2 ᠰᠠᠷ᠎ᠠ ᠶᠢᠨ 27 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ | ᠴᠠᠭᠠᠵᠠ ᠶᠢᠨ ᠬᠤᠷᠢᠶᠠᠨ ᠤ ᠱᠦᠵᠢ ᠰᠦᠨ ᠮᠢᠩ ᠲᠤᠤ ᠪᠥᠬᠦ ᠬᠤᠰᠢᠭᠤᠨ ᠤ ᠨᠠᠮ ᠤᠨ ᠪᠠᠶᠢᠭᠤᠯᠤᠯᠲᠠ ᠶᠢᠨ | ᠠᠵᠢᠯ ᠤᠨ ᠬᠤᠷᠠᠯ ᠢ ᠡᠷᠭᠢᠯᠡᠨ ᠬᠤᠷᠠᠯᠳᠤᠭᠤᠯᠪᠠ᠃ ᠾᠧᠦ ᠭᠦᠸᠧ ᠵᠢᠩ᠂ ᠬᠤ᠋ ᠹᠧᠩ ᠶᠠᠨ᠂ ᠭᠧᠩ ᠸᠧᠢ ᠳ᠋ᠦᠩ᠂ | ᠵᠦ ᠴᠦᠨ ᠶᠦᠩ᠂ ᠸᠠᠩ ᠶᠢᠩ ᠬᠤᠷᠠᠯ ᠳᠤ ᠣᠷᠣᠯᠴᠠᠪᠠ᠃ | ᠬᠤᠷᠠᠯ ᠠᠴᠠ ᠳᠡᠭᠡᠷ᠎ᠡ ᠭᠤᠷᠪᠠᠨ ᠱᠠᠲᠤᠨ ᠤ ᠵᠣᠬᠢᠶᠠᠨ ᠪᠠᠶᠢᠭᠤᠯᠬᠤ᠂ ᠤᠬᠠᠭᠤᠯᠬᠤ᠂ ᠨᠢᠭᠡᠳᠦᠮᠡᠯ ᠹᠷᠣᠨᠲ᠂ | ᠨᠡᠶᠢᠭᠡᠮ ᠤᠨ ᠠᠵᠢᠯ ᠤᠨ ᠬᠡᠯᠲᠡᠰ ᠤᠨ ᠳᠠᠷᠤᠭ᠎ᠠ ᠨᠠᠷ ᠤᠨ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ | ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ 2024 ᠣᠨ ᠤ ᠨᠠᠮ ᠤᠨ ᠪᠠᠶᠢᠭᠤᠯᠤᠯᠲᠠ ᠶᠢᠨ ᠠᠵᠢᠯ ᠢ ᠪᠦᠬᠦ | ᠲᠠᠯ᠎ᠠ ᠪᠠᠷ ᠡᠷᠭᠢᠴᠡᠭᠦᠯᠵᠦ᠂ ᠡᠨᠡ ᠵᠢᠯ ᠤᠨ ᠠᠵᠢᠯ ᠤᠨ ᠡᠭᠦᠷᠭᠡ ᠶᠢ ᠲᠤᠬᠢᠷᠠᠭᠤᠯᠤᠨ ᠪᠠᠶᠢᠷᠢᠯᠠᠭᠤᠯᠪᠠ᠃ | ᠬᠤᠷᠠᠯ ᠠᠴᠠ ᠂ ᠪᠦᠬᠦ ᠬᠤᠰᠢᠭᠤᠨ ᠤ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠣᠯᠤᠨ ᠥᠷᠭᠡᠨ | ᠤᠯᠠᠨ ᠨᠠᠮ ᠤᠨ ᠭᠡᠰᠢᠭᠦᠨ ᠺᠠᠳ᠋ᠷ᠂ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠪᠠᠶᠢᠭᠤᠯᠤᠯᠲᠠ ᠶᠢᠨ ᠲᠤᠬᠠᠢ | ᠴᠢᠬᠤᠯᠠ ᠥᠭᠦᠯᠡᠯᠲᠡ ᠪᠣᠯᠤᠨ ᠰᠢᠨ᠎ᠡ ᠴᠠᠭ ᠦᠶ᠎ᠡ ᠶᠢᠨ ᠨᠠᠮ ᠤᠨ ᠪᠠᠶᠢᠭᠤᠯᠤᠯᠲᠠ ᠶᠢᠨ ᠶᠡᠷᠦᠩᠬᠡᠢ ᠱᠠᠭᠠᠷᠳᠠᠯᠭ᠎ᠠ ᠶᠢ | ᠭᠦᠨᠵᠡᠭᠡᠢ ᠰᠤᠷᠤᠯᠴᠠᠨ ᠳᠤᠭᠤᠰᠢᠯᠠᠭᠤᠯᠵᠤ᠂ ᠨᠠᠮ ᠤᠨ ᠪᠠᠶᠢᠭᠤᠯᠤᠯᠲᠠ ᠶᠢᠨ ᠠᠵᠢᠯ ᠢ ᠰᠠᠶᠢᠲᠤᠷ ᠠᠳᠬᠤᠬᠤ | ᠦᠵᠡᠯ ᠰᠠᠨᠠᠭᠠᠨ ᠤ ᠤᠬᠠᠮᠰᠠᠷ᠂ ᠤᠯᠤᠰ ᠲᠦᠷᠦ ᠶᠢᠨ ᠤᠬᠠᠮᠰᠠᠷ ᠪᠣᠯᠤᠨ ᠠᠵᠢᠯᠯᠠᠭᠠᠨ ᠤ ᠤᠬᠠᠮᠰᠠᠷ ᠢᠶᠠᠨ ᠦᠨᠡᠨᠬᠦ | ᠳᠡᠭᠡᠭᠰᠢᠯᠡᠭᠦᠯᠬᠦ ᠬᠡᠷᠡᠭᠲᠡᠢ ᠭᠡᠵᠡᠢ᠃ | ᠬᠤᠷᠠᠯ ᠠᠴᠠ᠂ ᠪᠦᠬᠦ ᠬᠤᠰᠢᠭᠤᠨ ᠤ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠨᠠᠮ ᠤᠨ | ᠪᠠᠶᠢᠭᠤᠯᠤᠯᠲᠠ ᠪᠠᠷ ᠶᠡᠷᠦᠩᠬᠡᠶᠢᠯᠡᠨ ᠵᠢᠯᠤᠭᠤᠳᠤᠭᠤᠯᠬᠤ᠂ ᠡᠯ᠎ᠡ ᠵᠦᠢᠯ ᠤᠨ ᠠᠵᠢᠯ ᠢ ᠨᠢᠭᠡᠳᠦᠯᠲᠡᠢ | ᠲᠥᠯᠥᠪᠵᠢᠭᠦᠯᠬᠦ ᠶᠢ ᠪᠠᠷᠢᠮᠲᠠᠯᠠᠵᠤ᠂ ᠭᠤᠣᠯᠳᠠᠯᠭ᠎ᠠ ᠶᠢᠨ ᠲᠣᠭᠤᠷᠢᠨ ᠳᠤ ᠶᠡᠭᠡ ᠲᠠᠯ᠎ᠠ ᠳᠤ ᠦᠢᠯᠡᠴᠢᠯᠡᠨ᠂ ᠨᠠᠮ ᠤᠨ | ᠪᠠᠶᠢᠭᠤᠯᠤᠯᠲᠠ ᠶᠢᠨ ᠠᠵᠢᠯ ᠢ ᠬᠤᠰᠢᠭᠤᠨ ᠤ ᠨᠠᠮ ᠤᠨ ᠬᠤᠷᠢᠶᠠᠨ ᠤ ᠭᠤᠣᠯ ᠠᠵᠢᠯ ᠲᠠᠢ ᠤᠶᠠᠯᠳᠤᠭᠤᠯᠵᠤ᠂ | ᠠᠵᠢᠯ ᠤᠨ ᠠᠭᠤᠯᠤᠭᠳᠠᠬᠤᠨ ᠢᠶᠠᠨ ᠭᠦᠨᠵᠡᠭᠡᠶᠢᠷᠡᠭᠦᠯᠵᠦ ᠦᠷᠭᠡᠳᠬᠡᠨ᠂ ᠨᠠᠮ ᠤᠨ ᠪᠠᠶᠢᠭᠤᠯᠤᠯᠲᠠ ᠶᠢᠨ ᠠᠵᠢᠯ ᠤᠨ | ᠦᠷ᠎ᠡ ᠪᠦᠲᠦᠮᠵᠢ ᠶᠢ ᠦᠨᠡᠨ ᠬᠦ ᠬᠥᠭᠵᠢᠯᠲᠡ ᠶᠢᠨ ᠬᠥᠳᠡᠯᠭᠡᠬᠦ ᠬᠦᠴᠦᠨ ᠪᠠ ᠬᠥᠭᠵᠢᠯᠲᠡ ᠶᠢᠨ ᠳᠠᠪᠠᠭᠤᠯᠢᠭ | ᠪᠣᠯᠭᠠᠨ ᠬᠤᠪᠢᠷᠠᠭᠤᠯᠬᠤ ᠬᠡᠷᠡᠭᠲᠡᠢ ᠭᠡᠵᠡᠢ᠃ | ᠬᠤᠷᠠᠯ ᠠᠴᠠ᠂ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ ᠤᠨ ᠨᠠᠮ ᠤᠨ ᠬᠤᠷᠢᠶ᠎ᠠ ᠬᠠᠷᠢᠭᠤᠴᠠᠯᠭ᠎ᠠ ᠪᠠᠨ | ᠰᠠᠶᠢᠲᠤᠷ ᠭᠦᠢᠴᠡᠳᠬᠡᠵᠦ᠂ ᠠᠵᠢᠯ ᠤᠨ ᠬᠠᠮᠲᠤᠷᠠᠯ ᠤᠨ ᠬᠦᠴᠦᠨ ᠢ ᠪᠦᠷᠢᠯᠳᠥᠭᠦᠯᠵᠥ᠂ ︽ᠵᠠᠩᠭᠢᠯᠠᠭ᠎ᠠ ᠶᠢᠨ | ᠴᠥᠭᠡᠨ ᠲᠣᠭᠠᠲᠠᠨ︾ ᠤ ᠬᠦᠳᠦᠯᠦᠨ ᠳᠠᠭᠠᠭᠤᠯᠬᠤ ᠬᠦᠴᠦᠨ ᠪᠣᠯᠤᠨ ︽ᠵᠣᠩᠬᠢᠯᠠᠬᠤ ᠤᠯᠠᠨ ᠲᠣᠭᠠᠲᠠᠨ︾ ᠤ | ᠲᠠᠶᠢᠴᠢᠨ ᠬᠦᠴᠦᠨ ᠢᠶᠠᠨ ᠪᠠᠳᠠᠷᠠᠭᠤᠯᠬᠤ ᠬᠡᠷᠡᠭᠲᠡᠢ ᠃ ᠰᠢᠨ᠎ᠡ ᠶᠢ ᠡᠭᠦᠳᠬᠦ ᠬᠡᠪ ᠳᠠᠭᠤᠷᠢᠶᠠᠯ ᠢ ᠪᠤᠢ ᠪᠤᠯᠭᠠᠨ᠂ | ᠲᠡᠷᠢᠭᠦᠨ ᠤ ᠨᠠᠮ ᠤᠨ ᠪᠠᠶᠢᠭᠤᠯᠤᠯᠲᠠ ᠶᠢᠨ ᠠᠵᠢᠯ ᠢ ᠴᠢᠷᠮᠠᠶᠢᠨ ᠡᠭᠦᠳᠴᠦ᠂ ᠰᠤᠷᠤᠯᠴᠠᠨ ᠠᠳᠠᠯᠢᠳᠬᠠᠬᠤ᠂ | ᠬᠥᠭᠡᠭᠡᠵᠦ ᠭᠦᠢᠴᠡᠬᠦ᠂ ᠳᠠᠪᠠᠨ ᠭᠠᠷᠬᠤ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠬᠤ ᠬᠡᠷᠡᠭᠲᠡᠶ ᠭᠡᠰᠡᠨ | ᠪᠠᠶᠢᠨ᠎ᠠ᠃ |