ᠣᠩᠨᠢᠭᠤᠳ ᠬᠤᠰᠢᠭᠤ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠨᠤᠲᠤᠭ ᠪᠡᠯᠴᠢᠭᠡᠷ ᠤᠨ ᠳᠠᠭᠠᠭᠠᠴᠠ ᠠᠴᠠ ᠬᠡᠲᠦᠷᠡᠭᠦᠯᠦᠨ ᠮᠠᠯᠵᠢᠬᠤ ᠠᠰᠠᠭᠤᠳᠠᠯ ᠢ ᠪᠥᠬᠦ ᠲᠠᠯ᠎ᠠ ᠪᠠᠷ ᠰᠢᠢᠳᠪᠦᠷᠢᠯᠡᠪᠡ
ᠨᠡᠶᠢᠲᠡᠯᠡᠭᠰᠡᠨ ᠴᠠᠭ᠄
2025/3/12
     ᠮᠠᠯ ᠠᠵᠤ ᠠᠬᠤᠶ ᠪᠠᠷ ᠬᠥᠭᠵᠢᠯᠲᠡ ᠶᠢ ᠡᠷᠢᠯᠬᠢᠯᠡᠬᠦ ᠮᠥᠷᠲᠡᠭᠡᠨ ᠲᠠᠯ᠎ᠠ ᠨᠤᠲᠤᠭ ᠤᠨ ᠡᠯᠡᠰᠦᠷᠬᠡᠭᠵᠢᠨ ᠮᠠᠭᠤᠵᠢᠷᠠᠬᠤ ᠶᠢ ᠴᠦ ᠬᠤᠷᠢᠭᠯᠠᠵᠤ ︽ᠪᠣᠬᠢᠷᠲᠤᠯ ᠦᠭᠡᠶ︾ ᠬᠢᠭᠡᠳ ︽ᠬᠥᠭᠵᠢᠭᠦᠯᠬᠦ︾ ᠨᠢ ᠨᠢᠭᠡᠨ ᠵᠥᠷᠢᠴᠡᠯ ᠪᠣᠯᠤᠭᠰᠠᠨ ᠪᠠᠶᠢᠨ᠎ᠠ᠃ ᠡᠨᠡ ᠬᠦ ᠠᠰᠠᠭᠤᠳᠠᠯ ᠢ ᠦᠨᠡᠨ ᠬᠦ ᠰᠢᠢᠳᠪᠦᠷᠢᠯᠡᠬᠦ ᠶᠢᠨ ᠲᠥᠯᠥᠭᠡ᠂ ᠣᠩᠨᠢᠭᠤᠳ ᠬᠤᠰᠢᠭᠤ ᠮᠠᠯ ᠠᠵᠤ ᠠᠬᠤᠢ ᠶᠢᠨ ᠬᠡᠯᠪᠡᠷᠢ ᠶᠢ ᠬᠤᠪᠢᠷᠠᠭᠤᠯᠬᠤ ᠪᠠ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠲᠤᠷᠰᠢᠯᠲᠠ ᠶᠢᠨ ᠴᠡᠭ ᠤᠨ ᠠᠵᠢᠯ ᠢ ᠲᠦᠷᠭᠡᠳᠬᠡᠨ ᠬᠡᠷᠡᠭᠵᠢᠭᠦᠯᠵᠦ᠂ ᠨᠤᠲᠤᠭ ᠪᠡᠯᠴᠢᠭᠡᠷ ᠢ ᠥᠨᠳᠥᠷ ᠲᠦᠪᠰᠢᠨ ᠢᠶᠠᠷ ᠬᠠᠮᠠᠭᠠᠯᠠᠬᠤ ᠪᠠ ᠴᠢᠨᠠᠷ ᠰᠠᠶᠢᠲᠠᠢ ᠬᠥᠭᠵᠢᠭᠦᠯᠬᠦ ᠶᠢ ᠴᠢᠷᠮᠠᠶᠢᠨ ᠪᠡᠶᠡᠯᠡᠭᠦᠯᠪᠡ᠃      ᠣᠶᠢᠷ᠎ᠠ ᠶᠢᠨ ᠵᠢᠯ ᠠᠴᠠ ᠨᠠᠭᠠᠰᠢ᠂ ᠣᠩᠨᠢᠭᠤᠳ ᠬᠤᠰᠢᠭᠤᠨ ᠤ ᠨᠤᠲᠤᠭ ᠪᠡᠯᠴᠢᠭᠡᠷ ᠤᠨ ᠳᠠᠭᠠᠭᠠᠴᠠ ᠠᠴᠠ ᠬᠡᠲᠦᠷᠡᠭᠦᠯᠦᠨ ᠮᠠᠯᠵᠢᠬᠤ ᠦᠵᠡᠭᠳᠡᠯ ᠪᠠᠶᠢᠨ ᠳᠠᠬᠢᠨ ᠡᠭᠦᠰᠴᠦ᠂ ᠬᠡᠲᠦᠷᠡᠲᠡᠯ᠎ᠡ ᠮᠠᠯᠵᠢᠬᠤ ᠠᠰᠠᠭᠤᠳᠠᠯ ᠨᠢ ᠨᠢᠭᠡᠨᠲᠡ ᠮᠠᠯ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ ᠪᠡᠶᠡᠯᠡᠭᠦᠯᠬᠦ ᠳᠤ ᠲᠤᠯᠭᠠᠷᠠᠭᠰᠠᠨ ᠭᠤᠤᠯ ᠬᠦᠴᠢᠷᠳᠡᠯ ᠪᠠ ᠥᠷᠢᠰᠥᠯᠳᠦᠭᠡᠨ ᠪᠣᠯᠵᠣ᠂ ᠬᠤᠰᠢᠭᠤᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠬᠡᠷᠰᠡᠩ ᠰᠤᠮᠤ ᠶᠢᠨ ᠡᠷᠡᠨᠮᠠᠩᠬ᠎ᠠ ᠭᠠᠴᠠᠭ᠎ᠠ ᠪᠠᠷ ᠲᠤᠷᠰᠢᠯᠲᠠ ᠶᠢᠨ ᠴᠡᠭ ᠪᠣᠯᠭᠠᠵᠤ᠂ ᠡᠯᠡᠰᠦᠷᠬᠡᠭᠵᠢᠯ ᠢ ᠬᠤᠪᠢᠷᠠᠭᠤᠯᠬᠤ ᠪᠠᠷ ᠬᠠᠷᠠᠯᠲᠠ ᠪᠣᠯᠭᠠᠵᠤ᠂ ᠮᠠᠯᠴᠢᠨ ᠲᠠᠷᠢᠶᠠᠴᠢᠨ ᠢ ᠳᠠᠶᠢᠴᠢᠯᠠᠨ ᠡᠷᠦᠬᠡ ᠶᠢᠨ ᠬᠤᠭᠤᠷᠣᠨᠳᠣᠬᠢ ᠨᠤᠲᠤᠭ ᠪᠡᠯᠴᠢᠭᠡᠷ ᠤᠨ ᠵᠠᠭᠠᠭ ᠬᠢᠵᠠᠭᠠᠷ ᠢ ᠡᠪᠳᠡᠵᠦ᠂ ᠨᠤᠲᠤᠭ ᠪᠡᠯᠴᠢᠭᠡᠷ ᠤᠨ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ᠂ ᠨᠤᠲᠤᠭ ᠪᠡᠯᠴᠢᠭᠡᠷ ᠤᠨ ᠶᠠᠰᠤ ᠴᠢᠨᠠᠷ ᠪᠠ ᠳᠠᠭᠠᠭᠠᠴᠠ ᠶᠢᠨ ᠴᠢᠳᠠᠪᠤᠷᠢ ᠶᠢ ᠦᠨᠳᠦᠰᠦᠯᠡᠨ᠂ ᠬᠠᠷᠢᠶᠠᠲᠤ ᠣᠷᠣᠨ ᠤ ᠳᠣᠲᠣᠷᠠᠬᠢ ᠨᠤᠲᠤᠭ ᠪᠡᠯᠴᠢᠭᠡᠷ ᠢ ᠮᠠᠯᠵᠢᠬᠤ ᠣᠷᠣᠨ ᠪᠠ ᠰᠡᠯᠭᠦᠨ ᠮᠠᠯᠵᠢᠬᠤ ᠣᠷᠣᠨ ᠪᠣᠯᠭᠠᠨ ᠨᠠᠷᠢᠯᠢᠭ ᠬᠤᠪᠢᠶᠠᠵᠤ᠂ 2 ᠬᠡᠰᠡᠭ ᠣᠷᠣᠨ ᠢ ᠡᠭᠡᠯᠵᠢᠯᠡᠨ ᠬᠡᠷᠡᠭᠯᠡᠵᠦ᠂ ᠡᠭᠡᠯᠵᠢᠯᠡᠨ ᠮᠠᠯ ᠮᠠᠯᠵᠢᠭᠤᠯᠬᠤ ᠶᠢᠨ ᠬᠠᠮᠲᠤ᠂ ᠪᠡᠯᠴᠢᠭᠡᠷ ᠤᠨ ᠲᠡᠩᠴᠡᠭᠦᠷᠢ ᠶᠢ ᠰᠢᠨᠵᠢᠯᠡᠬᠦ ᠤᠬᠠᠭᠠᠨᠴᠢ ᠪᠠᠷ ᠬᠢᠨᠠᠨ ᠲᠣᠭᠲᠠᠭᠠᠵᠤ᠂ ᠮᠠᠯ ᠪᠡᠯᠴᠢᠭᠡᠷ ᠤᠨ ᠲᠡᠩᠴᠡᠭᠦᠷᠢ ᠶᠢ ᠪᠠᠲᠤᠯᠠᠬᠤ ᠪᠠ ᠪᠡᠯᠴᠢᠭᠡᠷᠯᠡᠭᠦᠯᠬᠦ ᠶᠢ ᠵᠣᠭᠰᠣᠭᠠᠵᠤ ᠰᠡᠯᠭᠦᠨ ᠮᠠᠯᠵᠢᠬᠤ ᠲᠦᠷᠢᠮ ᠢ ᠴᠢᠩᠭ᠎ᠠ ᠬᠡᠷᠡᠭᠵᠢᠭᠦᠯᠦᠭᠰᠡᠨ ᠰᠠᠭᠤᠷᠢᠨ ᠳᠡᠭᠡᠷ᠎ᠡ᠂ ᠦᠬᠡᠷ ᠬᠤᠨᠢᠨ ᠤ ᠮᠠᠯᠵᠢᠯ ᠤᠨ ᠲᠤᠭ᠎ᠠ ᠬᠡᠮᠵᠢᠶ᠎ᠡ ᠪᠠ ᠴᠠᠭ ᠢ ᠵᠦᠶ ᠵᠣᠬᠢᠰᠲᠠᠶ ᠲᠣᠬᠢᠷᠠᠭᠤᠯᠬᠤ ᠶᠢᠨ ᠬᠠᠮᠲᠤ᠂ ᠬᠠᠰᠢᠶᠠᠯᠠᠨ ᠲᠡᠵᠢᠭᠡᠬᠦ ᠵᠢᠴᠢ ᠣᠬᠤᠷ ᠬᠤᠭᠤᠴᠠᠭᠠᠨ ᠳᠤ ᠪᠣᠷᠳᠣᠵᠤ ᠲᠠᠷᠭᠤᠯᠠᠭᠤᠯᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠳᠠᠭᠠᠭᠠᠴᠠ ᠠᠴᠠ ᠬᠡᠲᠦᠷᠡᠭᠰᠡᠨ ᠮᠠᠯ ᠢ ᠰᠠᠯᠭᠠᠨ ᠭᠠᠷᠭᠠᠵᠤ᠂ ᠪᠠᠶᠢᠭᠠᠯᠢ ᠶᠢᠨ ᠨᠤᠲᠤᠭ ᠪᠡᠯᠴᠢᠭᠡᠷ ᠤᠨ ᠮᠠᠯᠵᠢᠯ ᠤᠨ ᠳᠠᠷᠤᠯᠲᠠ ᠶᠢ ᠦᠨᠡᠨ ᠬᠦ ᠬᠥᠩᠭᠡᠷᠡᠭᠦᠯᠦᠨ᠎ᠡ᠃      ᠣᠩᠨᠢᠭᠤᠳ ᠬᠤᠰᠢᠭᠤᠨ ᠤ ᠮᠠᠯ ᠠᠵᠤ ᠠᠬᠤᠶ ᠳᠤ ᠠᠯᠠᠰᠢᠨ ᠦᠬᠡᠷ ᠬᠤᠨᠢᠨ ᠤ ᠶᠠᠰᠤ ᠴᠢᠨᠠᠷ ᠥᠨᠳᠥᠷ ᠪᠤᠰᠤ᠂ ᠦᠷ᠎ᠡ ᠠᠰᠢᠭ ᠳᠣᠤᠷ᠎ᠠ ᠵᠡᠷᠭᠡ ᠠᠰᠠᠭᠤᠳᠠᠯ ᠨᠡᠶᠢᠳᠡᠮ ᠣᠷᠣᠰᠢᠵᠤ᠂ ᠣᠶᠢᠷ᠎ᠠ ᠶᠢᠨ ᠵᠢᠯ ᠳᠤ᠂ ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠶᠢᠨ ᠰᠠᠯᠠᠭ᠎ᠠ ᠮᠥᠴᠢᠷ ᠪᠠᠰᠠ ᠮᠠᠯᠴᠢᠨ ᠲᠠᠷᠢᠶᠠᠴᠢᠨ ᠢ ᠢᠳᠡᠪᠬᠢᠲᠡᠶ ᠪᠠᠷ ᠬᠥᠲᠥᠯᠦᠨ ᠵᠢᠯᠣᠭᠤᠳᠴᠤ ᠪᠠᠶᠢᠭᠠᠳ ︽ᠴᠢᠨᠠᠷ ᠮᠠᠭᠤ ᠮᠠᠯ ᠢ ᠰᠢᠯᠢᠳᠡᠭ ᠡᠭᠦᠯᠳᠡᠷ︾ ᠢᠶᠠᠷ ᠬᠥᠭᠵᠢᠭᠦᠯᠵᠦ᠂ ︽ᠴᠥᠭᠡᠨ ᠲᠡᠵᠢᠭᠡᠵᠦ᠂ ᠨᠠᠷᠢᠯᠢᠭ ᠲᠡᠵᠢᠭᠡᠬᠦ︾ ᠵᠠᠮ ᠢᠶᠠᠷ ᠵᠠᠮᠨᠠᠭᠤᠯᠵᠤ᠂ ᠰᠠᠭᠤᠷᠢ ᠡᠬᠡ ᠮᠠᠯ ᠤᠨ ᠰᠦᠷᠦᠭ ᠢ ᠥᠷᠭᠡᠳᠬᠡᠨ ᠶᠠᠰᠤ ᠴᠢᠨᠠᠷ ᠢ ᠳᠡᠭᠡᠭᠰᠢᠯᠡᠭᠦᠯᠬᠦ᠂ ᠠᠯᠠᠰᠢᠨ ᠦᠬᠡᠷ ᠤᠨ ᠡᠭᠦᠯᠳᠡᠷ ᠢ ᠰᠠᠶᠢᠵᠢᠷᠠᠭᠤᠯᠬᠤ ᠪᠠ ︽ᠰᠢᠯᠢᠳᠡᠭ ᠬᠤᠨᠢ︾ ᠶᠢᠨ ᠵᠢᠱᠢᠶ᠎ᠡ ᠦᠵᠡᠭᠦᠯᠬᠦ ᠢᠨᠵᠧᠨᠧᠷᠢᠩ ᠢ ᠶᠡᠬᠡᠪᠡᠷ ᠬᠡᠷᠡᠭᠵᠢᠭᠦᠯᠵᠦ᠂ ᠰᠢᠮᠧᠨ᠋ᠳᠠᠷ ᠠᠯᠠᠰᠢᠨ ᠦᠬᠡᠷ᠂ ᠬᠠᠷ᠎ᠠ ᠰᠤᠪᠤᠳ ᠤᠨ ᠠᠯᠠᠰᠢᠨ ᠬᠤᠨᠢ᠂ ᠰᠠᠢ ᠨᠦᠸᠧ ᠠᠯᠠᠰᠢᠨ ᠬᠤᠨᠢ ᠵᠡᠷᠭᠡ ᠳᠠᠪᠠᠭᠤᠯᠢᠭ ᠡᠭᠦᠯᠳᠡᠷ ᠢ ᠪᠤᠶᠢᠵᠢᠭᠤᠯᠤᠨ᠂ ᠮᠠᠯ ᠰᠦᠷᠦᠭ ᠤᠨ ᠪᠦᠲᠦᠴᠡ ᠶᠢ ᠰᠢᠯᠢᠳᠡᠭᠵᠢᠭᠦᠯᠬᠦ᠂ ᠲᠡᠵᠢᠭᠡᠨ ᠦᠷᠡᠵᠢᠭᠦᠯᠬᠦ ᠴᠠᠭ ᠤᠨ ᠬᠢᠵᠠᠭᠠᠷ ᠢ ᠪᠣᠭᠤᠨᠢᠰᠬᠠᠬᠤ᠂ ᠲᠡᠵᠢᠭᠡᠨ ᠠᠷᠠᠴᠢᠯᠠᠬᠤ ᠥᠪᠡᠷ ᠤᠨ ᠥᠷᠲᠡᠭ ᠢ ᠪᠠᠭᠤᠷᠠᠭᠤᠯᠬᠤ ᠪᠠᠷ ᠳᠠᠮᠵᠢᠭᠤᠯᠤᠨ᠂ ᠡᠪᠡᠰᠦ ᠪᠡᠯᠴᠢᠭᠡᠷ ᠤᠨ ᠳᠠᠷᠤᠯᠲᠠ ᠶᠢ ᠪᠦᠲᠦᠮᠵᠢᠲᠡᠶ ᠪᠠᠭᠠᠰᠬᠠᠪᠠ᠃       ︽ᠨᠣᠭᠤᠭᠠᠷᠠᠭᠤᠯᠵᠤ ᠪᠠᠶᠠᠵᠢᠬᠤ ᠶᠢ ᠵᠡᠷᠭᠡᠪᠡᠷ ᠬᠥᠭᠵᠢᠭᠦᠯᠬᠦ︾ ᠬᠠᠷᠠᠯᠲᠠ ᠶᠢ ᠪᠡᠶᠡᠯᠡᠭᠦᠯᠬᠦ ᠶᠢᠨ ᠲᠥᠯᠥᠭᠡ᠂ ᠣᠩᠨᠢᠭᠤᠳ ᠬᠤᠰᠢᠭᠤ ︽ᠭᠤᠷᠪᠠᠨ ᠤᠮᠠᠷᠠᠲᠤ︾ ᠶᠢᠨ ᠢᠨᠵᠧᠨᠧᠷᠢᠩ ᠤᠨ ᠵᠢᠷᠭᠤᠳᠤᠭᠠᠷ ᠬᠤᠭᠤᠴᠠᠭᠠᠨ ᠤ ᠴᠢᠬᠤᠯᠠ ᠶᠡᠭᠡ ᠠᠮᠢ ᠠᠬᠤᠢ ᠶᠢᠨ ᠢᠨᠵᠧᠨᠧᠷᠢᠩ ᠤᠨ ᠲᠦᠷᠦᠯ ᠵᠦᠢᠯ ᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠡᠯᠡᠰᠦᠷᠬᠡᠭᠵᠢᠭᠰᠡᠨ ᠨᠤᠲᠤᠭ ᠪᠡᠯᠴᠢᠭᠡᠷ ᠢ ᠵᠠᠰᠠᠵᠤ ᠰᠡᠷᠭᠦᠭᠡᠬᠦ ᠡᠷᠴᠢᠮ ᠢᠶᠠᠨ ᠲᠦᠷᠭᠡᠳᠬᠡᠵᠦ᠂ ᠨᠣᠭᠤᠭᠠᠨ ᠳᠠᠷᠤᠰᠢ ᠶᠢᠨ ᠡᠷᠳᠡᠨᠢ ᠰᠢᠰᠢ᠂ ᠴᠠᠷᠭᠠᠰᠤ ᠵᠡᠷᠭᠡ ᠴᠢᠨᠠᠷ ᠰᠠᠶᠢᠲᠠᠢ ᠲᠡᠵᠢᠭᠡᠯ ᠡᠪᠡᠰᠦ ᠳᠠᠷᠢᠬᠤ ᠶᠢ ᠴᠢᠩᠭᠠᠳᠬᠠᠵᠤ᠂ ᠬᠠᠷᠭᠠᠨ᠎ᠠ ᠶᠢᠨ ᠪᠤᠲᠠ ᠮᠣᠳᠣᠨ ᠤ ᠪᠡᠯᠴᠢᠭᠡᠷ ᠤᠨ ᠵᠠᠭᠪᠤᠷ ᠢ ᠶᠡᠬᠡᠪᠡᠷ ᠳᠡᠯᠭᠡᠷᠡᠭᠦᠯᠵᠦ᠂ ᠲᠡᠵᠢᠭᠡᠯ ᠡᠪᠡᠰᠦ ᠪᠣᠷᠳᠣᠭᠠᠨ ᠤ ᠲᠣᠭᠲᠠᠭᠤᠨ ᠢᠶᠠᠷ ᠬᠠᠩᠭᠠᠬᠤ ᠶᠢ ᠪᠠᠲᠤᠯᠠᠪᠠ᠃ ᠡᠭᠦᠨ ᠤ ᠬᠠᠮᠲᠤ᠂ ᠡᠯ᠎ᠡ ᠭᠠᠵᠠᠷ ᠤᠨ ᠬᠢᠨ ᠪᠠᠰᠠ ︽ᠡᠪᠡᠰᠦ ᠮᠠᠯ᠂ ᠬᠥᠮᠦᠨ︾ ᠭᠡᠬᠦ ᠭᠤᠷᠪᠠᠨ ᠵᠠᠩᠭᠢᠯᠠᠭ᠎ᠠ ᠶᠢᠨ ᠲᠣᠭᠤᠷᠢᠨ ᠳᠤ᠂ ᠡᠯ᠎ᠡ ᠲᠥᠷᠥᠯ ᠤᠨ ᠨᠡᠶᠢᠭᠡᠮᠴᠢᠯᠡᠭᠰᠡᠨ ᠦᠢᠯᠡᠴᠢᠯᠡᠭᠡᠨ ᠤ ᠵᠣᠬᠢᠶᠠᠨ ᠪᠠᠶᠢᠭᠤᠯᠤᠯᠲᠠ ᠳᠤ ᠲᠦᠰᠢᠭᠯᠡᠨ᠂ ᠮᠠᠯ ᠠᠵᠤ ᠠᠬᠤᠶ ᠶᠢᠨ ᠦᠢᠯᠡᠴᠢᠯᠡᠭᠡ ᠶᠢ ᠴᠢᠩᠭᠠᠳᠬᠠᠵᠤ᠂ ᠡᠭᠦᠯᠳᠡᠷ ᠰᠠᠶᠢᠵᠢᠷᠠᠭᠤᠯᠬᠤ᠂ ᠬᠢᠵᠢᠭ ᠡᠪᠡᠳᠴᠢᠨ ᠢ ᠰᠡᠷᠭᠡᠶᠢᠯᠡᠨ ᠡᠵᠡᠮᠳᠡᠬᠦ᠂ ᠪᠠᠷᠢᠮᠵᠢᠶᠠᠵᠢᠭᠤᠯᠤᠨ ᠲᠡᠵᠢᠭᠡᠬᠦ ᠪᠠ ᠰᠢᠨᠵᠢᠯᠡᠬᠦ ᠤᠬᠠᠭᠠᠨᠴᠢ ᠪᠠᠷ ᠬᠠᠮᠢᠶᠠᠷᠬᠤ ᠴᠢᠳᠠᠪᠤᠷᠢ ᠶᠢ ᠪᠥᠬᠦ ᠲᠠᠯ᠎ᠠ ᠪᠠᠷ ᠳᠡᠭᠡᠭᠰᠢᠯᠡᠭᠦᠯᠵᠦ᠂ ᠮᠠᠯ ᠠᠵᠤ ᠠᠬᠤᠶ ᠶᠢᠨ ᠦᠢᠯᠡᠳᠪᠦᠷᠢᠯᠡᠯ ᠬᠢᠭᠡᠳ ᠨᠤᠲᠤᠭ ᠪᠡᠯᠴᠢᠭᠡᠷ ᠤᠨ ᠠᠮᠢ ᠠᠬᠤᠶ ᠶᠢᠨ ᠪᠥᠲᠥᠭᠡᠨ ᠪᠠᠶᠢᠭᠤᠯᠤᠯᠲᠠ ᠶᠢᠨ ︽ᠬᠤᠣᠰ ᠠᠮᠵᠢᠯᠲᠠ︾ ᠶᠢ ᠪᠡᠶᠡᠯᠡᠭᠦᠯᠪᠡ᠃
 
ᠢᠷᠡᠯᠲᠡ᠄ ᠣᠩᠨᠢᠭᠤᠳ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号