| | 115 ᠳ᠋ᠤᠭᠠᠷ ᠭᠤᠷᠪᠠᠨ ᠰᠠᠷ᠎ᠠ ᠶᠢᠨ ᠨᠠᠢᠮᠠᠨ ᠤ ᠳᠡᠯᠡᠬᠡᠶ ᠶᠢᠨ ᠡᠮᠡᠭᠲᠡᠶᠢᠴᠦᠳ ᠤᠨ ᠪᠠᠶᠠᠷ ᠬᠦᠷᠴᠦ ᠢᠷᠡᠬᠦ | ᠲᠠᠰᠢᠷᠠᠮ ᠢᠶᠠᠷ᠂ 3 ᠰᠠᠷ᠎ᠠ ᠶᠢᠨ 4 ᠤ ᠡᠳᠦᠷ᠂ ᠬᠤᠰᠢᠭᠤᠨ ᠤ ᠡᠮᠡᠭᠲᠡᠶᠢᠴᠦᠳ ᠤᠨ ᠬᠤᠯᠪᠣᠭᠠᠲᠤ ᠬᠤᠷᠠᠯ ᠪᠣᠯᠤᠨ | ᠬᠤᠰᠢᠭᠤᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠬᠠᠮᠲᠤᠷᠠᠨ ᠡᠷᠬᠢᠯᠡᠭᠰᠡᠨ 2025 ᠣᠨ ᠤ ︽ᠭᠤᠷᠪᠠᠨ | ᠰᠠᠷ᠎ᠠ ᠶᠢᠨ ᠨᠠᠢᠮᠠᠨ︾ ᠤ ᠬᠠᠤᠯᠢ ᠲᠦᠭᠡᠮᠡᠯᠵᠢᠭᠦᠯᠬᠦ ᠡᠷᠬᠡ ᠠᠰᠢᠭ ᠢᠶᠠᠨ ᠬᠠᠮᠠᠭᠠᠯᠠᠬᠤ ᠤᠬᠠᠭᠤᠯᠭ᠎ᠠ ᠶᠢᠨ ᠰᠠᠷ᠎ᠠ ᠶᠢᠨ | ᠠᠵᠢᠯᠯᠠᠭ᠎ᠠ ᠶᠢ ᠵᠢᠩᠬᠢᠨᠢ ᠪᠠᠷ ᠡᠬᠢᠯᠡᠭᠦᠯᠪᠡ᠃ ᠬᠤᠰᠢᠭᠤᠨ ᠤ ᠵᠠᠰᠠᠭ ᠤᠨ ᠣᠷᠳᠣᠨ ᠤ ᠳᠡᠳ᠋ ᠳᠠᠷᠤᠭ᠎ᠠ ᠯᠢ ᠬᠤᠢ | ᠠᠵᠢᠯᠯᠠᠭ᠎ᠠ ᠳᠤ ᠣᠷᠣᠯᠴᠠᠵᠠᠶ᠃ | ᠠᠵᠢᠯᠯᠠᠭ᠎ᠠ ᠶᠢᠨ ᠲᠤᠬᠠᠶ ᠶᠢᠨ ᠲᠠᠯᠠᠪᠤᠷ ᠲᠤ᠂ ᠭᠤᠤᠯᠯᠠᠨ ᠡᠷᠭᠢᠯᠡᠭᠰᠡᠨ ᠲᠠᠯ᠎ᠠ ᠶᠢᠨ ᠬᠢᠨ ᠤᠬᠠᠭᠤᠯᠭ᠎ᠠ ᠶᠢᠨ | ᠮᠠᠲ᠋ᠧᠷᠢᠶᠠᠯ ᠲᠠᠷᠬᠠᠭᠠᠬᠤ᠂ ᠬᠠᠤᠯᠢ ᠲᠦᠭᠡᠮᠡᠯᠵᠢᠭᠦᠯᠬᠦ ᠤᠬᠠᠭᠤᠯᠭ᠎ᠠ ᠶᠢᠨ ᠹᠢᠯᠢᠮ ᠨᠡᠪᠲᠡᠷᠡᠭᠦᠯᠬᠦ᠂ ᠠᠰᠠᠭᠤᠨ ᠯᠠᠪᠯᠠᠬᠤ | ᠲᠠᠪᠴᠠᠩ ᠲᠣᠬᠢᠷᠠᠭᠤᠯᠬᠤ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠤᠨ᠂ ᠣᠯᠠᠨ ᠲᠦᠮᠡᠨ ᠳᠤ ᠡᠮᠡᠭᠲᠡᠶᠢᠴᠦᠳ | ᠬᠡᠤᠬᠡᠳ ᠤᠨ ᠡᠷᠬᠡ ᠠᠰᠢᠭ ᠢ ᠪᠠᠲᠤᠯᠠᠬᠤ ᠲᠠᠯ᠎ᠠ ᠪᠠᠷ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠪᠣᠯᠤᠨ ᠬᠠᠤᠯᠢ | ᠴᠠᠭᠠᠵᠠ ᠶᠢᠨ ᠮᠡᠳᠡᠯᠭᠡ ᠶᠢ ᠤᠬᠠᠭᠤᠯᠤᠨ ᠲᠦᠭᠡᠮᠡᠯᠵᠢᠭᠦᠯᠵᠦ᠂ ᠣᠯᠠᠨ ᠢ ᠬᠥᠲᠥᠯᠦᠨ ᠵᠢᠯᠣᠭᠤᠳᠴᠤ ᠪᠠᠶᠢᠭᠠᠳ | ᠡᠳᠦᠷ ᠲᠤᠲᠤᠮ ᠤᠨ ᠠᠮᠢᠳᠤᠷᠠᠯ ᠤᠨ ᠳᠤᠮᠳᠠ ᠬᠠᠤᠯᠢ ᠶᠢ ᠮᠡᠳᠡᠬᠦ᠂ ᠬᠠᠤᠯᠢ ᠶᠢ ᠰᠤᠷᠬᠤ᠂ ᠬᠠᠤᠯᠢ ᠶᠢ ᠬᠡᠷᠡᠭᠯᠡᠬᠦ᠂ | ᠬᠠᠤᠯᠢ ᠶᠢ ᠰᠠᠬᠢᠬᠤ᠂ ᠥᠷᠭᠡᠨ ᠣᠯᠠᠨ ᠡᠮᠡᠭᠲᠡᠶᠢᠴᠦᠳ ᠬᠡᠤᠬᠡᠳ ᠤᠨ ᠬᠠᠤᠯᠢ ᠶᠣᠰᠣᠨ ᠤ ᠡᠷᠬᠡ ᠠᠰᠢᠭ ᠢ ᠦᠨᠡᠨ | ᠬᠦ ᠬᠠᠮᠠᠭᠠᠯᠠᠨ᠎ᠠ᠃ | |