᠢᠯ ᠢ ᠰᠠᠶᠢᠲᠤᠷ  ᠬᠢᠬᠦ ᠬᠡᠷᠡᠭᠳᠡᠢ  ᠭᠡᠵᠡᠢ᠃      ᠬᠤᠷᠠᠯ ᠠᠴᠠ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠠᠵᠢᠯ ᠤᠨ ᠭᠤᠣᠯ ᠰᠢᠵᠢᠮ ᠢ ᠪᠦᠬᠦ ᠲᠠᠯ᠎ᠠ ᠪᠠᠷ  ᠳᠤᠭᠤᠰᠢᠯᠠᠭᠤᠯᠵᠤ᠂ ︽ᠨᠠᠮ ᠤᠨ ᠠᠴᠢ  ᠳᠤ ᠲᠠᠯᠠᠷᠬᠠᠨ ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠬᠤ︾ ᠤᠯᠠᠨ ᠲᠦᠮᠡᠨ ᠤ ᠬᠥᠮᠦᠵᠢᠯ ᠢ ᠪᠠᠶᠢᠩᠭᠤᠵᠢᠭᠤᠯᠤᠨ ᠥᠷᠨᠢᠭᠦᠯᠵᠦ᠂ ᠪᠦᠬᠦ ᠤᠯᠤᠰ ᠤᠨ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠵᠢᠱᠢᠶ᠎ᠡ ᠦᠵᠡᠭᠦᠯᠬᠦ ᠬᠤᠰᠢᠭᠤ ᠶᠢ ᠴᠢᠷᠮᠠᠶᠢᠨ ᠡᠭᠦᠳᠬᠦ ᠬᠡᠷᠡᠭᠲᠡᠢ᠃  ᠠᠶᠤᠯᠭᠦᠢ ᠦᠢᠯᠡᠳᠪᠦᠷᠢᠯᠡᠯ᠂ ᠵᠠᠬᠢᠳᠠᠯ ᠰᠤᠷᠪᠤᠯᠵᠢᠯᠠᠭ᠎ᠠ  ᠶᠢᠨ ᠲᠣᠭᠲᠠᠭᠤᠨ ᠢ ᠬᠠᠮᠠᠭᠠᠯᠠᠬᠤ᠂ ᠦᠨᠳᠦᠰᠦᠨ ᠱᠠᠲᠤᠨ ᠤ ᠵᠥᠷᠢᠴᠡᠯ ᠵᠠᠭᠤᠷᠠᠯᠳᠤᠭᠠᠨ ᠢ ᠪᠠᠶᠢᠴᠠᠭᠠᠨ ᠰᠢᠢᠳᠪᠦᠷᠢᠯᠡᠬᠦ᠂ ᠪᠠᠶᠢᠭᠠᠯᠢ ᠶᠢᠨ ᠭᠠᠮᠰᠢᠭ ᠢ ᠰᠡᠷᠭᠡᠶᠢᠯᠡᠨ ᠠᠷᠭᠠᠴᠠᠬᠤ ᠵᠡᠷᠭᠡ ᠠᠵᠢᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠠᠳᠬᠤᠵᠤ᠂ ᠠᠮᠤᠷ ᠲᠦᠪᠰᠢᠨ ᠲᠣᠭᠲᠠᠭᠤᠨ ᠨᠡᠶᠢᠭᠡᠮ ᠤᠨ ᠣᠷᠴᠢᠨ ᠲᠣᠭᠤᠷᠢᠨ ᠢ ᠪᠤᠢ ᠪᠣᠯᠭᠠᠬᠤ ᠬᠡᠷᠡᠭᠲᠡᠢ  ᠭᠡᠵᠡᠢ ᠬᠤᠷᠠᠯ ᠠᠴᠠ᠂ ᠴᠢᠨᠠᠷ ᠰᠠᠶᠢᠲᠠᠢ ᠨᠠᠮ ᠤᠨ ᠪᠠᠶᠢᠭᠤᠯᠤᠯᠲᠠ ᠪᠠᠷ ᠴᠢᠨᠠᠷ ᠰᠠᠶᠢᠲᠠᠢ ᠬᠥᠭᠵᠢᠯᠲᠡ ᠶᠢ ᠬᠦᠳᠦᠯᠦᠨ ᠳᠠᠭᠠᠭᠤᠯᠬᠤ ᠶᠢ ᠪᠠᠷᠢᠮᠲᠠᠯᠠᠵᠤ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ᠂  ᠬᠡᠯᠪᠡᠷᠢᠯ ᠤᠨ ᠦᠵᠡᠯ ᠢ ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ᠂ ᠦᠨᠳᠦᠰᠦᠨ ᠱᠠᠲᠤᠨ ᠤ  ᠲᠡᠩᠬᠡᠭᠡ ᠠᠴᠠ ᠪᠠᠨ ᠬᠡᠲᠥᠷᠡᠲᠡᠯ᠎ᠡ ᠡᠭᠦᠷᠭᠡ ᠡᠭᠦᠷᠭᠡᠯᠡᠬᠦ ᠲᠤᠪᠤᠶᠢᠮ᠎ᠠ ᠠᠰᠠᠭᠤᠳᠠᠯ᠂ ᠤᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠣᠯᠤᠨ ᠢᠯᠵᠠᠷᠠᠯ ᠤᠨ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ ᠭᠤᠷᠪᠠᠨ ᠵᠦᠢᠯ ᠤᠨ ᠠᠵᠢᠯ ᠢ ᠨᠢᠭᠡᠳᠦᠯᠲᠡᠢ ᠲᠥᠯᠥᠪᠵᠢᠭᠦᠯᠦᠨ  ᠠᠬᠢᠭᠤᠯᠬᠤ ᠬᠡᠷᠡᠭᠳᠡᠢ᠃   ᠬᠥᠮᠦᠨ ᠰᠣᠩᠭᠤᠵᠤ  ᠬᠡᠷᠡᠭᠯᠡᠬᠦ  ᠵᠦᠪ ᠤᠨᠤᠪᠴᠢᠳᠠᠢ ᠤᠳᠤᠷᠢᠳᠤᠮᠵᠢ ᠶᠢ  ᠦᠷᠭᠦᠯᠵᠢᠯᠡᠨ ᠴᠢᠩᠭᠠᠳᠬᠠᠵᠤ᠂ ᠥᠷᠭᠡᠨ ᠤᠯᠠᠨ ᠨᠠᠮ ᠤᠨ ᠭᠡᠰᠢᠭᠦᠨ ᠺᠠᠳ᠋ᠷ ᠢ ᠬᠦᠳᠦᠯᠦᠨ ᠵᠢᠯᠣᠭᠤᠳᠴᠤ  ᠂ ᠠᠵᠢᠯ ᠤᠨ ᠪᠦᠲᠦᠮᠵᠢ ᠶᠢᠨ  ᠵᠥᠪ  ᠲᠦᠪ ᠦᠵᠡᠯᠲᠡ ᠶᠢ  ᠦᠢᠯᠡᠳᠥᠯᠭᠡᠵᠢᠭᠦᠯᠥᠨ᠂ ᠺᠠᠳ᠋ᠷᠴᠤᠳ ᠤᠨ ᠲᠦᠷᠢᠮ ᠲᠣᠭᠲᠠᠭᠠᠯ ᠢ ᠵᠢᠷᠤᠮᠯᠠᠨ ᠰᠠᠬᠢᠯᠭ᠎ᠠ ᠪᠠᠲᠤ ᠶᠢ ᠰᠠᠬᠢᠵᠤ᠂ ᠲᠥᠪ ᠭᠤᠣᠯᠴᠢ ᠠᠷᠢᠭᠤᠨ ᠴᠢᠬᠡᠴᠢ   ᠪᠠᠷ ᠵᠣᠷᠢᠭᠲᠠᠢ ᠪᠠᠷ  ᠠᠵᠢᠯᠯᠠᠬᠤ ᠶᠢ ᠠᠬᠢᠭᠤᠯᠬᠤ ᠬᠡᠷᠡᠭᠲᠡᠢ ᠭᠡᠵᠡᠢ  ᠃     ᠬᠤᠷᠠᠯ ᠠᠴᠠ ᠱᠠᠭᠠᠷᠳᠠᠭᠰᠠᠨ ᠨᠢ᠂ ᠡᠯ᠎ᠡ ᠬᠤᠪᠢᠳᠠᠨ ᠬᠠᠮᠢᠶᠠᠷᠴᠤ ᠪᠠᠶᠢᠭ᠎ᠠ ᠭᠠᠵᠠᠷ ᠤᠨ ᠲᠠᠰ ᠤᠨ ᠤᠳᠤᠷᠢᠳᠤᠯᠭ᠎ᠠ ᠨᠠᠷ  ᠪᠥᠬᠦ ᠵᠢᠯ ᠤᠨ ᠠᠵᠢᠯ ᠤᠨ ︽ᠰᠠᠶᠢᠨ ᠡᠬᠢᠯᠡᠯᠲᠡ︾ ᠶᠢᠨ ᠬᠠᠷᠠᠯᠲᠠ ᠶᠢ ᠪᠡᠶᠡᠯᠡᠭᠦᠯᠬᠦ ᠳᠤ ᠠᠩᠬᠠᠷᠤᠯ ᠢᠶᠠᠨ ᠲᠥᠪᠯᠡᠷᠡᠭᠦᠯᠵᠦ᠂   ︽ᠲᠥᠷᠥᠯ ᠵᠦᠢᠯ ᠢ  ᠪᠤᠳᠠᠳᠠᠶᠢᠵᠢᠭᠤᠯᠬᠤ ᠂  ᠬᠡᠷᠡᠭᠵᠢᠭᠦᠯᠥᠯᠳᠡ ᠶᠢ  ᠨᠠᠷᠢᠯᠢᠭᠵᠢᠭᠤᠯᠬᠤ᠂ ᠠᠵᠢᠯ ᠢ ᠨᠠᠶᠢᠳᠠᠪᠤᠷᠢᠵᠢᠭᠤᠯᠬᠤ ︾  ᠱᠠᠭᠠᠷᠳᠠᠯᠭ᠎ᠠ ᠶᠣᠰᠣᠭᠠᠷ᠂ ᠬᠤᠰᠢᠭᠤᠨ ᠤ ᠨᠠᠮ ᠤᠨ ᠬᠤᠷᠢᠶᠠᠨ ᠤ ᠠᠷᠪᠠᠨ ᠲᠠᠪᠤᠳᠤᠭᠠᠷ ᠬᠤᠭᠤᠴᠠᠭᠠᠨ ᠤ ᠶᠢᠰᠦᠳᠦᠭᠡᠷ ᠪᠥᠬᠦᠳᠡ ᠬᠤᠷᠠᠯ ᠪᠠ ᠪᠥᠬᠦ ᠬᠤᠰᠢᠭᠤᠨ ᠤ ︽ᠬᠤᠶᠠᠷ ᠬᠤᠷᠠᠯ︾ ᠤᠨ ᠪᠠᠶᠢᠷᠢᠯᠠᠭᠤᠯᠤᠭᠰᠠᠨ ᠡᠯ᠎ᠡ ᠵᠦᠢᠯ ᠤᠨ ᠭᠤᠤᠯᠳᠠᠯᠭ᠎ᠠ ᠲᠠᠢ ᠡᠭᠦᠷᠭᠡ ᠶᠣᠰᠣᠭᠠᠷ᠂ ᠠᠵᠤ ᠦᠢᠯᠡᠳᠪᠦᠷᠢ ᠶᠢᠨ  ᠥᠷᠲᠡᠭ ᠤᠨ ᠨᠡᠮᠡᠭᠳᠡᠯ ᠤᠨ ᠬᠤᠷᠳᠤᠴᠠ᠂   ᠠᠷᠠᠯᠵᠢᠶᠠᠴᠢᠨ ᠤᠷᠢᠵᠤ ᠪᠠᠯᠠ ᠣᠷᠣᠭᠤᠯᠬᠤ   ᠶᠢᠨ  ᠪᠠᠯᠠ  ᠮᠦᠩᠭᠦᠨ ᠤ ᠨᠠᠶᠢᠳᠠᠪᠤᠷᠢᠵᠢᠭᠤᠯᠤᠯᠳᠠ᠂ ᠭᠤᠤᠯᠳᠠᠯᠭ᠎ᠠ ᠲᠠᠢ ᠲᠥᠷᠥᠯ ᠵᠦᠢᠯ ᠤᠨ ᠠᠵᠢᠯ ᠡᠬᠢᠯᠡᠭᠦᠯᠬᠦ ᠨᠣᠷᠮ᠎ᠠ᠂ ᠬᠤᠷᠴᠢᠨ ᠤ ᠡᠯᠡᠰᠦᠷᠬᠡᠭ ᠭᠠᠵᠠᠷ ᠤᠨ ᠰᠥᠨᠥᠭᠡᠬᠦ  ᠳᠠᠶᠢᠯᠠᠯᠳᠤᠭᠠᠨ ᠤ ᠡᠯᠡᠰᠦ ᠶᠢ ᠵᠠᠰᠠᠬᠤ ᠲᠠᠯᠠᠪᠠᠶ ᠵᠡᠷᠭᠡ ᠵᠠᠩᠭᠢᠯᠠᠭ᠎ᠠ ᠶᠢᠨ ᠬᠦᠢᠴᠡᠳᠬᠡᠯ ᠲᠤᠭ᠎ᠠ ᠶᠢ ᠴᠢᠩᠭ᠎ᠠ ᠠᠩᠬᠠᠷᠴᠤ᠂ ᠴᠠᠭ ᠢ ᠠᠮᠵᠢᠨ᠂ ᠠᠬᠢᠴᠠ ᠶᠢ ᠠᠳᠬᠤᠵᠤ᠂ ᠲᠣᠭᠲᠠᠭᠰᠠᠨ ᠬᠤᠭᠤᠴᠠᠭᠠᠨ ᠳᠤ ᠪᠡᠶᠡᠯᠡᠭᠦᠯᠬᠦ ᠶᠢ ᠪᠠᠲᠤᠯᠠᠬᠤ ᠬᠡᠷᠡᠭᠲᠡᠶ ᠭᠡᠵᠡᠢ  ᠃     ᠬᠤᠷᠠᠯ ᠠᠴᠠ᠂ ᠲᠦᠷᠦᠯ ᠵᠦᠢᠯ ᠤᠨ ᠡᠮᠦᠨᠡᠬᠢ ᠬᠤᠭᠤᠴᠠᠭᠠᠨ ᠤ ᠭᠠᠷ ᠭᠦᠢᠴᠡᠳᠬᠡᠯ ᠢ ᠭᠦᠢᠴᠡᠳᠬᠡᠬᠦ  ᠵᠡᠷᠭᠡ ᠡᠯ᠎ᠡ ᠵᠦᠢᠯ ᠤᠨ ᠠᠵᠢᠯ ᠢ ᠰᠠᠶᠢᠲᠤᠷ ᠬᠢᠵᠦ᠂ ᠲᠦᠷᠦᠯ ᠵᠦᠢᠯ ᠢ ᠡᠷᠲᠡ ᠠᠵᠢᠯ ᠡᠬᠢᠯᠡᠭᠦᠯᠬᠦ᠂ ᠲᠦᠷᠭᠡᠨ ᠠᠵᠢᠯ ᠡᠬᠢᠯᠡᠭᠦᠯᠬᠦ ᠶᠢ ᠪᠠᠲᠤᠯᠠᠬᠤ ᠬᠡᠷᠡᠭᠲᠡᠢ᠃  ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ᠂ ᠲᠠᠷᠢᠶᠠᠯᠠᠩ ᠮᠠᠯ ᠠᠵᠤ ᠠᠬᠤᠶ ᠶᠢᠨ ᠦᠢᠯᠡᠳᠪᠦᠷᠢᠯᠡᠯ ᠤᠨ ᠦᠢᠯᠡᠴᠢᠯᠡᠭᠡ᠂ ᠵᠠᠮ ᠬᠠᠷᠢᠯᠴᠠᠭᠠᠨ ᠤ ᠠᠮᠤᠷ ᠲᠦᠪᠰᠢᠨ᠂ ᠬᠠᠪᠤᠷ ᠤᠨ ᠤᠯᠠᠷᠢᠯ ᠤᠨ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠵᠡᠷᠭᠡ ᠠᠵᠢᠯ ᠢ ᠨᠢᠭᠡᠳᠦᠯᠲᠡᠶ ᠲᠥᠯᠥᠪᠯᠡᠨ ᠰᠠᠶᠢᠲᠤᠷ ᠬᠢᠵᠦ᠂ ᠪᠥᠬᠦ ᠵᠢᠯ ᠤᠨ ᠠᠵᠢᠯ ᠤᠨ ᠰᠠᠶᠢᠨ ᠡᠬᠢᠯᠡᠯᠲᠡ ᠳᠤ ᠪᠠᠲᠤᠯᠠᠭ᠎ᠠ ᠬᠠᠩᠭᠠᠬᠤ ᠬᠡᠷᠡᠭᠲᠡᠶ ᠭᠡᠰᠡᠨ ᠪᠠᠶᠢᠨ᠎ᠠ᠃    ᠬᠤᠷᠠᠯ ᠠᠴᠠ ᠪᠠᠰᠠ ᠠᠵᠢᠯᠳᠠᠨ ᠤ ᠶᠠᠪᠤᠳᠠᠯ ᠤᠨ ᠲᠤᠬᠠᠢ  ᠰᠤᠳᠤᠯᠤᠨ ᠶᠠᠷᠢᠯᠴᠠᠪᠠ᠃
 
ᠢᠷᠡᠯᠲᠡ᠄ ᠣᠩᠨᠢᠭᠤᠳ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号