| | 3 ᠰᠠᠷ᠎ᠠ ᠶᠢᠨ 4 ᠤ ᠡᠳᠦᠷ᠂ ᠬᠤᠰᠢᠭᠤᠨ ᠨᠠᠮ ᠤᠨ ᠬᠤᠷᠢᠶᠠᠨ ᠤ ᠱᠦᠵᠢ ᠮᠥᠩᠬᠡ ᠤᠳᠠᠨᠳᠤᠬᠤᠢ ᠪᠠᠯᠭᠠᠰᠤ | ᠂ ᠵᠢᠶᠧ ᠹᠠᠩ ᠶᠢᠩ ᠽᠢ ᠰᠢᠶᠠᠩ ᠳᠤ ᠭᠦᠨᠵᠡᠭᠡᠶᠢᠷᠡᠨ ᠬᠤᠶᠠᠳᠤᠭᠠᠷ ᠡᠭᠡᠯᠵᠢ ᠶᠢᠨ ᠭᠠᠵᠠᠷ ᠰᠢᠷᠣᠶ ᠶᠢᠨ | ᠳᠠᠭᠠᠭᠠᠴᠢᠯᠠᠯᠲᠠ ᠶᠢ ᠤᠷᠲᠤᠳᠬᠠᠬᠤ ᠪᠤᠯᠤᠨ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠵᠡᠷᠭᠡ ᠠᠵᠢᠯ ᠢ ᠪᠠᠶᠢᠴᠠᠭᠠᠨ | ᠰᠤᠳᠤᠯᠵᠠᠢ᠂ ᠵᠦ ᠴᠦᠨ ᠶᠦᠩ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃ | ᠤᠳᠠᠨᠲᠤᠬᠤᠢ ᠪᠠᠯᠭᠠᠰᠤ᠂ ᠵᠢᠶᠧ ᠹᠠᠩ ᠶᠢᠩᠽᠢ ᠰᠢᠶᠠᠩ ᠳᠤ᠂ ᠮᠦᠩᠭᠡ ᠬᠠᠮᠢᠶ᠎ᠠ ᠪᠦᠬᠦᠢ ᠠᠵᠢᠯ ᠤᠨ | ᠳᠠᠩᠰᠠ ᠡᠪᠬᠡᠮᠡᠯ ᠢ ᠨᠠᠷᠢᠨ ᠬᠢᠨᠠᠮᠠᠭᠠᠢ ᠪᠠᠶᠢᠴᠠᠭᠠᠨ ᠦᠵᠡᠵᠦ᠂ ᠭᠠᠵᠠᠷ ᠰᠢᠷᠣᠢ ᠶᠢᠨ ᠳᠠᠭᠠᠭᠠᠴᠢᠯᠠᠯᠲᠠ ᠶᠢᠨ ᠠᠵᠢᠯ ᠢ | ᠥᠷᠨᠢᠭᠦᠯᠵᠦ ᠪᠠᠶᠢᠭ᠎ᠠ ᠪᠠᠶᠢᠳᠠᠯ ᠪᠤᠯᠤᠨ ᠬᠥᠮᠦᠨ ᠠᠮᠠ ᠶᠢᠨ ᠬᠤᠪᠢᠷᠠᠯᠲᠠ᠂ ᠲᠠᠷᠢᠶᠠᠨ ᠭᠠᠵᠠᠷ ᠤᠨ ᠬᠤᠪᠢᠷᠠᠯᠲᠠ᠂ | ᠭᠠᠵᠠᠷ ᠰᠢᠷᠣᠢ ᠶᠢᠨ ᠡᠷᠭᠢᠯᠲᠡ ᠵᠡᠷᠭᠡ ᠪᠠᠶᠢᠳᠠᠯ ᠢ ᠨᠠᠷᠢᠯᠢᠭ ᠤᠶᠢᠯᠠᠭᠠᠭᠰᠠᠨ ᠪᠠᠶᠢᠨ᠎ᠠ᠃ | ᠮᠦᠩᠬᠡ ᠴᠢᠩᠭᠠᠳᠬᠠᠭᠰᠠᠨ ᠨᠢ᠂ ᠡᠯ᠎ᠡ ᠭᠠᠵᠠᠷ ᠤᠷᠤᠨ ᠡᠯ᠎ᠡ ᠬᠤᠯᠪᠣᠭᠳᠠᠯ ᠪᠦᠬᠦᠢ ᠰᠠᠯᠠᠭ᠎ᠠ | ᠮᠥᠴᠢᠷ ᠤᠨ ᠬᠢᠨ ᠬᠤᠶᠠᠳᠤᠭᠠᠷ ᠡᠭᠡᠯᠵᠢ ᠶᠢᠨ ᠭᠠᠵᠠᠷ ᠰᠢᠷᠣᠢ ᠶᠢᠨ ᠳᠠᠭᠠᠭᠠᠴᠢᠯᠠᠯᠲᠠ ᠶᠢᠨ ᠬᠤᠭᠤᠴᠠᠭ᠎ᠠ | ᠳᠠᠭᠤᠰᠤᠭᠰᠠᠨ ᠤ ᠳᠠᠷᠠᠭ᠎ᠠ 30 ᠵᠢᠯ ᠤᠷᠲᠤᠳᠬᠠᠬᠤ ᠠᠵᠢᠯ ᠢ ᠡᠮᠬᠢ ᠵᠢᠷᠤᠮ ᠲᠠᠢ ᠠᠬᠢᠭᠤᠯᠬᠤ ᠬᠡᠷᠡᠭᠲᠡᠶ︔ | ᠳᠠᠭᠠᠭᠠᠴᠢᠯᠠᠭᠰᠠᠨ ᠭᠠᠵᠠᠷ ᠤᠨ ᠥᠮᠴᠢᠯᠡᠯ ᠤᠨ ᠡᠷᠬᠡ᠂ ᠳᠠᠭᠠᠭᠠᠴᠢᠯᠠᠯᠲᠠ ᠶᠢᠨ ᠡᠷᠬᠡ᠂ ᠡᠵᠡᠩᠨᠡᠯᠲᠡ ᠶᠢᠨ ᠡᠷᠬᠡ ᠶᠢ | ᠰᠠᠯᠭᠠᠬᠤ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠭᠠᠵᠠᠷ ᠰᠢᠷᠣᠢ ᠶᠢᠨ ᠳᠠᠭᠠᠭᠠᠴᠢᠯᠠᠯᠲᠠ ᠶᠢᠨ ᠭᠡᠷ᠎ᠡ ᠶᠢᠨ | ᠬᠠᠮᠢᠶᠠᠷᠤᠯᠲᠠ ᠶᠢᠨ ᠲᠦᠷᠢᠮ ᠢ ᠲᠡᠭᠦᠯᠳᠡᠷᠵᠢᠭᠦᠯᠦᠨ᠂ ᠲᠤᠭᠲᠠᠮᠠᠯ ᠬᠥᠷᠥᠩᠭᠡ ᠶᠢ ᠨᠢᠭᠡᠳᠦᠯᠲᠡᠶ ᠳᠠᠩᠰᠠᠯᠠᠬᠤ ᠲᠠᠢ | ᠡᠮᠬᠢ ᠵᠢᠷᠤᠮ ᠲᠠᠢ ᠵᠣᠯᠭᠠᠭᠤᠯᠬᠤ ᠶᠢ ᠰᠠᠶᠢᠲᠤᠷ ᠬᠢᠵᠦ᠂ ᠭᠠᠵᠠᠷ ᠰᠢᠷᠣᠢ ᠶᠢᠨ ᠳᠠᠭᠠᠭᠠᠴᠢᠯᠠᠯᠲᠠ ᠶᠢᠨ ᠠᠵᠢᠯ ᠤᠨ | ᠲᠣᠭᠲᠠᠭᠤᠨ᠂ ᠤᠷᠤᠭᠰᠢᠲᠠᠢ ᠶᠠᠪᠤᠭᠳᠠᠬᠤ ᠶᠢ ᠦᠨᠡᠨ ᠬᠦ ᠪᠠᠲᠤᠯᠠᠬᠤ ᠬᠡᠷᠡᠭᠲᠡᠢ ᠭᠡᠵᠡᠢ᠃ | |